ᠮᠠᠨ ᠤ᠋ ᠤᠯᠤᠰ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠵᠠᠷᠴᠢᠮ ᠢ᠋ ᠨᠡᠢᠳᠡᠯᠡᠪᠡ
2019.06.27

 

     ᠰᠢᠨᠬᠤᠸᠠ ᠬᠣᠷᠢᠶᠠᠨ ᠤ᠋ ᠪᠡᠭᠡᠵᠢᠩ ᠦ᠋ᠨ 6 ᠰᠠᠷ᠎ᠠ ᠶ᠋ᠢᠨ 17  ᠤ᠋ ᠴᠠᠬᠢᠯᠭᠠᠨ ᠮᠡᠳᠡᠭᠡ ᠡᠴᠡ (ᠰᠤᠷᠪᠤᠯᠵᠢᠯᠠᠭᠴᠢ ᠬᠤ᠌ ᠵᠸ) 17 ᠤ᠋ ᠡᠳᠦᠷ᠂ ᠤᠯᠤᠰ ᠤ᠋ᠨ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠲᠤᠰᠭᠠᠢ ᠵᠥᠪᠯᠡᠯ《ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠵᠠᠷᠴᠢᠮ | ᠬᠠᠷᠢᠭᠤᠴᠠᠯᠭ᠎ᠠ ᠲᠠᠢ ᠵᠣᠬᠢᠶᠠᠮᠠᠯ ᠣᠶᠤᠨ ᠴᠢᠳᠠᠪᠦᠷᠢ ᠶ᠋ᠢ ᠬᠥᠭᠵᠢᠭᠦᠯᠦᠨ᠎ᠡ》 ᠶ᠋ᠢ ᠨᠡᠢᠳᠡᠯᠡᠵᠤ᠂ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠪᠣᠷᠤ ᠲᠥᠯᠦᠪ ᠪᠠ ᠠᠵᠢᠯᠯᠠᠭᠠᠨ ᠤ᠋ ᠵᠦᠭᠯᠡᠭᠦᠷ ᠢ᠋ ᠳᠤᠷᠠᠳᠪᠠ᠃

