2019 ᠣᠨ ᠤ᠋ ᠲᠣᠮᠤ ᠳ᠋ᠠᠢᠲ᠋ᠠ ᠶ᠋ᠢᠨ ᠰᠢᠨ᠎ᠡ ᠡᠭᠦᠲᠦᠯᠲᠠ ᠶ᠋ᠢᠨ ᠬᠡᠷᠡᠭᠯᠡᠭᠡ ᠪᠠ ᠲᠣᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢᠨ ᠬᠤᠷᠠᠯ ᠤᠯᠠᠭᠠᠨᠴᠠᠪ ᠳ᠋ᠤ᠌ ᠡᠬᠢᠯᠡᠪᠡ
2019.06.28

 

                                                ᠴᠠᠩ ᠵᠢᠶᠦ᠋ᠨ ᠵᠸᠩ ᠶᠠᠷᠢᠶ᠎ᠠ ᠲᠠᠯᠪᠢᠪᠠ

 

  ᠲᠤᠰ ᠰᠣᠨᠢᠨ ᠤ᠋ ᠤᠯᠠᠭᠠᠨᠴᠠᠪ ᠤ᠋ᠨ ᠮᠡᠳᠡᠭᠡ (ᠰᠤᠷᠪᠤᠯᠵᠢᠯᠠᠭᠴᠢ ᠬᠠᠢ ᠵᠢᠶᠦ᠋ᠨ) 6 ᠰᠠᠷ᠎ᠠ ᠶ᠋ᠢᠨ 20 ᠤ᠋ ᠡᠳᠦᠷ᠂ᠤᠯᠤᠰ ᠤ᠋ᠨ ᠲᠣᠮᠤ ᠳ᠋ᠠᠢᠲ᠋ᠠ ᠶ᠋ᠢᠨ ᠪᠠᠢᠯᠳᠤᠬᠤ ᠪᠣᠳᠤᠯᠭ᠎ᠠ ᠶ᠋ᠢ ᠬᠡᠷᠡᠭᠵᠢᠭᠦᠯᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠬᠦᠪᠡᠷ ᠭᠣᠣᠯ ᠰᠡᠳᠦᠪ ᠪᠣᠯᠭᠠᠭᠰᠠᠨ 2019 ᠣᠨ ᠤ᠋ ᠲᠣᠮᠤ ᠳ᠋ᠠᠢᠲ᠋ᠠ ᠶ᠋ᠢᠨ ᠰᠢᠨ᠎ᠡ ᠡᠭᠦᠳᠦᠯᠲᠡ ᠶ᠋ᠢᠨ ᠬᠡᠷᠡᠭᠯᠡᠭᠡ ᠪᠠ ᠲᠣᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢᠨ ᠶᠡᠬᠡ ᠬᠤᠷᠠᠯ ᠤᠯᠠᠭᠠᠨᠴᠠᠪ ᠬᠤᠳᠠ ᠳ᠋ᠤ᠌ ᠡᠬᠢᠯᠡᠪᠡ᠃

  ᠥᠪᠡᠷᠲᠡᠭᠡᠨ ᠵᠠᠰᠠᠬᠤ ᠣᠷᠤᠨ ᠤ᠋ ᠤᠯᠤᠰ ᠲᠥᠷᠦ ᠶ᠋ᠢᠨ ᠵᠥᠪᠯᠡᠯᠭᠡᠨ ᠦ᠌ ᠳᠡᠳ᠋ ᠲᠡᠷᠢᠭᠦᠯᠡᠭᠴᠢ ᠴᠠᠩ ᠵᠢᠶᠦ᠋ᠨ ᠵᠸᠩ ᠬᠤᠷᠠᠯ ᠳ᠋ᠤ᠌ ᠣᠷᠤᠯᠴᠠᠵᠤ ᠶᠠᠷᠢᠶ᠎ᠠ ᠲᠠᠯᠪᠢᠪᠠ᠃

