《ᠳᠤᠮᠳᠠᠳᠤ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠬᠦᠭᠵᠢᠭᠦᠯᠦᠯᠳᠡ  ᠶ᠋ᠢᠨ ᠢᠨᠵᠧᠨᠧᠷᠢᠩ》578 ᠪᠦᠲᠦᠭᠡᠯ ᠪᠠ ᠲᠦᠰᠦᠯ ᠢ᠋ ᠭᠤᠤᠯᠳᠠᠯᠭ᠎ᠠ ᠲᠠᠢ ᠲᠡᠳᠬᠦᠵᠠᠢ
2019.10.16

  ᠰᠢᠨᠬᠤᠸᠠ ᠬᠤᠷᠢᠶᠠᠨ ᠤ᠋ ᠪᠡᠭᠡᠵᠢᠩ ᠤ᠋ᠨ 10 ᠰᠠᠷ᠎ᠠ ᠶ᠋ᠢᠨ 14 ᠤ᠋ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠰᠧ ᠪᠸᠢ) ᠰᠤᠷᠪᠤᠯᠵᠢᠯᠠᠭᠴᠢ 14 ᠤ᠋ ᠡᠳᠦᠷ ᠳᠤᠮᠳᠠᠳᠤ ᠤᠯᠤᠰ ᠤ᠋ᠨ ᠵᠤᠬᠢᠶᠠᠯᠴᠢᠳ ᠤ᠋ᠨ ᠡᠪᠯᠡᠯ ᠪᠤᠯᠤᠨ ᠤᠯᠤᠰ ᠤ᠋ᠨ ᠦᠨᠳᠦᠰᠦᠳᠡᠨ ᠤ᠋ ᠬᠡᠷᠡᠭ ᠡᠷᠬᠢᠯᠡᠬᠦ ᠵᠦᠪᠯᠡᠯ ᠤ᠋ᠨ ᠬᠠᠮᠳᠤᠷᠠᠵᠥ ᠭᠤᠤᠯᠯᠠᠨ ᠡᠷᠬᠢᠯᠡᠭᠰᠡᠨ ᠵᠢᠷᠭᠤᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠵᠤᠬᠢᠶᠠᠨ ᠪᠦᠲᠦᠭᠡᠯᠭᠡ ᠶ᠋ᠢᠨ ᠬᠤᠷᠠᠯ ᠠ᠋ᠴᠠ ᠣᠢᠯᠠᠭᠠᠭᠰᠠᠨ ᠢ᠋ᠶ᠋ᠠᠷ᠂ ᠳᠤᠮᠳᠠᠳᠤ ᠤᠯᠤᠰ ᠤ᠋ᠨ ᠵᠤᠬᠢᠶᠠᠯᠴᠢᠳ ᠤ᠋ᠨ ᠡᠪᠯᠡᠯ 2013 ᠤᠨ ᠠ᠋ᠴᠠ《ᠳᠤᠮᠳᠠᠳᠤ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠬᠦᠭᠵᠢᠭᠦᠯᠦᠯᠳᠡ ᠶ᠋ᠢᠨ ᠢᠨᠵᠧᠨᠧᠷᠢᠩ》 ᠢ᠋ ᠬᠡᠷᠡᠭᠵᠢᠭᠦᠯᠦᠭᠰᠡᠨ ᠠ᠋ᠴᠠ ᠨᠠᠭᠠᠰᠢ᠂ ᠨᠡᠢᠲᠡ 578 ᠪᠦᠲᠦᠭᠡᠯ ᠪᠠ ᠲᠦᠰᠦᠯ ᠢ᠋ ᠭᠤᠤᠯᠳᠠᠯᠭ᠎ᠠ ᠲᠠᠢ ᠳᠡᠳᠬᠦᠪᠡ᠃   