      ᠴᠢᠩᠬᠤᠸᠠ ᠶᠡᠬᠡ ᠰᠤᠷᠭᠠᠭᠤᠯᠢ ᠶ᠋ᠢᠨ ᠰᠤ᠌ ᠱᠢ ᠮᠢᠨ ᠪᠢᠴᠢᠭ ᠤ᠋ᠨ ᠬᠦᠷᠢᠶᠡᠯᠡᠩ ᠦ᠋ᠨ ᠵᠠᠬᠢᠷᠤᠯ᠂ ᠤᠯᠤᠰ ᠤ᠋ᠨ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠲᠤᠰᠭᠠᠢ ᠵᠥᠪᠯᠡᠯ ᠦ᠋ᠨ ᠡᠷᠬᠢᠯᠡᠭᠴᠢ ᠰᠢᠤᠸᠡᠢ ᠯᠠᠨ ᠤ᠋ ᠲᠠᠨᠢᠯᠴᠠᠭᠤᠯᠬᠤ ᠪᠠᠷ᠂ ᠵᠠᠰᠠᠯᠲᠠ ᠶ᠋ᠢᠨ ᠵᠠᠷᠴᠢᠮ ᠢ᠋ ᠨᠡᠢᠳᠡᠯᠡᠭᠰᠡᠨ ᠤ᠋ ᠵᠣᠷᠢᠯᠭ᠎ᠠ ᠨᠢ ᠵᠣᠬᠢᠶᠠᠮᠠᠯ ᠣᠶᠤᠨ ᠴᠢᠳᠠᠪᠦᠷᠢ ᠶ᠋ᠢᠨ ᠬᠥᠭᠵᠢᠯᠲᠡ ᠪᠣᠯᠤᠨ ᠵᠠᠰᠠᠯᠲᠠ ᠶ᠋ᠢᠨ ᠬᠠᠷᠢᠴᠠᠭ᠎ᠠ ᠶ᠋ᠢ ᠨᠡᠩ ᠰᠠᠢᠨ ᠵᠣᠬᠢᠴᠠᠭᠤᠯᠵᠤ᠂ ᠵᠣᠬᠢᠶᠠᠮᠠᠯ ᠣᠶᠤᠨ ᠴᠢᠳᠠᠪᠦᠷᠢ ᠶ᠋ᠢᠨ ᠠᠮᠤᠷ ᠲᠦᠪᠰᠢᠨ ᠡᠵᠡᠮᠳᠡᠵᠦ ᠪᠣᠯᠬᠤ ᠨᠠᠢᠳᠠᠪᠦᠷᠢᠲᠠᠢ ᠪᠠᠢᠬᠤ ᠶ᠋ᠢ ᠦᠨᠡᠨ ᠬᠦ᠌ ᠪᠠᠲᠤᠯᠠᠵᠤ᠂ ᠠᠵᠤ ᠠᠬᠤᠢ᠂ ᠨᠡᠢᠭᠡᠮ ᠵᠢᠴᠢ ᠠᠮᠢ ᠠᠬᠤᠢ ᠶ᠋ᠢᠨ ᠦᠷᠬᠦᠯᠵᠢᠯᠡᠬᠦ ᠬᠥᠭᠵᠢᠯᠲᠡ ᠶ᠋ᠢ ᠠᠬᠢᠭᠤᠯᠵᠤ᠂ ᠬᠥᠮᠦᠨ ᠲᠥᠷᠦᠯᠭᠢᠲᠡᠨ ᠤ᠋ ᠬᠤᠪᠢ ᠵᠠᠶᠠᠭᠠᠨ ᠤ᠋ ᠬᠠᠮᠲᠤ ᠶ᠋ᠢᠨ ᠴᠣᠭᠴᠠ ᠶ᠋ᠢ ᠬᠠᠮᠲᠤ ᠪᠠᠷ ᠪᠠᠢᠭᠤᠯᠬᠤ ᠶ᠋ᠢᠨ ᠲᠥᠯᠦᠭᠡ ᠶᠤᠮ᠃ ᠵᠠᠰᠠᠯᠲᠠ ᠶ᠋ᠢᠨ ᠵᠠᠷᠴᠢᠮ ᠳ᠋ᠤ᠌ ᠬᠠᠷᠢᠭᠤᠴᠠᠯᠭ᠎ᠠ ᠲᠠᠢ ᠵᠣᠬᠢᠶᠠᠮᠠᠯ ᠣᠶᠤᠨ ᠴᠢᠳᠠᠪᠦᠷᠢ ᠶ᠋ᠢ ᠬᠥᠭᠵᠢᠭᠦᠯᠦᠨ᠎ᠡ ᠭᠡᠬᠦ ᠭᠣᠣᠯ ᠰᠡᠳᠦᠪ ᠢ᠋ ᠳᠣᠪᠤᠢᠯᠭᠠᠵᠤ᠂ ᠡᠶ᠎ᠡ ᠵᠣᠬᠢᠴᠠᠩᠭᠤᠢ ᠨᠥᠬᠦᠷᠰᠡᠭ᠂ ᠡᠷᠬᠡ ᠲᠡᠭᠰᠢ ᠲᠥᠪ ᠭᠣᠣᠯᠴᠢ᠂ ᠪᠠᠭᠲᠠᠭᠠᠮᠵᠢᠲᠠᠢ ᠬᠠᠮᠲᠤ ᠪᠠᠷ ᠡᠳ᠋ᠯᠡᠬᠦ᠂ ᠬᠤᠪᠢ ᠶ᠋ᠢᠨ ᠨᠢᠭᠤᠴᠠ ᠶ᠋ᠢ ᠬᠦᠨᠳᠦᠳᠭᠡᠬᠦ᠂ ᠠᠮᠤᠷ ᠲᠦᠪᠰᠢᠨ ᠡᠵᠡᠮᠳᠡᠵᠦ ᠪᠣᠯᠬᠤ᠂ ᠬᠠᠷᠢᠴᠠᠭᠤᠯᠭ᠎ᠠ ᠶ᠋ᠢ ᠬᠠᠮᠲᠤ ᠪᠠᠷ ᠡᠭᠦᠷᠭᠡᠯᠡᠬᠦ᠂ ᠨᠡᠭᠡᠭᠡᠯᠲᠡᠲᠦ ᠬᠠᠮᠵᠢᠯᠴᠠᠭ᠎ᠠ ᠬᠢᠬᠦ᠂ ᠱᠠᠯᠠᠮᠠᠭᠠᠢ ᠵᠠᠰᠠᠯᠲᠠ ᠵᠡᠷᠭᠡ ᠨᠠᠢ᠍ᠮᠠᠨ ᠵᠦᠢᠯ ᠦ᠋ᠨ ᠵᠠᠷᠴᠢᠮ ᠢ᠋ ᠴᠢᠬᠤᠯᠠᠴᠢᠯᠠᠪᠠ᠃

