ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠤ᠋ ᠰᠤᠳᠤᠯᠭᠠᠨ ᠪᠠ ᠳᠦᠷᠢᠮᠵᠢᠯ ᠪᠠᠷᠢᠮᠵᠢᠶᠠᠵᠢᠯ ᠤ᠋ᠨ ᠲᠤᠬᠠᠢ ᠰᠤᠳᠤᠯᠤᠨ ᠰᠤᠷᠤᠯᠴᠠᠬᠤ ᠠᠩᠭᠢ ᠰᠢᠯᠢᠩᠬᠣᠲᠠ ᠳ᠋ᠤ᠌ ᠰᠤᠷᠤᠯᠭ᠎ᠠ ᠡᠬᠢᠯᠡᠪᠡ
2019.08.01

  ᠲᠤᠰ ᠰᠣᠨᠢᠨ ᠤ᠋ ᠰᠢᠯᠢᠩᠬᠣᠲᠠ ᠶ᠋ᠢᠨ ᠮᠡᠳᠡᠭᠡ (ᠰᠤᠷᠪᠤᠯᠵᠢᠯᠠᠭᠴᠢ ᠪᠢᠯᠢᠭ᠌ᠪᠠᠭᠠᠲᠤᠷ) 7 ᠰᠠᠷ᠎ᠠ ᠶ᠋ᠢᠨ 8 ᠤ᠋ ᠡᠳᠦᠷ᠂ ᠪᠦᠬᠦ ᠣᠷᠤᠨ ᠤ᠋ ᠭᠤᠷᠪᠠᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠤ᠋ ᠰᠤᠳᠤᠯᠭᠠᠨ ᠤ᠋ ᠢᠳᠡᠷ ᠵᠠᠯᠠᠭᠤ ᠡᠷᠳᠡᠮᠲᠡᠳ ᠦ᠋ᠨ ᠰᠤᠳᠤᠯᠤᠨ ᠰᠤᠷᠤᠯᠴᠠᠬᠤ ᠠᠩᠭᠢ ᠵᠢᠴᠢ ᠳᠥᠷᠪᠡᠳᠦᠭᠡᠷ ᠤᠳᠠᠭᠠᠨ ᠤ᠋ ᠮᠣᠩᠭᠤᠯ ᠬᠡᠯᠡ ᠪᠢᠴᠢᠭ ᠤ᠋ᠨ ᠳᠦᠷᠢᠮᠵᠢᠯ ᠪᠠᠷᠢᠮᠵᠢᠶᠠᠵᠢᠯ ᠤ᠋ᠨ ᠰᠤᠳᠤᠯᠤᠨ ᠰᠤᠷᠤᠯᠴᠠᠬᠤ ᠠᠩᠭᠢ ᠰᠢᠯᠢᠩᠬᠣᠲᠠ ᠳ᠋ᠤ᠌ ᠪᠠᠢᠷᠢᠯᠠᠭ᠎ᠠ ᠰᠢᠯᠢ ᠶ᠋ᠢᠨ ᠭᠣᠣᠯ ᠠᠵᠢᠯ ᠮᠡᠷᠭᠡᠵᠢᠯ ᠦ᠋ᠨ ᠳᠡᠭᠡᠲᠤ ᠰᠤᠷᠭᠠᠭᠤᠯᠢ ᠳ᠋ᠤ᠌ ᠰᠤᠷᠤᠯᠭ᠎ᠠ ᠡᠬᠢᠯᠡᠪᠡ᠃ ᠪᠦᠬᠦ ᠣᠷᠤᠨ ᠤ᠋ ᠰᠣᠨᠢᠨ ᠮᠡᠳᠡᠭᠡ᠂ ᠬᠡᠪᠯᠡᠯ ᠦ᠋ᠨ ᠰᠢᠰᠲ᠋ᠧᠮ᠂ ᠶᠡᠬᠡ ᠳᠡᠭᠡᠲᠤ ᠰᠤᠷᠭᠠᠭᠤᠯᠢ ᠵᠡᠷᠭᠡ 80 ᠭᠠᠷᠤᠢ ᠪᠠᠢᠭᠤᠯᠭ᠎ᠠ ᠨᠢᠭᠡᠴᠢ ᠶ᠋ᠢᠨ 120 ᠬᠥᠮᠦᠨ ᠰᠤᠷᠤᠯᠴᠠᠯᠭ᠎ᠠ ᠳ᠋ᠤ᠌ ᠣᠷᠤᠯᠴᠠᠵᠠᠢ᠃

  ᠲᠤᠰ ᠤᠳᠠᠭᠠᠨ ᠤ᠋ ᠰᠤᠳᠤᠯᠤᠨ ᠰᠤᠷᠤᠯᠴᠠᠬᠤ ᠠᠩᠭᠢ ᠳ᠋ᠤ᠌ ᠳᠤᠮᠳᠠᠳᠤ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠳᠤᠮᠳᠠᠳᠤ ᠤᠯᠤᠰ ᠤ᠋ᠨ ᠦᠨᠳᠦᠰᠦᠲᠡᠨ ᠤ᠋ ᠬᠡᠯᠡᠨ ᠤ᠋ ᠣᠷᠴᠢᠭᠤᠯᠭ᠎ᠠ ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠰᠤᠷᠭᠠᠭᠤᠯᠢ᠂ ᠥᠪᠦᠷ ᠮᠣᠩᠭᠤᠯ ᠤ᠋ᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠵᠡᠷᠭᠡ ᠪᠠᠢᠭᠤᠯᠭ᠎ᠠ ᠨᠢᠭᠡᠴᠢ ᠶ᠋ᠢᠨ ᠡᠷᠳᠡᠮᠲᠡᠳ ᠰᠤᠳᠤᠯᠭᠠᠲᠠᠳ ᠠ᠋ᠴᠠ ᠨᠠᠮ ᠤ᠋ᠨ ᠤᠯᠤᠰ ᠤ᠋ᠨ ᠦᠨᠳᠦᠰᠦᠲᠡᠨ ᠤ᠋ ᠦᠭᠡ ᠬᠡᠯᠡ ᠦᠰᠦᠭ ᠪᠢᠴᠢᠭ ᠦ᠋ᠨ ᠲᠥᠷᠦ ᠶ᠋ᠢᠨ ᠪᠣᠳᠤᠯᠭ᠎ᠠ ᠬᠠᠤᠯᠢ ᠴᠠᠭᠠᠵᠠ᠂ ᠬᠡᠯᠡ ᠪᠢᠴᠢᠭ ᠤ᠋ᠨ ᠲᠥᠯᠦᠪᠵᠢᠭᠦᠯᠭᠡ᠂ ᠬᠡᠯᠡᠨ ᠤ᠋ ᠤᠬᠠᠮᠰᠠᠷ ᠪᠠ ᠳᠦᠷᠢᠮᠵᠢᠯ ᠪᠠᠷᠢᠮᠵᠢᠶᠠᠵᠢᠯ ᠤ᠋ᠨ ᠣᠨᠤᠯ᠂ ᠮᠣᠩᠭᠤᠯ ᠬᠡᠯᠡᠨ ᠤ᠋ ᠨᠡᠷ᠎ᠡ ᠲᠣᠮᠢᠶ᠎ᠠ ᠶ᠋ᠢ ᠣᠷᠴᠢᠭᠤᠯᠵᠤ ᠨᠠᠢᠷᠠᠭᠤᠯᠬᠤ᠂ ᠪᠠᠷᠢᠮᠵᠢᠶ᠎ᠠ ᠠᠪᠢᠶ᠎ᠠ᠂ ᠵᠥᠪ ᠪᠢᠴᠢᠯᠭᠡ ᠵᠡᠷᠭᠡ ᠰᠡᠳᠦᠪ ᠦ᠋ᠨ ᠲᠣᠭᠤᠷᠢᠨ ᠳ᠋ᠤ᠌ ᠬᠢᠴᠢᠶᠡᠯ ᠲᠠᠢᠯᠤᠮᠵᠢ ᠬᠢᠬᠦ ᠶ᠋ᠢᠨ ᠬᠠᠮᠲᠤ ᠳᠤᠭᠤᠢᠯᠠᠩ ᠬᠤᠪᠢᠶᠠᠨ ᠶᠠᠷᠢᠯᠴᠠᠭ᠎ᠠ ᠬᠢᠬᠦ ᠪᠣᠯᠤᠨ᠎ᠠ᠃ ᠰᠤᠳᠤᠯᠤᠨ ᠰᠤᠷᠤᠯᠴᠠᠬᠤ ᠠᠩᠭᠢ ᠶ᠋ᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠡᠴᠡ ᠭᠣᠣᠯᠯᠠᠨ ᠡᠷᠬᠢᠯᠡᠵᠤ᠂ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠠ᠋ᠴᠠ ᠬᠠᠮᠵᠢᠨ ᠡᠷᠬᠢᠯᠡᠵᠤ᠂ 7 ᠰᠠᠷ᠎ᠠ ᠶ᠋ᠢᠨ 12 ᠤ᠋ᠨ ᠡᠳᠦᠷ ᠪᠣᠯᠲᠠᠯ᠎ᠠ ᠶᠠᠪᠤᠭᠳᠠᠨ᠎ᠠ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠪᠢᠯᠢᠭ᠌ᠪᠠᠭᠠᠲᠤᠷ

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604