《ᠮᠣᠩᠭᠤᠯ ᠤ᠋ᠨ ᠨᠢᠭᠤᠴᠠ ᠲᠣᠪᠴᠢᠶᠠᠨ》 ᠤ᠋ ᠪᠦᠬᠦ ᠠᠭᠤᠯᠭ᠎ᠠ ᠶ᠋ᠢ ᠬᠠᠢᠬᠤ ᠰᠢᠰᠲ᠋ᠧᠮ ᠢ᠋ ᠠᠮᠵᠢᠯᠲᠠ ᠲᠠᠢ ᠰᠤᠳᠤᠯᠤᠨ ᠨᠡᠭᠡᠭᠡᠵᠡᠢ
2019.08.20

  ᠲᠤᠰ ᠰᠣᠨᠢᠨ ᠤ᠋ ᠮᠡᠳᠡᠭᠡ (ᠰᠤᠷᠪᠤᠯᠵᠢᠯᠠᠭᠴᠢ ᠴᠡᠯᠮᠡᠭ) 7 ᠰᠠᠷ᠎ᠠ ᠶ᠋ᠢᠨ 25  ᠤ᠋ ᠡᠳᠦᠷ᠂ ᠰᠤᠷᠪᠤᠯᠵᠢᠯᠠᠭᠴᠢ ᠥᠪᠦᠷ ᠮᠣᠩᠭᠤᠯ ᠤ᠋ᠨ ᠦᠨᠳᠦᠰᠦᠲᠡᠨ ᠤ᠋ ᠰᠣᠶᠤᠯ ᠤ᠋ᠨ ᠠᠵᠤ ᠦᠢᠯᠡᠰ ᠦ᠋ᠨ ᠰᠤᠳᠤᠯᠭᠠᠨ ᠤ᠋ ᠬᠦᠷᠢᠶᠡᠯᠡᠩ ᠡᠴᠡ ᠣᠢᠯᠠᠭᠠᠭᠰᠠᠨ ᠢ᠋ᠶ᠋ᠠᠷ᠂ 13 ᠳ᠋ᠤᠭᠠᠷ ᠵᠠᠭᠤᠨ ᠤ᠋ ᠦᠶ᠎ᠡ ᠳ᠋ᠤ᠌ ᠪᠢᠴᠢᠭᠳᠡᠭᠰᠡᠨ ᠮᠣᠩᠭᠤᠯ ᠦᠨᠳᠦᠰᠦᠲᠡᠨ ᠤ᠋ ᠲᠡᠦᠬᠡ ᠶ᠋ᠢᠨ ᠠᠪᠤᠷᠭᠤ ᠪᠦᠲᠦᠭᠡᠯᠮᠣᠩᠭᠤᠯ ᠤ᠋ᠨ ᠨᠢᠭᠤᠴᠠ ᠲᠣᠪᠴᠢᠶᠠᠨ ᠤ᠋ ᠪᠦᠬᠦ ᠠᠭᠤᠯᠭ᠎ᠠ ᠶ᠋ᠢ ᠬᠠᠢᠬᠤ ᠰᠢᠰᠲ᠋ᠧᠮ ᠢ᠋ ᠣᠢᠷ᠎ᠠ ᠳ᠋ᠤ᠌ ᠠᠮᠵᠢᠯᠲᠠ ᠲᠠᠢ ᠰᠤᠳᠤᠯᠤᠨ ᠨᠡᠭᠡᠭᠡᠵᠤ᠂ ᠣᠳᠣ ᠶᠠᠭ ᠲᠤᠷᠰᠢᠨ ᠬᠡᠷᠡᠭᠯᠡᠬᠦ ᠱᠠᠲᠤᠨ ᠳ᠋ᠤ᠌ ᠪᠠᠨ ᠣᠷᠤᠪᠠ᠃ ᠳᠠᠷᠠᠭᠠᠴᠢ ᠪᠠᠷ᠂ ᠤᠩᠰᠢᠭᠴᠢᠳ ᠮᠣᠩᠭᠤᠯ ᠦᠨᠳᠦᠰᠦᠲᠡᠨ ᠤ᠋ ᠣᠳᠣ ᠪᠣᠯᠲᠠᠯ᠎ᠠ ᠦᠯᠡᠳᠡᠭᠳᠡᠨ ᠬᠠᠳᠠᠭᠠᠯᠠᠭᠳᠠᠵᠤ ᠪᠠᠢᠭ᠎ᠠ ᠬᠠᠮᠤᠭ ᠡᠷᠲᠡᠨ ᠤ᠋ ᠲᠡᠦᠬᠡ ᠶ᠋ᠢᠨ ᠰᠤᠷᠪᠤᠯᠵᠢ ᠪᠢᠴᠢᠭ ᠪᠣᠯᠬᠤᠮᠣᠩᠭᠤᠯ ᠤ᠋ᠨ ᠨᠢᠭᠤᠴᠠ ᠲᠣᠪᠴᠢᠶᠠᠨ ᠢ᠋ ᠺᠣᠮᠫᠢᠦ᠋ᠲ᠋ᠧᠷ ᠪᠤᠶᠤ ᠭᠠᠷ ᠤᠲᠠᠰᠤ ᠪᠠᠷ ᠢ᠋ᠶ᠋ᠠᠨ ᠬᠠᠢᠯᠲᠠ ᠬᠢᠵᠤ ᠯᠠᠪᠯᠠᠨ ᠦᠵᠡᠵᠦ ᠳᠡᠢᠯᠬᠦ ᠪᠣᠯᠤᠨ᠎ᠠ᠃