     ᠣᠢᠷ᠎ᠠ ᠶ᠋ᠢᠨ ᠵᠢᠯ ᠳ᠋ᠤ᠌᠂ ᠵᠣᠬᠢᠶᠠᠮᠠᠯ ᠣᠶᠤᠨ ᠴᠢᠳᠠᠪᠦᠷᠢ ᠦᠳᠲᠡᠷ ᠲᠦᠷᠭᠡᠨ ᠬᠥᠭᠵᠢᠵᠦ᠂ ᠶᠠᠭ ᠬᠥᠮᠦᠨ ᠲᠥᠷᠦᠯᠭᠢᠲᠡᠨ ᠤ᠋ ᠨᠡᠢᠭᠡᠮ ᠠᠮᠢᠳᠤᠷᠠᠯ ᠢ᠋ ᠭᠦᠨᠵᠡᠭᠡᠢ ᠥᠭᠡᠷᠡᠴᠢᠯᠡᠵᠦ᠂ ᠳᠡᠯᠡᠬᠡᠢ ᠳ᠋ᠠᠬᠢᠨ ᠢ᠋ ᠦᠭᠡᠷᠡᠴᠢᠯᠡᠵᠤ ᠪᠠᠢᠨ᠎ᠠ᠃ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠡᠷᠡᠭᠦᠯ ᠬᠥᠭᠵᠢᠯᠲᠡ ᠶ᠋ᠢ ᠠᠬᠢᠭᠤᠯᠵᠤ᠂ ᠵᠣᠬᠢᠶᠠᠮᠠᠯ ᠣᠶᠤᠨ ᠴᠢᠳᠠᠪᠦᠷᠢ ᠶ᠋ᠢᠨ ᠬᠠᠤᠯᠢ ᠴᠠᠭᠠᠵᠠ᠂ ᠶᠣᠰᠤ ᠰᠤᠷᠲᠠᠬᠤᠨ᠂ ᠨᠡᠢᠭᠡᠮ ᠦ᠋ᠨ ᠠᠰᠠᠭᠤᠳᠠᠯ ᠤ᠋ᠨ ᠲᠤᠬᠠᠢ ᠰᠤᠳᠤᠯᠭᠠᠨ ᠢ᠋ ᠴᠢᠩᠭᠠᠳᠭᠠᠵᠤ᠂ ᠵᠣᠬᠢᠶᠠᠮᠠᠯ ᠣᠶᠤᠨ ᠴᠢᠳᠠᠪᠦᠷᠢ ᠶ᠋ᠢᠨ ᠪᠦᠬᠦ ᠪᠥᠮᠪᠦᠷᠴᠡᠭ ᠦ᠋ᠨ ᠵᠠᠰᠠᠯᠲᠠ ᠶ᠋ᠢ ᠢᠳᠡᠪᠬᠢᠲᠡᠢ ᠠᠬᠢᠭᠤᠯᠬᠤ ᠶ᠋ᠢᠨ ᠲᠥᠯᠦᠭᠡ᠂ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠬᠥᠭᠵᠢᠯᠲᠡ ᠶ᠋ᠢᠨ ᠲᠥᠯᠦᠪᠵᠢᠭᠦᠯᠭᠡ ᠶ᠋ᠢ ᠠᠬᠢᠭᠤᠯᠬᠤ ᠠᠯᠪᠠᠨ ᠭᠡᠷ ᠡᠴᠡ ᠤᠯᠤᠰ ᠤ᠋ᠨ ᠰᠢᠨ᠎ᠡ ᠨᠢᠭᠡ ᠦᠶ᠎ᠡ ᠶ᠋ᠢᠨ ᠵᠣᠬᠢᠶᠠᠮᠠᠯ ᠣᠶᠤᠨ ᠴᠢᠳᠠᠪᠦᠷᠢ ᠶ᠋ᠢᠨ ᠵᠠᠰᠠᠯᠲᠠ ᠶ᠋ᠢᠨ ᠲᠤᠰᠭᠠᠢ ᠵᠥᠪᠯᠡᠯ ᠢ᠋ ᠪᠠᠢᠭᠤᠯᠵᠠᠢ᠂ ᠵᠠᠰᠠᠯᠲᠠ ᠶ᠋ᠢᠨ ᠵᠠᠷᠴᠢᠮ ᠢ᠋ ᠲᠤᠭᠤᠷᠪᠢᠨ ᠪᠢᠴᠢᠬᠦ ᠪᠤᠯ ᠲᠤᠰ ᠵᠥᠪᠯᠡᠯ ᠦ᠋ᠨ ᠡᠨᠡ ᠵᠢᠯ ᠦ᠋ᠨ ᠭᠣᠣᠯᠳᠠᠯᠭ᠎ᠠ ᠲᠠᠢ ᠠᠵᠢᠯ ᠪᠣᠯᠤᠨ᠎ᠠ᠃

 

                                                           ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                                                           ᠰᠤᠷᠪᠤᠯᠵᠢᠯᠠᠭᠴᠢ᠄ ᠬᠤ᠌ ᠵᠸ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604