ᠮᠠᠨ ᠤ᠋ ᠤᠯᠤᠰ ᠬᠠᠮᠤᠭ ᠤ᠋ᠨ ᠰᠢᠨ᠎ᠡ ᠬᠡᠪ ᠦ᠋ᠨ ᠮᠣᠩᠭᠤᠯ ᠪᠢᠴᠢᠭ ᠤ᠋ᠨ ᠠᠦ᠋ᠲ᠋ᠣ᠋ ᠬᠠᠷᠭᠤᠭᠤᠯᠭ᠎ᠠ ᠶ᠋ᠢᠨ ᠰᠢᠰᠲ᠋ᠧᠮ ᠢ᠋ ᠠᠮᠵᠢᠯᠳᠠ ᠲᠠᠢ ᠰᠤᠳᠤᠯᠤᠨ ᠪᠦᠳᠦᠭᠡᠪᠠ
2019.10.15

  ᠣᠢᠷ᠎ᠠ ᠳ᠋ᠤ᠌᠂ ᠮᠠᠨ ᠤ ᠤᠯᠤᠰ ᠬᠠᠮᠤᠭ ᠤᠨ ᠰᠢᠨ᠎ᠡ ᠬᠡᠪ ᠤᠨ ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠢ᠋ ᠠᠮᠵᠢᠯᠲᠠ ᠲᠠᠢ ᠰᠤᠲᠤᠯᠤᠨ ᠪᠦᠲᠦᠭᠡᠪᠡ᠃

  ᠡᠨᠡ ᠬᠦ᠌ ᠬᠠᠮᠤᠭ ᠤᠨ ᠰᠢᠨ᠎ᠡ ᠬᠡᠪ ᠤᠨ ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠢ᠋ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠯᠤᠭᠯᠤ ᠫᠷᠤᠹᠧᠰᠰᠤᠷ ᠢ᠋ᠶ᠋ᠠᠷ ᠠᠬᠠᠯᠠᠭᠤᠯᠤᠭᠰᠠᠨ ᠪᠠᠭ ᠤᠨ ᠬᠠᠮᠲᠤ ᠤᠯᠠᠨ ᠡᠴᠡ ᠰᠤᠲᠤᠯᠤᠨ ᠪᠦᠲᠦᠭᠡᠪᠡ᠃ ᠲᠤᠰ ᠰᠢᠰᠲ᠋ᠧᠮ ᠨᠢ ᠬᠠᠷᠭᠤᠭᠤᠯᠬᠤ᠂ ᠨᠠᠢᠷᠠᠭᠤᠯᠬᠤ᠂ ᠺᠤᠳ᠋ ᠬᠦᠷᠪᠡᠬᠦᠯᠬᠦ᠂ ᠯᠠᠲ᠋ᠢᠨ ᠭᠠᠯᠢᠭ ᠢ᠋ᠶ᠋ᠠᠷ ᠪᠠᠭᠤᠯᠭᠠᠬᠤ᠂ ᠦᠭᠡᠰ ᠤᠨ ᠵᠢᠭᠰᠠᠭᠠᠯᠲᠠ ᠬᠢᠬᠦ᠂ ᠦᠶ᠎ᠠ ᠪᠡᠷ ᠰᠠᠯᠭᠠᠬᠤ᠂ ᠦᠭᠡ ᠦᠰᠦᠭ ᠢ᠋ ᠪᠦᠷᠢᠳᠭᠡᠬᠦ ᠵᠡᠷᠭᠡ 7 ᠵᠦᠢᠯ ᠤᠨ ᠴᠢᠲᠠᠮᠵᠢ ᠲᠠᠢ᠃

