ᠳᠤᠮᠲᠠᠲᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠦᠨᠡᠲᠦ ᠨᠣᠮ ᠰᠤᠳᠤᠷ ᠵᠢᠴᠢ ᠬᠠᠮᠠᠭᠠᠯᠠᠯᠲᠠ ᠶ᠋ᠢᠨ ᠦᠷ᠎ᠡ ᠪᠦᠲᠦᠮᠵᠢ ᠶ᠋ᠢᠨ ᠦᠵᠡᠭᠦᠯᠭᠡ ᠬᠥᠬᠡᠬᠣᠲᠠ ᠳ᠋ᠤ᠌ ᠶᠠᠪᠤᠭᠳᠠᠪᠠ
2019.07.25

    ᠭᠦᠸᠸ ᠸᠸᠢ ᠫᠢᠩ ᠪᠤᠤ ᠭᠠᠩ ᠡᠬᠢᠯᠡᠯᠲᠡ ᠶ᠋ᠢᠨ ᠶᠣᠰᠣᠯᠠᠯ ᠳ᠋ᠤ᠌ ᠣᠷᠤᠯᠴᠠᠵᠠᠢ

 

  ᠲᠤᠰ ᠰᠣᠨᠢᠨ ᠤ᠋ ᠮᠡᠳᠡᠭᠡ (ᠰᠤᠷᠪᠤᠯᠵᠢᠯᠠᠭᠴᠢ ᠰ᠌ᠦ ᠶᠦᠩ ᠱᠸᠩ) 7 ᠰᠠᠷ᠎ᠠ ᠶ᠋ᠢᠨ 5 ᠤ᠋ ᠡᠳᠦᠷ᠂ᠦᠨᠳᠦᠰᠦᠲᠡᠨ ᠤ᠋ ᠨᠠᠨᠳᠢᠨ ᠥᠪ ᠪᠢᠴᠢᠭ ᠦ᠋ᠨ ᠰᠤᠷᠪᠤᠯᠵᠢᠲᠤ ᠳᠤᠮᠳᠠᠲᠤ ᠤᠯᠤᠰ|ᠳᠤᠮᠲᠠᠲᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠦᠨᠡᠲᠤ ᠨᠣᠮ ᠰᠤᠳᠤᠷ ᠵᠢᠴᠢ ᠬᠠᠮᠠᠭᠠᠯᠠᠯᠲᠠ ᠶ᠋ᠢᠨ ᠦᠷ᠎ᠡ ᠪᠦᠲᠦᠮᠵᠢ ᠶ᠋ᠢᠨ ᠪᠦᠬᠦ ᠤᠯᠤᠰ ᠤ᠋ᠨ ᠦᠵᠡᠭᠦᠯᠭᠡ (ᠥᠪᠦᠷ ᠮᠣᠩᠭᠤᠯ ᠤ᠋ᠨ ᠥᠷᠲᠡᠭᠡ) ᠥᠪᠦᠷ ᠮᠣᠩᠭᠤᠯ ᠤ᠋ᠨ ᠤᠷᠠᠨ ᠵᠢᠷᠤᠭ ᠤ᠋ᠨ ᠣᠷᠳᠤᠨ ᠳ᠋ᠤ᠌ ᠶᠠᠪᠤᠭᠳᠠᠵᠠᠢ᠃

  ᠤᠯᠤᠰ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠦ᠋ᠨ ᠳᠡᠳ᠋ ᠡᠷᠬᠢᠯᠡᠭᠴᠢ ᠭᠦᠸᠸ ᠸᠸᠢ ᠫᠢᠩ᠂ ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠪᠤᠤ ᠭᠠᠩ ᠡᠬᠢᠯᠡᠯᠲᠡ ᠶ᠋ᠢᠨ ᠶᠣᠰᠣᠯᠠᠯ ᠳ᠋ᠤ᠌ ᠣᠷᠤᠯᠴᠠᠵᠠᠢ᠃

