《ᠰᠢᠨ᠎ᠡ ᠳᠤᠮᠳᠠᠲᠤ ᠤᠯᠤᠰ ᠤ᠋ᠨ ᠬᠥᠭᠵᠢᠯᠲᠡ ᠶ᠋ᠢ ᠣᠢᠯᠠᠭᠠᠬᠤᠢ》ᠭᠡᠬᠦ ᠨᠣᠮ ᠬᠡᠪᠯᠡᠭᠳᠡᠪᠡ
2019.07.25

  ᠰᠢᠨᠬᠤᠸᠠ ᠬᠣᠷᠢᠶᠠᠨ ᠤ᠋ ᠪᠡᠭᠡᠵᠢᠩ ᠦ᠋ᠨ 7 ᠰᠠᠷ᠎ᠠ ᠶ᠋ᠢᠨ 15 ᠤ᠋ ᠴᠠᠬᠢᠯᠭᠠᠨ ᠮᠡᠳᠡᠭᠡ ᠪᠦᠭᠦᠲᠡ ᠨᠠᠢᠷᠠᠮᠳᠠᠬᠤ ᠳᠤᠮᠳᠠᠲᠦ ᠠᠷᠠᠳ ᠤᠯᠤᠰ ᠪᠠᠢᠭᠤᠯᠤᠭᠳᠠᠭᠰᠠᠨ 70 ᠵᠢᠯ ᠤ᠋ᠨ ᠤᠢ ᠶ᠋ᠢ ᠪᠡᠯᠭᠡᠯᠡᠬᠦ ᠶ᠋ᠢᠨ ᠲᠥᠯᠦᠭᠡ᠂ ᠲᠥᠪ ᠦ᠋ᠨ ᠤᠬᠠᠭᠤᠯᠬᠤ ᠬᠡᠯᠲᠡᠰ ᠦ᠋ᠨ ᠣᠨᠤᠯ ᠤ᠋ᠨ ᠲᠣᠪᠴᠢᠶ᠎ᠠ 2019 ᠣᠨ ᠤ᠋ ᠬᠢᠯᠪᠠᠷ ᠣᠢᠯᠠᠭᠠᠮᠵᠢᠲᠠᠢ ᠣᠨᠤᠯ ᠤ᠋ᠨ ᠤᠩᠰᠢᠬᠤ ᠪᠢᠴᠢᠭᠰᠢᠨ᠎ᠡ ᠳᠤᠮᠳᠠᠳᠤ ᠤᠯᠤᠰ ᠤ᠋ᠨ ᠬᠥᠭᠵᠢᠯᠲᠡ ᠶ᠋ᠢᠨ ᠣᠢᠯᠠᠭᠠᠬᠤᠢ ᠶ᠋ᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠪᠡ᠃ ᠣᠳᠣᠬᠠᠨ ᠳ᠋ᠤ᠌ ᠲᠤᠰ ᠨᠣᠮ ᠢ᠋ ᠰᠤᠷᠤᠯᠴᠠᠯᠭ᠎ᠠ ᠬᠡᠪᠯᠡᠯ ᠦ᠋ᠨ ᠬᠣᠷᠢᠶ᠎ᠠ᠂ ᠠᠷᠠᠳ ᠤ᠋ᠨ ᠬᠡᠪᠯᠡᠯ ᠦ᠋ᠨ ᠬᠣᠷᠢᠶ᠎ᠠ ᠠ᠋ᠴᠠ ᠬᠠᠮᠲᠤᠷᠠᠨ ᠬᠡᠪᠯᠡᠭᠦᠯᠵᠡᠢ᠃

  ᠲᠤᠰ ᠨᠣᠮ ᠪᠣᠯᠣᠨᠤᠯ ᠤ᠋ᠨ ᠬᠠᠯᠠᠮᠰᠢᠯ ᠠᠰᠠᠭᠤᠳᠠᠯ ᠢ᠋ ᠣᠢᠯᠠᠭᠠᠬᠤᠢᠭᠡᠬᠦ ᠰᠢᠷᠢᠰ ᠨᠣᠮ ᠤ᠋ᠨ ᠬᠠᠮᠤᠭ ᠤ᠋ᠨ ᠰᠢᠨ᠎ᠡ ᠤᠩᠰᠢᠬᠤ ᠪᠢᠴᠢᠭ ᠪᠣᠯᠤᠨ᠎ᠠ᠂ ᠤᠯᠠᠮᠵᠢᠯᠠᠯᠲᠤ ᠣᠨᠴᠠᠯᠢᠭ ᠪᠣᠯᠤᠨ ᠬᠡᠪ ᠨᠠᠮᠪᠠ ᠪᠠᠨ ᠪᠠᠷᠢᠮᠳᠠᠯᠠᠵᠤ᠂ ᠺᠠᠳ᠋ᠷ ᠤᠯᠠᠨ ᠲᠦᠮᠡᠨ ᠤ᠋ ᠨᠡᠢᠳᠡᠮ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ ᠳ᠋ᠤ᠌ ᠬᠠᠷᠢᠭᠤᠯᠲᠠ ᠥᠭᠭᠦᠭᠰᠡᠨ ᠪᠠᠢᠨ᠎ᠠ᠃ ᠰᠤᠷᠪᠤᠯᠵᠢᠯᠠᠭᠴᠢ ᠶ᠋ᠢᠨ ᠣᠢᠯᠠᠭᠠᠭᠰᠠᠨ ᠢ᠋ᠶ᠋ᠠᠷ᠂ ᠡᠨᠡ ᠵᠢᠯ ᠦ᠋ᠨ 2 ᠰᠠᠷ᠎ᠠ ᠠ᠋ᠴᠠ ᠡᠬᠢᠯᠡᠨ᠂ ᠲᠥᠪ ᠦ᠋ᠨ ᠤᠬᠠᠭᠤᠯᠬᠤ ᠬᠡᠯᠲᠡᠰ ᠦ᠋ᠨ ᠣᠨᠤᠯ ᠤ᠋ᠨ ᠲᠣᠪᠴᠢᠶ᠎ᠠ ᠬᠦᠴᠦᠨ ᠢ᠋ᠶ᠋ᠡᠨ ᠵᠣᠬᠢᠶᠠᠨ ᠪᠠᠢᠭᠤᠯᠵᠤ ᠭᠦᠨᠵᠡᠭᠡᠢ ᠪᠠᠢᠴᠠᠭᠠᠨ ᠰᠤᠳᠤᠯᠤᠯᠲᠠ ᠥᠷᠨᠢᠭᠦᠯᠵᠦ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠳ᠋ᠤ᠌ ᠶᠠᠮᠠᠷ ᠬᠤᠪᠢᠷᠠᠯᠲᠠ ᠭᠠᠷᠤᠭᠰᠠᠨ᠂ ᠳᠤᠮᠳᠠᠳᠤ ᠤᠯᠤᠰ ᠠᠵᠤ ᠠᠬᠤᠢ ᠶ᠋ᠢᠨ ᠭᠠᠢᠬᠠᠮᠰᠢᠭ ᠢ᠋ ᠬᠡᠷᠬᠢᠨ ᠡᠭᠦᠳᠦᠭᠰᠡᠨ᠂ ᠳᠤᠮᠳᠠᠳᠤ ᠤᠯᠤᠰ ᠤ᠋ᠨ ᠵᠠᠮ ᠶᠠᠭᠠᠬᠢᠭᠠᠳ ᠰᠠᠢᠨ ᠪᠠᠢᠬᠤ᠂ ᠳᠤᠮᠳᠠᠳᠤ ᠤᠯᠤᠰ ᠤ᠋ᠨ ᠡᠪ ᠬᠠᠮᠳᠤ ᠨᠠᠮ ᠶᠠᠭᠤᠨ ᠳ᠋ᠤ᠌ ᠪᠣᠯᠬᠤ ᠵᠡᠷᠭᠡ 12 ᠴᠢᠬᠤᠯᠠ ᠶᠡᠬᠡ ᠠᠰᠠᠭᠤᠳᠠᠯ ᠢ᠋ ᠡᠮᠬᠢᠯᠡᠵᠦ ᠭᠠᠷᠭᠠᠭᠰᠠᠨ ᠪᠠᠢᠨ᠎ᠠ᠃ ᠨᠠᠮ ᠤ᠋ᠨ ᠲᠥᠪ ᠬᠣᠷᠢᠶᠠᠨ ᠤ᠋ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠨᠦᠭᠦᠳ ᠪᠠ ᠲᠤᠰᠭᠠᠢ ᠮᠡᠷᠭᠡᠵᠢᠯᠲᠡᠳ ᠡᠳᠡᠭᠡᠷ ᠠᠰᠠᠭᠤᠳᠠᠯ ᠤ᠋ᠨ ᠲᠣᠭᠤᠷᠢᠨ ᠳ᠋ᠤ᠌ ᠭᠦᠨᠵᠡᠭᠡᠢ ᠰᠤᠳᠤᠯᠤᠨ ᠶᠠᠷᠢᠯᠴᠠᠵᠤ᠂ ᠲᠥᠪᠯᠡᠷᠡᠭᠦᠯᠦᠨ ᠲᠤᠭᠤᠷᠪᠢᠨ ᠵᠠᠰᠠᠵᠤ᠂ ᠥᠷᠭᠡᠨ ᠢ᠋ᠶ᠋ᠡᠷ ᠰᠠᠨᠠᠯ ᠬᠤᠷᠢᠶᠠᠵᠤ᠂ ᠡᠯ᠎ᠡ ᠲᠠᠯ᠎ᠠ ᠶ᠋ᠢᠨ ᠣᠶᠤᠨ ᠤᠬᠠᠭᠠᠨ ᠢ᠋ ᠨᠢᠭᠲᠠᠷᠠᠭᠤᠯᠤᠭᠰᠠᠨ ᠰᠠᠭᠤᠷᠢᠨ ᠳ᠋ᠤ᠌ ᠡᠬᠡ ᠪᠢᠴᠢᠭ ᠢ᠋ ᠪᠢᠴᠢᠵᠤ ᠳᠠᠭᠤᠰᠭᠠᠪᠠ᠃

  ᠲᠤᠰ ᠨᠣᠮ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠳᠤᠮᠳᠠᠳᠤ ᠤᠯᠤᠰ ᠤ᠋ᠨ ᠨᠡᠢᠭᠡᠮ ᠵᠢᠷᠤᠮ ᠤ᠋ᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠠᠭᠤᠤ ᠶᠡᠬᠡ ᠦᠢᠯᠡᠳᠦᠯᠭᠡ ᠲᠠᠢ ᠨᠢᠭᠲᠠ ᠤᠶᠠᠯᠳᠤᠭᠤᠯᠵᠤ᠂ ᠺᠠᠳ᠋ᠷ ᠤᠯᠠᠨ ᠲᠦᠮᠡᠨ ᠤ᠋ ᠦᠵᠡᠯ ᠰᠠᠨᠠᠭᠠᠨ ᠤ᠋ ᠪᠤᠳᠠᠳᠤ ᠪᠠᠢᠳᠠᠯ ᠲᠠᠢ ᠨᠢᠭᠲᠠ ᠤᠶᠠᠯᠳᠤᠭᠤᠯᠵᠤ᠂ ᠣᠨᠤᠯ ᠬᠢᠭᠡᠳ ᠦᠢᠯᠡᠳᠦᠯᠭᠡ᠂ ᠲᠡᠦᠬᠡ ᠪᠠ ᠪᠤᠳᠠᠳᠤ ᠠᠬᠤᠢ᠂ ᠤᠯᠤᠰ ᠤ᠋ᠨ ᠲᠤᠳᠤᠭᠠᠲᠤ ᠪᠠ ᠳᠡᠯᠡᠬᠡᠢ ᠳ᠋ᠠᠬᠢᠨ ᠤ᠋ ᠤᠶᠠᠯᠳᠤᠯ ᠠ᠋ᠴᠠ ᠡᠳᠡᠭᠡᠷ ᠴᠢᠬᠤᠯᠠ ᠶᠡᠬᠡ ᠠᠰᠠᠭᠤᠳᠠᠯ ᠳ᠋ᠤ᠌ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠦᠷᠢ ᠬᠢᠵᠤ᠂ ᠦᠵᠡᠯᠲᠡ ᠨᠢ ᠡᠷᠬᠡ ᠰᠦᠷ ᠲᠠᠢ ᠪᠥᠭᠡᠳ ᠣᠨᠤᠪᠴᠢᠲᠠᠢ ᠪᠠᠢᠵᠤ᠂ ᠬᠡᠯᠡ ᠬᠡᠯᠡᠯᠭᠡ ᠨᠢ ᠳᠥᠭᠦᠮ ᠣᠢᠯᠠᠭᠠᠮᠵᠢᠲᠠᠢ᠂ ᠵᠣᠬᠢᠶᠠᠯ ᠤ᠋ᠨ ᠬᠡᠪ ᠨᠠᠮᠪᠠ ᠨᠢ ᠰᠢᠨ᠎ᠡ ᠰᠡᠪᠡᠬᠦᠨ ᠪᠥᠭᠡᠳ ᠳᠥᠭᠦᠮ ᠠᠪᠰᠠᠷ᠂ ᠬᠡᠯᠪᠡᠷᠢ ᠨᠢ ᠠᠮᠢᠳᠤᠯᠢᠭ ᠪᠥᠭᠡᠳ ᠤᠯᠠᠨ ᠶᠠᠩᠵᠤ ᠶ᠋ᠢᠨ ᠪᠠᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ᠋ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤ᠋ᠨ ᠲᠤᠷᠰᠢᠬᠢ ᠠᠭᠤᠤ ᠶᠡᠬᠡ ᠲᠡᠦᠬᠡᠨ ᠶᠠᠪᠤᠴᠠ᠂ ᠭᠡᠷᠡᠯ ᠰᠠᠴᠤᠷᠠᠩᠭᠤᠢ ᠠᠮᠵᠢᠯᠲᠠ ᠪᠠ ᠡᠷᠬᠢᠮ ᠨᠠᠨᠳᠢᠨ ᠲᠤᠷᠰᠢᠯᠭ᠎ᠠ ᠶ᠋ᠢ ᠭᠦᠨᠵᠡᠭᠡᠢ ᠣᠢᠯᠠᠭᠠᠬᠤ ᠳ᠋ᠤ᠌ ᠲᠤᠰᠠᠲᠠᠢ ᠶᠤᠮ᠃ ᠲᠤᠰ ᠨᠣᠮ ᠨᠢ ᠶᠠᠭᠤ ᠪᠣᠯᠬᠤ ᠶ᠋ᠢ ᠶᠠᠷᠢᠭᠰᠠᠨ ᠪᠥᠭᠡᠳ ᠪᠠᠰᠠ ᠶᠠᠭᠠᠬᠢᠭᠠᠳ ᠭᠡᠰᠡᠨ ᠢ᠋ ᠶᠠᠷᠢᠵᠤ᠂ ᠶᠠᠭᠠᠬᠢᠵᠤ ᠦᠵᠡᠬᠦ ᠶ᠋ᠢ ᠶᠠᠷᠢᠭᠰᠠᠨ ᠪᠥᠭᠡᠳ ᠪᠠᠰᠠ ᠶᠠᠭᠠᠬᠢᠵᠤ ᠰᠢᠢᠳᠪᠦᠷᠢᠯᠡᠬᠦ ᠶ᠋ᠢ ᠶᠠᠷᠢᠵᠤ᠂ ᠺᠠᠳ᠋ᠷ ᠤᠯᠠᠨ ᠲᠦᠮᠡᠨ᠂ ᠵᠠᠯᠠᠭᠤ ᠰᠤᠷᠤᠭᠴᠢᠳ ᠤ᠋ᠨ ᠣᠨᠤᠯ ᠤ᠋ᠨ ᠰᠤᠷᠤᠯᠴᠠᠯᠭ᠎ᠠ ᠪᠠ ᠪᠠᠢᠳᠠᠯ ᠲᠥᠷᠦ ᠶ᠋ᠢᠨ ᠪᠣᠳᠤᠯᠭ᠎ᠠ ᠶ᠋ᠢᠨ ᠬᠥᠮᠦᠵᠢᠯ ᠥᠷᠨᠢᠭᠦᠯᠬᠦ ᠴᠢᠬᠤᠯᠠ ᠬᠠᠪᠰᠤᠷᠤᠮᠵᠢ ᠤᠩᠰᠢᠬᠤ ᠪᠢᠴᠢᠭ ᠪᠣᠯᠤᠨ᠎ᠠ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604