  ᠴᠠᠩ ᠵᠢᠶᠦ᠋ᠨ ᠵᠸᠩ᠂ ᠰᠢᠨ᠎ᠡ ᠴᠠᠭ ᠦᠶ᠎ᠡ ᠳ᠋ᠦ᠍ ᠣᠷᠤᠭᠰᠠᠨ ᠤ᠋ ᠳᠠᠷᠠᠭ᠎ᠠ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠤᠨ ᠠ᠋ᠴᠠ ᠤᠯᠤᠰ ᠤ᠋ᠨ ᠲᠣᠮᠤ ᠳ᠋ᠠᠢᠲ᠋ᠠ ᠶ᠋ᠢᠨ ᠪᠠᠢᠯᠳᠤᠬᠤ ᠪᠣᠳᠤᠯᠭ᠎ᠠ ᠶ᠋ᠢ ᠭᠤᠢᠪᠢᠰᠢ ᠦᠭᠡᠢ ᠲᠣᠭᠤᠰᠢᠯᠠᠭᠤᠯᠤᠨ ᠨᠠᠢᠲᠠᠪᠤᠷᠢᠵᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠶ᠋ᠢᠨ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ ᠶ᠋ᠢ ᠬᠦᠴᠦᠯᠡᠨ ᠡᠵᠡᠮᠰᠢᠵᠦ᠂ ᠥᠪᠦᠷ ᠮᠣᠩᠭᠤᠯ ᠳ᠋ᠡᠬᠢ ᠤᠯᠤᠰ ᠤ᠋ᠨ ᠲᠣᠮᠤ ᠳ᠋ᠠᠢᠲ᠋ᠠ ᠶ᠋ᠢᠨ ᠶᠡᠷᠦᠩᠬᠡᠢᠯᠡᠭᠰᠡᠨ ᠲᠤᠷᠰᠢᠯᠲᠠ ᠶ᠋ᠢᠨ ᠣᠷᠤᠨ ᠤ᠋ ᠪᠦᠲᠦᠭᠡᠨ ᠪᠠᠢᠭᠤᠯᠤᠯᠲᠠ ᠪᠠᠷ ᠭᠠᠷᠳᠠᠴᠠ ᠪᠣᠯᠭᠠᠨ᠂ ᠲᠣᠮᠤ ᠳ᠋ᠠᠢᠲ᠋ᠠ ᠶ᠋ᠢᠨ ᠠᠵᠤ ᠦᠢᠯᠡᠰ ᠢ᠋ ᠬᠥᠭᠵᠢᠭᠦᠯᠬᠦ ᠶ᠋ᠢ ᠠᠵᠤ ᠦᠢᠯᠡᠰ ᠦ᠋ᠨ ᠪᠦᠲᠦᠴᠡ ᠶ᠋ᠢ ᠰᠢᠯᠢᠳᠡᠭᠵᠢᠭᠦᠯᠬᠦ᠂ ᠬᠦᠭᠵᠢᠯᠲᠠ ᠶ᠋ᠢᠨ ᠬᠡᠯᠪᠡᠷᠢ ᠶ᠋ᠢ ᠬᠤᠪᠢᠷᠠᠭᠤᠯᠬᠤ᠂ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠶ᠋ᠢᠨ ᠴᠢᠬᠤᠯᠠ ᠶᠡᠬᠡ ᠪᠠᠢᠯᠳᠤᠬᠤ ᠪᠣᠳᠤᠯᠭ᠎ᠠ ᠶ᠋ᠢᠨ ᠠᠷᠭ᠎ᠠ ᠬᠡᠯᠪᠡᠷᠢ ᠪᠣᠯᠭᠠᠨ᠂ ᠲᠣᠭᠠᠴᠢᠯᠠᠭᠰᠠᠨ ᠥᠪᠦᠷ ᠮᠣᠩᠭᠤᠯ᠂ ᠣᠶᠤᠨᠴᠢ ᠥᠪᠦᠷ ᠮᠣᠩᠭᠤᠯ ᠤ᠋ᠨ ᠪᠦᠲᠦᠭᠡᠨ ᠪᠠᠢᠭᠤᠯᠤᠯᠲᠠ ᠶ᠋ᠢᠨ ᠠᠯᠬᠤᠴᠠ ᠶ᠋ᠢ ᠲᠦᠷᠭᠡᠳᠭᠡᠨ᠎ᠡ ᠭᠡᠵᠦ ᠢᠯᠡᠷᠬᠡᠢᠯᠡᠵᠡᠢ᠃