  ᠲᠤᠰ ᠤᠳᠠᠭᠠᠨ ᠤ᠋ ᠦᠵᠡᠭᠦᠯᠭᠡ ᠶ᠋ᠢ ᠤᠯᠤᠰ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠦ᠋ᠨ ᠪᠦᠬᠦ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠢ᠋ ᠡᠮᠬᠢᠳᠭᠡᠨ ᠰᠤᠳᠤᠯᠬᠤ ᠲᠠᠰᠤᠭ ᠠ᠋ᠴᠠ ᠭᠣᠣᠯᠯᠠᠨ ᠡᠷᠬᠢᠯᠡᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠤᠨ ᠤ᠋ ᠰᠣᠶᠤᠯ ᠪᠠ ᠵᠢᠭᠤᠯᠴᠢᠯᠠᠯ ᠤ᠋ᠨ ᠲᠢᠩᠬᠢᠮ᠂ ᠥᠪᠦᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠥᠪᠦᠷ ᠮᠣᠩᠭᠤᠯ ᠤ᠋ᠨ ᠶᠡᠬᠡ ᠰᠤᠷᠭᠠᠭᠤᠯᠢ ᠵᠡᠷᠭᠡ ᠪᠠᠢᠭᠤᠯᠭ᠎ᠠ ᠳᠠᠭᠠᠭᠠᠴᠢᠯᠠᠨ ᠡᠷᠬᠢᠯᠡᠪᠡ᠃ ᠦᠵᠡᠭᠦᠯᠭᠡ ᠨᠢ ᠨᠡᠢᠲᠡᠦᠨᠳᠦᠰᠦᠲᠡᠨ ᠤ᠋ ᠨᠠᠨᠳᠢᠨ ᠥᠪ|ᠳᠤᠮᠳᠠᠲᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠤ᠋ᠨ ᠲᠣᠢᠮᠤ ᠪᠠᠢᠳᠠᠯᠲᠠᠯ᠎ᠠ ᠨᠤᠲᠤᠭ ᠤ᠋ᠨ ᠳᠤᠷᠠᠰᠤᠮᠵᠢ|ᠮᠣᠩᠭᠤᠯ ᠦᠨᠳᠦᠰᠦᠲᠡᠨ ᠤ᠋ ᠡᠷᠲᠡᠨ ᠤ᠋ ᠨᠣᠮ ᠰᠤᠳᠤᠷᠭᠠᠯ ᠭᠣᠯᠤᠮᠲᠠ ᠶ᠋ᠢᠨ ᠵᠠᠯᠭᠠᠮᠵᠢ|ᠳᠤᠮᠳᠠᠲᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠢ᠋ ᠬᠠᠮᠠᠭᠠᠯᠠᠨ ᠤᠯᠠᠮᠵᠢᠯᠠᠭᠰᠠᠨᠪᠢᠴᠢᠭ ᠤ᠋ᠨ ᠰᠤᠷᠪᠤᠯᠵᠢᠯᠲᠤ ᠳᠤᠮᠳᠠᠳᠤ ᠤᠯᠤᠰ|ᠳᠤᠮᠳᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠢ᠋ ᠡᠮᠬᠢᠳᠭᠡᠨ ᠬᠡᠪᠯᠡᠭᠰᠡᠨᠵᠡᠷᠭᠡ 4 ᠬᠡᠰᠡᠭ ᠢ᠋ᠶ᠋ᠡᠷ ᠪᠦᠷᠢᠯᠳᠦᠵᠤ᠂ ᠣᠳᠣᠬᠠᠨ ᠳ᠋ᠤ᠌ ᠦᠯᠡᠳᠡᠭᠳᠡᠵᠤ ᠪᠠᠢᠭ᠎ᠠ 60 ᠰᠢᠬᠠᠮ ᠲᠥᠯᠦᠭᠡᠯᠡᠭᠴᠢ ᠴᠢᠨᠠᠷᠲᠠᠢ ᠪᠤᠶᠤ ᠡᠯ᠎ᠡ ᠴᠦ᠋ᠬᠡᠨ ᠲᠣᠭᠠᠲᠤ ᠦᠨᠳᠦᠰᠦᠲᠡᠨ ᠤ᠋ ᠴᠢᠬᠤᠯᠠ ᠰᠤᠷᠪᠤᠯᠵᠢ ᠪᠢᠴᠢᠭ ᠤ᠋ᠨ ᠦᠨ᠎ᠡ ᠦᠷᠳᠡᠭ ᠲᠠᠢ ᠡᠷᠲᠡᠨ ᠤ᠋ ᠨᠣᠮ ᠰᠤᠳᠤᠷ ᠤ᠋ᠨ ᠤᠤᠯ ᠬᠡᠪ ᠵᠢᠴᠢ ᠡᠯ᠎ᠡ ᠮᠤᠵᠢ ᠬᠤᠳᠠ ᠥᠪᠡᠷᠲᠡᠭᠡᠨ ᠵᠠᠰᠠᠬᠤ ᠣᠷᠤᠨ ᠤ᠋ 30 ᠭᠠᠷᠤᠢ ᠵᠢᠯ ᠤ᠋ᠨ ᠲᠤᠷᠰᠢ ᠡᠮᠬᠢᠳᠭᠡᠨ ᠬᠡᠪᠯᠡᠭᠦᠯᠦᠭᠰᠡᠨ 2000 ᠭᠠᠷᠤᠢ ᠴᠢᠬᠤᠯᠠ ᠨᠥᠯᠦᠭᠡ ᠪᠠ ᠡᠷᠳᠡᠮ ᠰᠢᠨᠵᠢᠯᠡᠭᠡᠨ ᠤ᠋ ᠦᠨ᠎ᠡ ᠦᠷᠳᠡᠭ ᠲᠠᠢ ᠡᠷᠲᠡᠨ ᠤ᠋ ᠨᠣᠮ ᠰᠤᠳᠤᠷ ᠤ᠋ᠨ ᠬᠠᠮᠠᠭᠠᠯᠠᠯᠲᠠ ᠶ᠋ᠢᠨ ᠦᠷ᠎ᠡ ᠪᠦᠲᠦᠭᠡᠯ ᠢ᠋ ᠳᠡᠯᠭᠡᠨ ᠦᠵᠡᠭᠦᠯᠵᠡᠢ᠃ ᠦᠵᠡᠭᠦᠯᠭᠡ ᠨᠢ ᠥᠪᠦᠷ ᠮᠣᠩᠭᠤᠯ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠤ᠋ᠨ ᠠᠵᠢᠯ ᠤ᠋ᠨ ᠣᠨᠴᠠᠯᠢᠭ ᠲᠠᠢ ᠤᠶᠠᠯᠳᠤᠭᠤᠯᠵᠤ᠂ ᠪᠦᠬᠦ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠨᠣᠮ ᠰᠤᠳᠤᠷ ᠤ᠋ᠨ ᠠᠵᠢᠯ ᠤ᠋ᠨ ᠣᠯᠤᠭᠰᠠᠨ ᠳᠣᠪᠤᠢᠮ᠎ᠠ ᠠᠮᠵᠢᠯᠲᠠ ᠶ᠋ᠢ ᠭᠦᠢᠴᠡᠳ ᠢᠯᠡᠷᠡᠭᠦᠯᠪᠡ᠃ ᠲᠤᠰ ᠦᠵᠡᠭᠦᠯᠭᠡ 7 ᠰᠠᠷ᠎ᠠ ᠶ᠋ᠢᠨ 15 ᠤ᠋ ᠡᠳᠦᠷ ᠪᠣᠯᠲᠠᠯ᠎ᠠ ᠶᠠᠪᠤᠭᠳᠠᠨ᠎ᠠ᠃

  ᠣᠢᠯᠠᠭᠠᠭᠰᠠᠨ ᠢ᠋ᠶ᠋ᠠᠷ᠂ᠦᠨᠳᠦᠰᠦᠲᠡᠨ ᠤ᠋ ᠨᠠᠨᠳᠢᠨ ᠥᠪ ᠪᠢᠴᠢᠭ ᠦ᠋ᠨ ᠰᠤᠷᠪᠤᠯᠵᠢᠲᠤ ᠳᠤᠮᠳᠠᠲᠤ ᠤᠯᠤᠰ|ᠳᠤᠮᠲᠠᠳᠤ ᠤᠯᠤᠰ ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠡᠷᠲᠡᠨ ᠤ᠋ ᠦᠨᠡᠲᠦ ᠨᠣᠮ ᠰᠤᠳᠤᠷ ᠵᠢᠴᠢ ᠬᠠᠮᠠᠭᠠᠯᠠᠯᠲᠠ ᠶ᠋ᠢᠨ ᠦᠷ᠎ᠡ ᠪᠦᠲᠦᠮᠵᠢ ᠶ᠋ᠢᠨ ᠪᠦᠬᠦ ᠤᠯᠤᠰ ᠤ᠋ᠨ ᠦᠵᠡᠭᠦᠯᠭᠡ 2016 ᠣᠨ ᠠ᠋ᠴᠠ ᠡᠬᠢᠯᠡᠨ᠂ ᠤᠷᠢᠳ ᠬᠣᠵᠢᠳ ᠭᠤᠸᠠᠩᠰᠢ ᠶ᠋ᠢᠨ ᠨᠠᠨᠨᠢᠩ᠂ ᠰᠢᠨᠵᠢᠶᠠᠩ ᠤ᠋ᠨ ᠦᠷᠦᠮᠴᠢ᠂ ᠶᠦᠨᠨᠠᠨ ᠤ᠋ ᠺᠦᠨᠮᠢᠩ᠂ ᠪᠡᠭᠡᠵᠢᠩ ᠦ᠋ᠨ ᠤᠯᠤᠰ ᠤ᠋ᠨ ᠮᠦᠽᠸᠢ ᠶ᠋ᠢᠨ ᠣᠷᠳᠤᠨ᠂ ᠶᠦᠨᠨᠠᠨ ᠤ᠋ ᠯᠢᠵᠢᠶᠠᠩ᠂ ᠰᠧᠴᠤᠸᠠᠨ ᠤ᠋ ᠴᠸᠩᠳᠦ᠋ ᠵᠡᠷᠭᠡ ᠭᠠᠵᠠᠷ ᠲᠤ᠌ ᠶᠠᠪᠤᠭᠳᠠᠵᠤ ᠪᠠᠢᠪᠠ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠰ᠌ᠦ ᠶᠦᠩ ᠱᠸᠩ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604