  ᠤᠢᠯᠠᠭᠠᠭᠰᠠᠨ ᠢ᠋ᠶ᠋ᠠᠷ᠂ ᠮᠤᠩᠭᠤᠯ ᠪᠢᠴᠢᠭ ᠢ᠋ ᠮᠠᠰᠢᠨ ᠳ᠋ᠤ᠌ ᠤᠷᠤᠭᠤᠯᠬᠤ ᠳ᠋ᠤ᠌ ᠲᠦᠷᠢᠮᠵᠢᠯ ᠦᠭᠡᠢ ᠡᠴᠡ ᠰᠢᠯᠲᠠᠭᠠᠯᠠᠭᠲᠠᠭᠰᠠᠨ ᠲᠠᠭᠤᠲᠠᠯᠭ᠎ᠠ ᠲᠠᠰᠢᠶ᠎ᠠ ᠪᠢᠴᠢᠯᠭᠡ ᠶᠢ ᠠᠦ᠋ᠲ᠋ᠣᠴᠢᠯᠠᠨ ᠵᠠᠯᠠᠷᠠᠭᠤᠯᠬᠤ ᠪᠠ ᠮᠡᠲᠡᠭᠡ ᠵᠠᠩᠬᠢ ᠶᠢᠨ ᠬᠠᠢᠯᠲᠠ ᠳ᠋ᠤ᠌ ᠰᠠᠭᠤᠷᠢ ᠮᠡᠷᠭᠡᠵᠢᠯ ᠢ᠋ ᠬᠠᠩᠭᠠᠬᠤ ᠪᠡᠷ ᠯᠤᠭᠯᠤ ᠹᠷᠤᠹᠧᠰᠰᠤᠷ ᠤᠨ ᠪᠠᠭ ᠤᠨ ᠬᠠᠮᠲᠤ ᠤᠯᠠᠨ ᠡᠴᠡ ᠠᠩᠬ᠎ᠠ 2006 ᠤᠨ ᠤ 4 ᠰᠠᠷ᠎ᠠ ᠡᠴᠡ ᠡᠬᠢᠯᠡᠨ ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠢ᠋ ᠰᠤᠲᠤᠯᠵᠤ ᠠᠷᠪᠠ ᠭᠠᠷᠤᠢ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠪᠡᠷ ᠲᠠᠮᠵᠢᠨ ᠡᠨᠡ ᠬᠦ᠌ ᠬᠠᠮᠤᠭ ᠤᠨ ᠰᠢᠨ᠎ᠡ ᠬᠡᠪ ᠤᠨ ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠢ᠋ ᠰᠤᠲᠤᠯᠤᠨ ᠪᠦᠲᠦᠭᠡᠭᠰᠡᠨ ᠪᠠᠢᠲᠠᠭ᠃

  ᠬᠠᠮᠤᠭ ᠤᠨ ᠰᠢᠨ᠎ᠡ ᠬᠡᠪ ᠤᠨ ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠨᠢ ᠮᠤᠩᠭᠤᠯ ᠪᠢᠴᠢᠭ ᠤᠨ ᠺᠤᠳ᠋ ᠤᠨ ᠤᠯᠠᠨ ᠤᠯᠤᠰ ᠤᠨ ᠪᠠᠷᠢᠮᠵᠢᠶ᠎ᠠ ᠪᠤᠶᠤ ᠤᠯᠤᠰ ᠤᠨ ᠪᠠᠷᠢᠮᠵᠢᠶ᠎ᠠ᠂ ᠮᠤᠩᠭᠤᠯ ᠪᠢᠴᠢᠭ ᠤᠨ ᠪᠠᠷᠢᠮᠵᠢᠶ᠎ᠠ᠂ ᠮᠤᠩᠭᠤᠯ ᠪᠢᠴᠢᠭ ᠤᠨ ᠲᠠᠩ ᠦᠭᠡ ᠶᠢᠨ ᠬᠡᠯᠪᠡᠷᠢ ᠲᠦᠷᠰᠦᠨ ᠤ ᠲᠦᠷᠢᠮᠵᠢᠯ ᠤᠨ ᠤᠯᠤᠰ ᠤᠨ ᠪᠠᠷᠢᠮᠵᠢᠶ᠎ᠠ (ᠦᠨᠳᠦᠰᠦᠨ ᠬᠡᠰᠡᠭ)᠂ ᠮᠤᠩᠭᠤᠯ ᠪᠢᠴᠢᠭ ᠤᠨ ᠯᠠᠲ᠋ᠢᠨ ᠭᠠᠯᠢᠭ ᠢ᠋ᠶ᠋ᠡᠷ ᠪᠠᠭᠤᠯᠭᠠᠵᠤ ᠪᠢᠴᠢᠬᠦ ᠤᠯᠠᠨ ᠤᠯᠤᠰ ᠤᠨ ᠬᠠᠮᠲᠤᠷᠠᠭᠰᠠᠨ ᠲᠦᠰᠦᠯ᠂ ᠮᠤᠩᠭᠤᠯ ᠪᠢᠴᠢᠭ ᠢ᠋ ᠯᠠᠲ᠋ᠢᠨ ᠭᠠᠯᠢᠭ ᠢ᠋ᠶ᠋ᠡᠷ ᠪᠠᠭᠤᠯᠭᠠᠵᠤ ᠪᠢᠴᠢᠬᠦ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠲᠦᠰᠦᠯ᠂ ᠮᠤᠩᠭᠤᠯ ᠪᠢᠴᠢᠭ ᠢ᠋ ᠴᠠᠭᠠᠨ ᠲᠤᠯᠤᠭᠠᠢ ᠶᠢᠨ ᠲᠠᠷᠠᠭᠠᠯᠠᠯ ᠢ᠋ᠶ᠋ᠡᠷ ᠵᠢᠭᠰᠠᠭᠠᠬᠤ ᠤᠯᠤᠰ ᠤᠨ ᠪᠠᠷᠢᠮᠵᠢᠶ᠎ᠠ ᠵᠡᠷᠭᠡ ᠶᠢ ᠴᠢᠩᠭ᠎ᠠ ᠵᠢᠷᠤᠮᠯᠠᠲᠠᠭ; ᠤᠯᠠᠨ ᠵᠦᠢᠯ ᠤᠨ ᠺᠤᠳ᠋ (ᠤᠯᠠᠨ ᠤᠯᠤᠰ ᠤᠨ ᠪᠠᠷᠢᠮᠵᠢᠶ᠎ᠠ ᠺᠤᠳ᠋᠂ ᠮᠦᠩᠬᠡ ᠭᠠᠯ ᠺᠤᠳ᠋᠂ ᠹᠠᠩ ᠵᠧᠩ ᠺᠤᠳ᠋ ᠵᠡᠷᠭᠡ) ᠢ᠋ ᠬᠡᠷᠡᠭᠯᠡᠵᠦ ᠪᠤᠯᠤᠨ᠎ᠠ; ᠤᠯᠠᠨ ᠵᠦᠢᠯ ᠤᠨ ᠮᠠᠲ᠋ᠧᠷᠢᠶᠠᠯ ᠤᠨ ᠬᠡᠯᠪᠡᠷᠢ ᠶᠢ ᠲᠡᠮᠵᠢᠵᠦ ᠬᠠᠷᠭᠤᠭᠤᠯᠬᠤ ᠤᠨᠤᠪᠴᠢ ᠶᠢᠨ ᠬᠡᠮᠵᠢᠶ᠎ᠠ ᠦᠨᠳᠦᠷ᠂ ᠡᠭᠦᠨ ᠳ᠋ᠤ᠌ ᠲᠦᠷᠰᠤ ᠲᠠᠰᠢᠶ᠎ᠠ ᠪᠢᠴᠢᠯᠭᠡ ᠶᠢ ᠪᠠᠢᠴᠠᠭᠠᠵᠤ ᠤᠯᠬᠤ ᠲᠤᠮᠲᠠᠴᠢ ᠤᠨᠤᠪᠴᠢ ᠶᠢᠨ ᠬᠡᠮᠵᠢᠶ᠎ᠠ ᠨᠢ 90% ᠡᠴᠡ ᠲᠡᠭᠡᠭᠰᠢ᠂ ᠲᠠᠭᠤᠲᠠᠯᠭ᠎ᠠ ᠲᠠᠰᠢᠶ᠎ᠠ ᠪᠢᠴᠢᠯᠭᠡ ᠶᠢ ᠪᠠᠢᠴᠠᠭᠠᠵᠤ ᠤᠯᠬᠤ ᠲᠤᠮᠲᠠᠴᠢ ᠤᠨᠤᠪᠴᠢ ᠶᠢᠨ ᠬᠡᠮᠵᠢᠶ᠎ᠠ ᠨᠢ 97% ᠡᠴᠡ ᠲᠡᠭᠡᠭᠰᠢ᠂ ᠲᠠᠭᠤᠲᠠᠯᠭ᠎ᠠ ᠲᠠᠰᠢᠶ᠎ᠠ ᠪᠢᠴᠢᠯᠭᠡ ᠶᠢ ᠠᠦ᠋ᠲ᠋ᠣᠴᠢᠯᠠᠨ ᠵᠠᠯᠠᠷᠠᠭᠤᠯᠬᠤ ᠲᠤᠮᠲᠠᠴᠢ ᠤᠨᠤᠪᠴᠢ ᠶᠢᠨ ᠬᠡᠮᠵᠢᠶ᠎ᠠ ᠨᠢ 98% ᠡᠴᠡ ᠲᠡᠭᠡᠭᠰᠢ ᠬᠦᠷᠲᠡᠭ᠃ ᠪᠠᠰᠠ ᠲᠦᠷᠰᠦ ᠢᠵᠢᠯᠢ ᠲᠠᠭᠤᠲᠠᠯᠭ᠎ᠠ ᠤᠨᠲᠤᠤ ᠦᠭᠡ ᠶᠢ ᠠᠦ᠋ᠲ᠋ᠣᠴᠢᠯᠠᠨ ᠲᠠᠨᠢᠬᠤ ᠲᠤᠮᠲᠠᠴᠢ ᠤᠨᠤᠪᠴᠢ ᠶᠢᠨ ᠬᠡᠮᠵᠢᠶ᠎ᠠ ᠨᠢ 86% ᠳ᠋ᠤ᠌ ᠬᠦᠷᠦᠭᠰᠡᠨ ᠪᠠᠢᠲᠠᠭ; ᠦᠷᠬᠦᠯᠵᠢ ᠬᠡᠷᠡᠭᠯᠡᠬᠦ ᠮᠤᠩᠭᠤᠯ ᠪᠢᠴᠢᠭ ᠤᠨ ᠺᠤᠳ᠋ ᠤᠳ ᠤᠨ ᠬᠤᠭᠤᠷᠤᠨᠲᠤ ᠬᠤᠤᠰ ᠴᠢᠭᠯᠡᠯ ᠤᠨ ᠬᠦᠷᠪᠡᠬᠦᠯᠭᠡ ᠶᠢᠨ ᠴᠢᠲᠠᠮᠵᠢ ᠲᠠᠢ ᠪᠦᠭᠡᠳ ᠬᠡᠷᠡᠭᠯᠡᠭᠴᠢ ᠶᠢᠨ ᠵᠤᠯᠭᠠᠴᠠ ᠨᠢ ᠬᠤᠲᠤᠮ ᠮᠤᠩᠭᠤᠯ ᠪᠢᠴᠢᠭ᠂ ᠺᠢᠷᠢᠯ ᠮᠤᠩᠭᠤᠯ ᠪᠢᠴᠢᠭ᠂ ᠠᠩᠭᠯᠢ ᠪᠢᠴᠢᠭ᠂ ᠬᠢᠲᠠᠳ ᠪᠢᠴᠢᠭ ᠤᠨ ᠬᠢᠯᠪᠠᠷᠴᠢᠯᠠᠭᠰᠠᠨ ᠦᠰᠦᠭ ᠪᠤᠯᠤᠨ ᠬᠢᠯᠪᠠᠷᠴᠢᠯᠠᠭᠲᠠᠭ᠎ᠠ ᠦᠭᠡᠢ ᠦᠰᠦᠭ ᠢ᠋ ᠲᠡᠮᠵᠢᠲᠡᠭ ᠮᠤᠩᠭᠤᠯ ᠬᠡᠯᠡᠨ ᠤ ᠮᠡᠲᠡᠭᠡ ᠵᠠᠩᠭᠢᠵᠢᠯᠲᠡ ᠳ᠋ᠤ᠌ ᠵᠤᠷᠢᠭᠤᠯᠤᠭᠰᠠᠨ ᠤᠯᠠᠨ ᠵᠦᠢᠯ ᠤᠨ ᠬᠠᠪᠰᠤᠷᠤᠯᠲᠠ ᠴᠢᠲᠠᠮᠵᠢ ᠲᠠᠢ ᠪᠡᠷ ᠤᠨᠴᠠᠯᠠᠭᠲᠠᠨ᠎ᠠ ᠃

  《ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ ᠢ᠋ ᠰᠢᠨᠡᠴᠢᠯᠡᠨ ᠲᠡᠭᠦᠯᠲᠡᠷᠵᠢᠬᠦᠯᠵᠦ ᠪᠤᠢ᠂ ᠢᠷᠡᠭᠡᠲᠦᠢ ᠳ᠋ᠤ᠌ ᠦᠭᠦᠯᠡᠪᠦᠷᠢ ᠵᠦᠢ ᠶᠢᠨ ᠬᠠᠷᠭᠤᠭᠤᠯᠭ᠎ᠠ ᠪᠤᠯᠤᠨ ᠦᠭᠡ ᠶᠢᠨ ᠤᠳᠬ᠎ᠠ ᠶᠢᠨ ᠬᠠᠷᠭᠤᠭᠤᠯᠭ᠎ᠠ ᠶᠢᠨ ᠴᠢᠲᠠᠮᠵᠢ ᠲᠠᠢ ᠪᠤᠯᠭᠠᠬᠤ ᠪᠤᠯᠤᠨ᠎ᠠ 》ᠭᠡᠵᠦ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠫᠷᠤᠹᠧᠰᠰᠤᠷ ᠯᠤᠭᠯᠤ ᠶᠠᠷᠢᠨ᠎ᠠ᠃

 

 

                                        ᠰᠢᠨᠬᠤᠸᠠ ᠮᠣᠩᠭᠤᠯ ᠨᠸᠲ ᠡᠴᠡ ᠰᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604