  ᠳᠤᠮᠳᠠᠳᠤ ᠤᠯᠤᠰ ᠤ᠋ᠨ ᠵᠤᠬᠢᠶᠠᠯᠴᠢᠳ ᠤ᠋ᠨ ᠡᠪᠯᠡᠯ ᠤ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠳᠡᠳ᠋ ᠲᠡᠷᠢᠭᠦᠯᠡᠭᠴᠢ ᠴᠢᠶᠠᠨ ᠰᠢᠶᠤᠤ ᠴᠢᠶᠠᠨ ᠬᠤᠷᠡᠯ ᠲᠡᠭᠡᠷ᠎ᠡ᠄《ᠨᠠᠮ ᠤ᠋ᠨ ᠠᠷᠪᠠᠨ ᠨᠠᠢ᠍ᠮᠠᠳᠤᠭᠠᠷ ᠶᠡᠭᠡ ᠬᠤᠷᠠᠯ ᠠ᠋ᠴᠠ ᠨᠠᠭᠠᠰᠢ᠂ ᠮᠠᠨ ᠤ᠋ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠴᠡᠴᠡᠭᠯᠡᠨ ᠬᠥᠭᠵᠢᠵᠦ᠂ ᠡᠯᠪᠡᠭ ᠦᠷ᠎ᠡ ᠪᠦᠳᠦᠬᠡᠯ ᠤᠯᠵᠤ᠂ ᠴᠦᠬᠡᠨ ᠲᠤᠭᠠᠳᠤ ᠦᠨᠳᠦᠰᠦᠳᠡᠨ ᠤ᠋ 4 ᠵᠤᠬᠢᠶᠠᠯᠴᠢ ᠶ᠋ᠢᠨ ᠪᠦᠲᠦᠭᠡᠯ ᠤᠷᠢᠳ ᠬᠤᠵᠢᠳ ᠲᠦᠪ ᠤ᠋ᠨ ᠤᠬᠠᠭᠤᠯᠬᠤ ᠬᠡᠯᠳᠡᠰ ᠤ᠋ᠨ<ᠲᠠᠪᠤᠨ ᠨᠢᠭᠡ ᠶ᠋ᠢᠨ ᠢᠨᠵᠧᠨᠧᠷᠢᠩ> ᠤ᠋ᠨ ᠱᠠᠩᠨᠠᠯ ᠢ᠋ ᠬᠦᠷᠳᠡᠵᠤ᠂ ᠴᠦᠬᠡᠨ ᠲᠤᠭᠠᠳᠤ ᠦᠨᠳᠦᠰᠦᠳᠡᠨ ᠤ᠋ 1 ᠵᠤᠬᠢᠶᠠᠯᠴᠢ ᠶ᠋ᠢᠨ ᠪᠦᠲᠦᠭᠡᠯ ᠳᠤᠮᠳᠠᠳᠤ ᠤᠯᠤᠰ ᠤ᠋ᠨ ᠬᠡᠪᠯᠡᠯ ᠤ᠋ᠨ ᠵᠠᠰᠠᠭ ᠤ᠋ᠨ ᠤᠷᠳᠤᠨ ᠤ᠋ ᠱᠠᠩᠨᠠᠯ ᠢ᠋ ᠬᠦᠷᠳᠡᠵᠤ᠂ ᠴᠦᠬᠡᠨ ᠲᠤᠭᠠᠳᠤ ᠦᠨᠳᠦᠰᠦᠳᠡᠨ ᠤ᠋ 6 ᠵᠤᠬᠢᠶᠠᠯᠴᠢ ᠯᠤ᠌ ᠰᠢᠶᠦ᠋ᠨ ᠤᠳᠬ᠎ᠠ ᠵᠤᠬᠢᠶᠠᠯ ᠤ᠋ᠨ ᠱᠠᠩᠨᠠᠯ ᠢ᠋ ᠬᠦᠷᠳᠡᠵᠤ᠂ ᠴᠦᠬᠡᠨ ᠲᠤᠭᠠᠳᠤ ᠦᠨᠳᠦᠰᠦᠳᠡᠨ ᠤ᠋ 27 ᠵᠤᠬᠢᠶᠠᠯᠴᠢ ᠪᠦᠬᠦ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠵᠤᠬᠢᠶᠠᠨ ᠪᠦᠲᠦᠭᠡᠯᠭᠡ ᠶ᠋ᠢᠨ <ᠠᠵᠢᠨᠠᠢ ᠱᠠᠩᠨᠠᠯ> ᠵᠡᠷᠭᠡ ᠶ᠋ᠢ ᠬᠦᠷᠳᠡᠵᠠᠢ》ᠭᠡᠵᠤ ᠬᠡᠯᠡᠪᠡ᠃

  ᠰᠤᠷᠪᠤᠯᠵᠢᠯᠠᠭᠴᠢ ᠶ᠋ᠢᠨ ᠣᠢᠯᠠᠭᠠᠭᠰᠠᠨ ᠢ᠋ᠶ᠋ᠠᠷ᠂ ᠳᠤᠮᠳᠠᠳᠤ ᠤᠯᠤᠰ ᠤ᠋ᠨ ᠵᠤᠬᠢᠶᠠᠯᠴᠢᠳ ᠤ᠋ᠨ ᠡᠪᠯᠡᠯ《ᠳᠤᠮᠳᠠᠳᠤ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠬᠦᠭᠵᠢᠭᠦᠯᠦᠯᠳᠡ ᠶ᠋ᠢᠨ ᠢᠨᠵᠧᠨᠧᠷᠢᠩ》 ᠢ᠋ ᠵᠤᠬᠢᠶᠠᠨ ᠪᠠᠢᠭᠤᠯᠤᠨ ᠬᠡᠷᠡᠭᠵᠢᠭᠦᠯᠬᠦ ᠪᠠᠷ ᠳᠠᠮᠵᠢᠨ᠂ ᠭᠤᠤᠯᠳᠠᠯᠭ᠎ᠠ ᠲᠠᠢ ᠪᠦᠲᠦᠭᠡᠯ ᠢ᠋ ᠵᠤᠬᠢᠶᠠᠨ ᠪᠦᠲᠦᠭᠡᠬᠦ᠂ ᠰᠢᠯᠢᠳᠡᠭ ᠪᠦᠲᠦᠭᠡᠯ ᠢ᠋ ᠬᠡᠪᠯᠡᠭᠦᠯᠬᠦ᠂ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠰᠢᠯᠢᠳᠡᠭ ᠪᠦᠲᠦᠭᠡᠯ ᠢ᠋ ᠤᠷᠴᠢᠭᠤᠯᠬᠤ᠂ ᠤᠨᠤᠯ ᠰᠢᠭᠦᠮᠵᠢ ᠶ᠋ᠢᠨ ᠪᠠᠢᠭᠤᠯᠤᠯᠲᠠ᠂ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠢ᠋ ᠭᠠᠳᠠᠭᠠᠳᠤ ᠬᠡᠯᠡᠨ ᠳ᠋ᠤ᠌ ᠤᠷᠴᠢᠭᠤᠯᠬᠤ᠂ ᠴᠦᠬᠡᠨ ᠲᠤᠭᠠᠳᠤ ᠦᠨᠳᠦᠰᠦᠳᠡᠨ ᠤ᠋ ᠵᠤᠬᠢᠶᠠᠯᠴᠢᠳ ᠲᠤ᠌ ᠪᠤᠯᠪᠠᠰᠤᠷᠠᠯ ᠬᠦᠷᠳᠡᠭᠡᠬᠦ ᠵᠡᠷᠭᠡ ᠶ᠋ᠢ ᠳᠡᠳᠭᠦᠨ ᠳᠡᠮᠵᠢᠪᠡ᠃ ᠢᠨᠵᠧᠨᠧᠷᠢᠩ ᠢ᠋ ᠬᠡᠷᠡᠭᠵᠢᠭᠦᠯᠦᠭᠰᠡᠨ 6 ᠵᠢᠯ ᠤ᠋ᠨ ᠲᠤᠷᠰᠢ᠂《ᠳᠤᠮᠳᠠᠳᠤ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠤᠳᠤᠨ》ᠴᠤᠪᠤᠷᠠᠯ ᠪᠢᠴᠢᠭ 20 ᠢᠵᠢ ᠰᠢᠯᠭᠠᠷᠠᠭᠤᠯᠵᠤ᠂ 50 ᠨᠠᠰᠤᠨ ᠠ᠋ᠴᠠ ᠳᠤᠷᠤᠭᠰᠢᠬᠢ ᠴᠦᠬᠡᠨ ᠲᠤᠭᠠᠳᠤ ᠦᠨᠳᠦᠰᠦᠳᠡᠨ ᠤ᠋ ᠢᠳᠡᠷ ᠵᠠᠯᠠᠭᠤ ᠵᠤᠬᠢᠶᠠᠯᠴᠢ 20 ᠶ᠋ᠢ ᠴᠤᠯᠭᠤᠷᠠᠭᠤᠯᠤᠨ᠂ 55 ᠴᠦᠬᠡᠨ ᠲᠤᠭᠠᠳᠤ ᠦᠨᠳᠦᠰᠦᠳᠡᠨ ᠤ᠋ 2218 ᠵᠤᠬᠢᠶᠠᠯᠴᠢ ᠶ᠋ᠢᠨ 4279 ᠪᠦᠲᠦᠭᠡᠯ ᠢ᠋ ᠰᠤᠩᠭᠤᠨ ᠤᠷᠤᠭᠤᠯᠤᠭᠰᠠᠨ《ᠰᠢᠨ᠎ᠠ ᠴᠠᠭ ᠦᠶ᠎ᠠ ᠶ᠋ᠢᠨ ᠳᠤᠮᠳᠠᠳᠤ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠪᠦᠲᠦᠭᠡᠯ ᠤ᠋ᠨ ᠰᠤᠩᠭᠤᠮᠠᠯ》(60 ᠲᠡᠪᠳᠡᠷ ) ᠢ᠋ ᠨᠠᠢᠷᠠᠭᠤᠯᠤᠨ ᠬᠡᠪᠯᠡᠭᠦᠯᠵᠠᠢ᠃

  ᠴᠢᠶᠠᠨ ᠰᠢᠶᠤᠤ ᠴᠢᠶᠠᠨ᠂ ᠮᠠᠨ  ᠤ᠋ ᠤᠯᠤᠰ ᠤ᠋ᠨ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠦᠢᠯᠡᠰ ᠤ᠋ᠨ ᠬᠦᠭᠵᠢᠯᠳᠡ ᠶ᠋ᠢ ᠲᠠᠰᠤᠷᠠᠯᠳᠠ ᠦᠭᠡᠢ ᠠᠬᠢᠭᠤᠯᠬᠤ ᠶ᠋ᠢᠨ ᠲᠦᠯᠦᠭᠡ᠂ ᠳᠤᠮᠳᠠᠳᠤ ᠤᠯᠤᠰ ᠤ᠋ᠨ ᠵᠤᠬᠢᠶᠠᠯᠴᠢᠳ ᠤ᠋ᠨ ᠡᠪᠯᠡᠯ ᠠ᠋ᠴᠠ ᠴᠦᠬᠡᠨ ᠲᠤᠭᠠᠳᠤ ᠦᠨᠳᠦᠰᠦᠳᠡᠨ  ᠤ᠋ ᠤᠳᠬ᠎ᠠ ᠵᠤᠬᠢᠶᠠᠯ ᠤ᠋ᠨ ᠬᠦᠭᠵᠢᠯᠳᠡ ᠶ᠋ᠢ ᠳᠡᠳᠬᠦᠬᠦ ᠲᠤᠰᠬᠠᠢ ᠪᠡᠯᠡ ᠮᠦᠩᠭᠦ ᠶ᠋ᠢ ᠦᠷᠭᠦᠯᠵᠢᠯᠡᠨ ᠭᠠᠷᠭᠠᠵᠤ᠂《ᠴᠦᠬᠡᠨ ᠲᠤᠭᠠᠳᠤ ᠦᠨᠳᠦᠰᠦᠳᠡᠨ ᠤ᠋ ᠵᠤᠬᠢᠶᠠᠯᠴᠢ᠂ ᠤᠷᠴᠢᠭᠤᠯᠤᠭᠴᠢ ᠶ᠋ᠢᠨ ᠪᠤᠯᠪᠠᠰᠤᠷᠠᠯ ᠤ᠋ᠨ ᠲᠦᠰᠦᠯ》᠂《ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠢ᠋ ᠬᠡᠪᠯᠡᠭᠦᠯᠬᠦ ᠲᠦᠰᠦᠯ》᠂《ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠭᠤᠤᠯᠳᠠᠯᠭ᠎ᠠ ᠲᠠᠢ ᠪᠦᠲᠦᠭᠡᠯ ᠢ᠋ ᠳᠡᠳᠬᠦᠬᠦ ᠲᠦᠰᠦᠯ》ᠵᠡᠷᠭᠡ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠢ᠋ ᠬᠦᠭᠵᠢᠭᠦᠯᠬᠦ ᠲᠦᠰᠦᠯ ᠤ᠋ᠨ ᠪᠠᠢᠭᠤᠯᠤᠯᠲᠠ ᠶ᠋ᠢ ᠴᠢᠩᠭᠠᠳᠬᠠᠨ᠂ ᠴᠦᠬᠡᠨ ᠲᠤᠭᠠᠳᠤ ᠦᠨᠳᠦᠰᠦᠳᠡᠨ ᠤ᠋ ᠤᠳᠬ᠎ᠠ ᠵᠤᠬᠢᠶᠠᠯ ᠤ᠋ᠨ ᠴᠢᠬᠤᠯᠠ ᠦᠢᠯᠡᠳᠦᠯ  ᠢ᠋ ᠰᠠᠢᠲᠤᠷ ᠪᠠᠳᠠᠷᠠᠭᠤᠯᠤᠨ᠎ᠠ ᠭᠡᠵᠤ ᠢᠯᠡᠳᠭᠡᠪᠡ᠃

  ᠨᠠᠢᠷᠠᠭᠤᠯᠤᠭᠴᠢ᠄ ᠪᠤᠤ ᠮᠸᠢ ᠷᠦᠩ

  ᠳᠤᠮᠳᠠᠳᠤ ᠤᠯᠤᠰ ᠤ᠋ᠨ ᠮᠣᠩᠭᠤᠯ ᠬᠡᠯᠡᠨ ᠤ᠋ ᠰᠣᠨᠢᠨ ᠮᠡᠳᠡᠭᠡ ᠶ᠋ᠢᠨ ᠰᠦᠯᠵᠢᠶᠡᠨ ᠡᠴᠡ ᠰᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604