  ᠲᠤᠰ ᠰᠢᠰᠲ᠋ᠧᠮ ᠪᠤᠯ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ ᠤ᠋ ᠲᠥᠷᠦᠯ ᠵᠦᠢᠯ ᠪᠣᠯᠬᠤᠮᠣᠩᠭᠤᠯ ᠬᠡᠯᠡᠨ ᠤ᠋ TEL ᠵᠡᠭᠦᠯᠲᠡᠲᠤ ᠵᠠᠭᠪᠤᠷ ᠤ᠋ᠨ ᠴᠠᠭᠴᠢ ᠬᠡᠯᠡᠨ ᠤ᠋ ᠮᠠᠲ᠋ᠧᠷᠢᠶᠠᠯ ᠤ᠋ᠨ ᠬᠥᠮᠦᠷᠭᠡ ᠶ᠋ᠢᠨ ᠪᠦᠲᠦᠭᠡᠨ ᠪᠠᠢᠭᠤᠯᠤᠯᠲᠠ ᠬᠢᠭᠡᠳ ᠬᠡᠷᠡᠭᠯᠡᠭᠡᠨ ᠤ᠋ ᠰᠤᠳᠤᠯᠭᠠᠨᠤ᠋ ᠬᠡᠰᠡᠭ ᠦᠷ᠎ᠡ ᠪᠦᠲᠦᠭᠡᠯ ᠪᠣᠯᠤᠨ᠎ᠠ᠃ ᠲᠤᠰ ᠰᠢᠰᠲ᠋ᠧᠮ ᠢ᠋ᠶ᠋ᠠᠷᠮᠣᠩᠭᠤᠯ ᠤ᠋ᠨ ᠨᠢᠭᠤᠴᠠ ᠲᠣᠪᠴᠢᠶᠠᠨᠢ᠋ ᠲᠸᠺᠰᠲ᠂ ᠦᠭᠡᠰ ᠦ᠋ᠨ ᠰᠢᠨᠵᠢ᠂ ᠦᠭᠡ ᠵᠦᠢ᠂ ᠦᠭᠡ ᠶ᠋ᠢᠨ ᠡᠯᠸᠮᠸᠨ᠋ᠲ᠂ ᠦᠭᠡ ᠶ᠋ᠢᠨ ᠤᠳᠭ᠎ᠠ ᠵᠡᠷᠭᠡ ᠤᠯᠠᠨ ᠬᠠᠷᠠᠭᠠᠰᠤ ᠠ᠋ᠴᠠ ᠬᠠᠢᠯᠲᠠ ᠬᠢᠵᠤ ᠪᠣᠯᠤᠨ᠎ᠠ᠃

  《ᠮᠣᠩᠭᠤᠯ ᠤ᠋ᠨ ᠨᠢᠭᠤᠴᠠ ᠲᠣᠪᠴᠢᠶᠠᠨᠪᠤᠯ ᠮᠣᠩᠭᠤᠯ ᠦᠨᠳᠦᠰᠦᠲᠡᠨ ᠤ᠋ ᠪᠦᠷᠢᠯᠳᠦᠯ᠂ ᠬᠥᠭᠵᠢᠯᠲᠡ᠂ ᠬᠦᠴᠦᠷᠬᠡᠭᠵᠢᠯ ᠦ᠋ᠨ ᠶᠠᠪᠤᠴᠠ ᠶ᠋ᠢ ᠲᠡᠮᠳᠡᠭᠯᠡᠭᠰᠡᠨ ᠰᠤᠳᠤᠷ ᠪᠢᠴᠢᠭ ᠪᠣᠯᠤᠨ᠎ᠠ᠂ ᠮᠣᠩᠭᠤᠯ ᠦᠨᠳᠦᠰᠦᠲᠡᠨ ᠤ᠋ ᠤᠳᠭ᠎ᠠ ᠵᠣᠬᠢᠶᠠᠯ ᠤ᠋ᠨ ᠲᠡᠦᠬᠡᠨ ᠳ᠋ᠡᠬᠢ ᠠᠩᠬᠠᠳᠠᠭᠴᠢ ᠦᠰᠦᠭ ᠪᠢᠴᠢᠭ ᠢ᠋ᠶ᠋ᠡᠷ ᠪᠢᠴᠢᠭᠳᠡᠭᠰᠡᠨ ᠰᠣᠩᠭᠤᠳᠠᠭ ᠪᠦᠲᠦᠭᠡᠯ ᠪᠣᠯᠤᠨ᠎ᠠ᠃ ᠲᠤᠰ ᠨᠣᠮ ᠳ᠋ᠤ᠌ 13 ᠳ᠋ᠤᠭᠠᠷ ᠵᠠᠭᠤᠨ ᠤ᠋ ᠦᠶ᠎ᠡ ᠶ᠋ᠢᠨ ᠮᠣᠩᠭᠤᠯ ᠦᠨᠳᠦᠰᠦᠲᠡᠨ ᠤ᠋ ᠰᠣᠶᠤᠯ᠂ ᠠᠵᠤ ᠠᠬᠤᠢ᠂ ᠴᠡᠷᠢᠭ ᠦ᠋ᠨ ᠶᠠᠪᠤᠳᠠᠯ᠂ ᠵᠠᠩ ᠦᠢᠯᠡ᠂ ᠦᠭᠡ ᠬᠡᠯᠡ ᠵᠡᠷᠭᠡ ᠤᠯᠠᠨ ᠲᠠᠯ᠎ᠠ ᠶ᠋ᠢᠨ ᠠᠭᠤᠯᠭ᠎ᠠ ᠶ᠋ᠢ ᠬᠠᠮᠤᠷᠴᠤ᠂ 13 ᠳ᠋ᠤᠭᠠᠷ ᠵᠠᠭᠤᠨ ᠤ᠋ ᠦᠶ᠎ᠡ ᠶ᠋ᠢᠨ ᠮᠣᠩᠭᠤᠯ ᠦᠨᠳᠦᠰᠦᠲᠡᠨ ᠢ᠋ ᠣᠢᠯᠠᠭᠠᠬᠤ ᠳ᠋ᠤ᠌ ᠨᠠᠷᠢᠨ ᠪᠤᠲᠠᠲᠠᠢ ᠬᠡᠷᠡᠴᠢ ᠮᠠᠲ᠋ᠧᠷᠢᠶᠠᠯ ᠬᠠᠩᠭᠠᠭᠰᠠᠨ ᠪᠠᠢᠨ᠎ᠠ᠃

  《ᠮᠣᠩᠭᠤᠯ ᠤ᠋ᠨ ᠨᠢᠭᠤᠴᠠ ᠲᠣᠪᠴᠢᠶᠠᠨᠤ᠋ ᠪᠦᠬᠦ ᠠᠭᠤᠯᠭ᠎ᠠ ᠶ᠋ᠢ ᠬᠠᠢᠬᠤ ᠰᠢᠰᠲ᠋ᠧᠮ ᠪᠤᠯ ᠤᠷᠢᠳᠤᠬᠢ ᠬᠥᠮᠦᠰ ᠦ᠋ᠨ ᠰᠤᠳᠤᠯᠭᠠᠨ ᠤ᠋ ᠦᠷ᠎ᠡ ᠪᠦᠲᠦᠭᠡᠯ ᠦ᠋ᠨ ᠰᠠᠭᠤᠷᠢᠨ ᠳᠡᠭᠡᠷ᠎ᠡ᠂ ᠤᠯᠠᠨ ᠤᠯᠤᠰ ᠤ᠋ᠨ ᠪᠠᠷᠢᠮᠵᠢᠶᠠᠲᠤ ᠬᠥᠮᠦᠷᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠥᠰᠦᠯ ᠲᠠᠢ ᠠᠭᠤᠰᠤᠯᠴᠠᠭᠤᠯᠵᠤ᠂ᠮᠣᠩᠭᠤᠯ ᠤ᠋ᠨ ᠨᠢᠭᠤᠴᠠ ᠲᠣᠪᠴᠢᠶᠠᠨᠤ᠋ ᠰᠤᠳᠤᠯᠤᠭᠴᠢᠳ ᠲᠤ᠌ ᠮᠠᠰᠢ ᠳᠥᠭᠦᠮ ᠳᠥᠲᠡ ᠨᠡᠢᠲᠡ ᠶ᠋ᠢᠨ ᠲᠠᠪᠴᠠᠩ ᠬᠠᠩᠭᠠᠵᠤ᠂ ᠥᠩᠭᠡᠷᠡᠭᠰᠡᠨ ᠤ᠋ᠮᠣᠩᠭᠤᠯ ᠤ᠋ᠨ ᠨᠢᠭᠤᠴᠠ ᠲᠣᠪᠴᠢᠶᠠᠨᠤ᠋ ᠬᠡᠯᠡᠨ ᠤ᠋ ᠮᠠᠲ᠋ᠧᠷᠢᠶᠠᠯ ᠤ᠋ᠨ ᠬᠥᠮᠦᠷᠭᠡ ᠶ᠋ᠢᠨ ᠪᠦᠷᠢᠨ ᠵᠡᠭᠦᠯᠲᠡ ᠬᠠᠳᠠᠭᠰᠠᠨ ᠦᠭᠡᠢ ᠵᠢᠴᠢ ᠬᠡᠯᠡᠨ ᠤ᠋ ᠮᠠᠲ᠋ᠧᠷᠢᠶᠠᠯ ᠤ᠋ᠨ ᠬᠥᠮᠦᠷᠭᠡ ᠪᠠᠨ ᠨᠡᠢᠲᠡ ᠤᠯᠠᠨ ᠢ᠋ᠶ᠋ᠠᠷ ᠢ᠋ᠶ᠋ᠠᠨ ᠬᠢᠯᠪᠠᠷᠬᠠᠨ ᠢ᠋ᠶ᠋ᠠᠷ ᠬᠠᠮᠲᠤ ᠪᠠᠷ ᠠᠰᠢᠭᠯᠠᠵᠤ ᠪᠣᠯᠬᠤ ᠦᠭᠡᠢ ᠳᠤᠲᠠᠭᠤᠳᠠᠯ ᠢ᠋ ᠨᠥᠬᠦᠪᠦᠷᠢᠯᠡᠵᠡᠢ᠃ ᠲᠤᠰ ᠰᠢᠰᠲ᠋ᠧᠮ ᠢ᠋ᠶ᠋ᠠᠷᠮᠣᠩᠭᠤᠯ ᠤ᠋ᠨ ᠨᠢᠭᠤᠴᠠ ᠲᠣᠪᠴᠢᠶᠠᠨᠤ᠋ ᠬᠡᠯᠡᠨ ᠤ᠋ ᠮᠠᠲ᠋ᠧᠷᠢᠶᠠᠯ ᠢ᠋ ᠮᠠᠰᠢ ᠲᠦᠷᠭᠡᠨ ᠢ᠋ᠶ᠋ᠡᠷ ᠬᠠᠢᠵᠤ᠂ ᠪᠦᠷᠢᠳᠬᠡᠵᠤ᠂ ᠵᠢᠭᠰᠠᠭᠠᠵᠤ ᠪᠣᠯᠬᠤ ᠪᠡᠷ ᠦᠯᠦ ᠪᠠᠷᠠᠮ ᠬᠠᠢᠭᠰᠠᠨ ᠳ᠋ᠦᠩ ᠳ᠋ᠤ᠌ ᠪᠠᠨ ᠵᠠᠳᠠᠯᠤᠯᠲᠠ ᠬᠢᠬᠦ ᠪᠡᠷ ᠳᠠᠮᠵᠢᠨᠮᠣᠩᠭᠤᠯ ᠤ᠋ᠨ ᠨᠢᠭᠤᠴᠠ ᠲᠣᠪᠴᠢᠶᠠᠨᠤ᠋ ᠨᠡᠩ ᠭᠦᠨ ᠲᠠᠪᠬᠤᠷᠭ᠎ᠠ ᠶ᠋ᠢᠨ ᠮᠡᠳᠡᠯᠭᠡ ᠶ᠋ᠢ ᠠᠭᠤᠳᠠᠯᠵᠤ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠬᠥᠭᠵᠢᠯᠲᠡ ᠶ᠋ᠢᠨ ᠲᠡᠦᠬᠡ ᠶ᠋ᠢ ᠰᠤᠳᠤᠯᠵᠤ ᠪᠣᠯᠤᠨ᠎ᠠ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠳᠡᠯᠡᠪᠡ

                        ᠰᠤᠷᠪᠤᠯᠵᠢᠯᠠᠭᠴᠢ᠄ ᠴᠡᠯᠮᠡᠭ

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604