  ᠲᠤᠰ ᠤᠳᠠᠭᠠᠨ ᠤ᠋ ᠬᠤᠷᠠᠯ ᠢ᠋ ᠳᠤᠮᠳᠠᠳᠤ ᠤᠯᠤᠰ ᠤ᠋ᠨ ᠵᠥᠭᠡᠯᠡᠨ ᠲᠣᠨᠤᠭ ᠤ᠋ᠨ ᠠᠵᠢᠯ ᠲᠥᠷᠦᠯ ᠦ᠋ᠨ ᠬᠢᠨ ᠦ᠌ ᠨᠡᠢᠭᠡᠮᠯᠢᠭ᠂ ᠤᠯᠤᠰ ᠤ᠋ᠨ ᠭᠠᠵᠠᠷ ᠵᠦᠢ ᠶ᠋ᠢᠨ ᠣᠷᠤᠨ ᠵᠠᠢ ᠶ᠋ᠢᠨ ᠮᠡᠳᠡᠭᠡ ᠵᠠᠩᠭᠢ ᠶ᠋ᠢᠨ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠭᠣᠣᠯᠯᠠᠨ ᠡᠷᠬᠢᠯᠡᠵᠡᠢ᠃ ᠶᠡᠬᠡ ᠬᠤᠷᠠᠯ ᠳᠡᠭᠡᠷ᠎ᠡ ᠯᠢᠦ ᠵᠢᠩ ᠨᠠᠨ ᠵᠡᠷᠭᠡ ᠳᠤᠮᠳᠠᠳᠤ ᠤᠯᠤᠰ ᠤ᠋ᠨ ᠢᠨᠵᠢᠨᠧᠷᠢᠩ ᠤ᠋ᠨ ᠬᠦᠷᠢᠶᠡᠯᠡᠩ ᠦ᠋ᠨ 6 ᠠᠺᠠᠳᠧᠮᠢᠴᠢ ᠵᠢᠴᠢ ᠠᠵᠢᠯ ᠲᠥᠷᠦᠯ ᠦ᠋ᠨ ᠬᠢᠨ ᠦ᠌ ᠰᠣᠳᠤᠴᠤᠤᠯ ᠢ᠋ ᠤᠷᠢᠵᠤ ᠶᠠᠷᠢᠶ᠎ᠠ ᠢᠯᠡᠳᠭᠡᠯ ᠬᠢᠯᠭᠡᠪᠡ;3 ᠲᠠᠯᠠᠪᠠᠢ ᠲᠣᠮᠤ ᠳ᠋ᠠᠢᠲ᠋ᠠ ᠶ᠋ᠢᠨ ᠬᠡᠷᠡᠭᠯᠡᠭᠡᠨ ᠦ᠌ ᠲᠦᠷᠥᠭᠦᠴᠦᠳ ᠦ᠋ᠨ ᠶᠠᠷᠢᠶᠠᠨ ᠤ᠋ ᠲᠠᠪᠴᠠᠩ ᠢ᠋ ᠡᠷᠬᠢᠯᠡᠨ ᠶᠠᠪᠤᠭᠳᠠᠭᠤᠯᠵᠠᠢ; ᠶᠡᠬᠡ ᠬᠤᠷᠠᠯ ᠳᠡᠭᠡᠷ᠎ᠡ ᠤᠯᠠᠭᠠᠨᠴᠠᠪ ᠬᠣᠲᠠ ᠶ᠋ᠢᠨ ᠵᠠᠰᠠᠭ ᠤ᠋ᠨ ᠣᠷᠳᠤᠨ ᠷᠤᠸᠠᠨ ᠲᠦᠩ ᡁᠢ ᠡᡁᠦ᠋ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠬᠢᠵᠠᠭᠠᠷᠲᠦ ᠺᠣᠮᠫᠠᠨᠢ ᠵᠡᠷᠭᠡ ᠤᠯᠤᠰ ᠤ᠋ᠨ ᠲᠣᠲᠤᠨ᠎ᠠ ᠭᠠᠳᠠᠨᠠᠬᠢ ᠲᠣᠮᠤ ᠳ᠋ᠠᠢᠲ᠋ᠠ ᠶ᠋ᠢᠨ 7 ᠰᠣᠳᠤᠨ ᠠᠵᠤ ᠠᠬᠤᠢᠯᠠᠯ ᠲᠠᠢ ᠬᠠᠮᠲᠤᠷᠠᠯᠴᠠᠭᠠᠨ ᠤ᠋ ᠬᠡᠯᠡᠯᠴᠡᠭᠡᠷ ᠲᠣᠭᠲᠠᠪᠠ; ᠬᠤᠷᠠᠯ ᠳᠡᠭᠡᠷ᠎ᠡ ᠪᠠᠰᠠᠲᠣᠮᠤ ᠳ᠋ᠠᠢᠲ᠋ᠠ ᠶ᠋ᠢᠨ ᠵᠠᠭᠤᠨ ᠬᠥᠮᠦᠨ ᠦ᠌ ᠨᠡᠢᠭᠡᠮᠯᠢᠭᠢ᠋ ᠡᠭᠦᠰᠭᠡᠨ ᠪᠠᠢᠭᠤᠯᠵᠤ᠂ ᠳᠤᠮᠳᠠᠳᠤ ᠤᠯᠤᠰ ᠤ᠋ᠨ IT ᠰᠢᠯᠵᠢᠮᠡᠯ ᠬᠣᠯᠪᠤᠭᠠᠨ ᠤ᠋ ᠣᠶᠤᠨ ᠤ᠋ ᠬᠥᠮᠦᠷᠭᠡ (ᠤᠯᠠᠭᠠᠨᠴᠠᠪ)  ᠶ᠋ᠢᠨ ᠲᠤᠰᠭᠠᠢ ᠮᠡᠷᠭᠡᠵᠢᠯᠲᠡᠨ ᠦ᠌ ᠪᠠᠢᠴᠠᠭᠠᠨ ᠰᠤᠳᠤᠯᠤᠯᠲᠠ ᠶ᠋ᠢᠨ ᠰᠠᠭᠤᠷᠢᠨ ᠭᠠᠵᠠᠷ ᠤ᠋ᠨ ᠡᠷᠦᠬᠡ ᠰᠡᠬᠦᠬᠦ ᠶᠣᠰᠤᠯᠠᠯ ᠶᠠᠪᠤᠭᠳᠠᠭᠤᠯᠵᠠᠢ᠃

               

                                                                ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                                                                             ᠰᠤᠷᠪᠤᠯᠵᠢᠯᠠᠭᠴᠢ᠄  ᠬᠠᠢ ᠵᠢᠶᠦ᠋ᠨ

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604