ᠮᠠᠨ᠎ᠤ ᠤᠯᠤᠰ᠎ᠤᠨ ᠠᠩᠬᠠᠨ᠎ᠤ AI ᠮᠤᠩᠭᠤᠯ ᠬᠡᠯᠡᠨ᠎ᠤ ᠤᠶᠤᠨᠴᠢ ᠳᠠᠪᠴᠠᠩ ᠠᠱᠢᠭᠯᠠᠯᠳᠠ᠎ᠳᠤ ᠤᠷᠤᠪᠠ
2019.10.23
  ᠱᠢᠨᠬᠤᠧᠠ ᠬᠤᠷᠢᠶ᠎ᠠ   ᠬᠦᠬᠡᠬᠤᠳᠠ᠎ᠶᠢᠨ 10 ᠰᠠᠷ᠎ᠠ᠎ᠶᠢᠨ 20᠎ᠤ ᠡᠳᠦᠷ᠎ᠤᠨ ᠴᠠᠬᠢᠯᠭᠠᠨ ᠮᠡᠳᠡᠬᠡ (ᠤᠷᠢᠬᠠᠨ)  ᠣᠢᠷ᠎ᠠ᠎ᠶᠢᠨ ᠡᠳᠦᠷ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠮᠤᠩᠭᠤᠯ ᠮᠡᠳᠡᠬᠡ ᠵᠠᠩᠬᠢ ᠱᠢᠢᠳᠪᠦᠷᠢᠯᠡᠯᠲᠡ᠎ᠶᠢᠨ ᠮᠡᠷᠬᠡᠵᠢᠯ᠎ᠤᠨ ᠭᠤᠤᠯ ᠴᠢᠬᠤᠯᠠ ᠳᠤᠷᠱᠢᠯᠳᠠ᠎ᠶᠢᠨ ᠳᠠᠰᠤᠭ ᠵᠡᠷᠬᠡ ᠪᠠᠢᠭᠤᠯᠤᠮᠵᠢ᠎ᠶᠢᠨ ᠬᠠᠮᠳᠤᠷᠠᠨ ᠰᠤᠳᠤᠯᠤᠨ ᠪᠦᠳᠦᠬᠡᠭᠰᠡᠨ 《ᠤᠶᠤᠨ AI ᠮᠤᠩᠭᠤᠯ ᠬᠡᠯᠡᠨ᠎ᠤ ᠤᠶᠤᠨᠴᠢ ᠳᠠᠪᠴᠠᠩ》 ᠠᠱᠢᠭᠯᠠᠯᠳᠠ᠎ᠳᠤ ᠤᠷᠤᠵᠤ᠂ ᠬᠡᠷᠡᠭᠯᠡᠭᠴᠢᠳ ᠦᠨ᠎ᠡ ᠳᠦᠯᠦᠪᠦᠷᠢ ᠦᠬᠡᠢ᠎ᠪᠡᠷ ᠠᠱᠢᠭᠯᠠᠬᠤ ᠪᠤᠯᠤᠮᠵᠢ᠎ᠲᠠᠢ ᠪᠤᠯᠤᠯ᠎ᠠ᠃ ᠣᠢᠯᠠᠭᠠᠭᠰᠠᠨ᠎ᠢᠶᠡᠷ᠂ ᠡᠨᠡ᠎ᠨᠢ ᠮᠠᠨ᠎ᠤ ᠤᠯᠤᠰ᠎ᠤᠨ ᠠᠩᠬᠠᠨ᠎ᠤ AI ᠮᠤᠩᠭᠤᠯ ᠬᠡᠯᠡᠨ᠎ᠤ ᠤᠶᠤᠨᠴᠢ ᠳᠠᠪᠴᠠᠩ ᠪᠤᠯᠤᠨ᠎ᠠ᠃
 

 

 
  ᠳᠤᠰ ᠳᠠᠪᠴᠠᠩ᠎ᠨᠢ ᠬᠤᠪᠢ ᠬᠦᠮᠦᠨ᠂ ᠮᠡᠷᠬᠡᠵᠢᠯ᠎ᠤᠨ ᠪᠠᠢᠭᠤᠯᠤᠮᠵᠢ ᠬᠢᠬᠡᠳ ᠭᠤᠷᠪᠠᠳᠡᠬᠢ ᠡᠳᠡᠬᠡᠳ᠎ᠤᠨ ᠰᠤᠳᠤᠯᠭᠠᠨ᠎ᠤ ᠬᠦᠮᠦᠰ᠎ᠲᠤ ᠮᠤᠩᠭᠤᠯ ᠬᠡᠯᠡᠨ᠎ᠤ ᠤᠯᠠᠨ ᠳᠦᠷᠦᠯ᠎ᠤᠨ ᠮᠡᠳᠡᠬᠡ ᠵᠠᠩᠬᠢ ᠱᠢᠶ᠋ᠳᠪᠦᠷᠢᠯᠡᠯᠳᠡ᠎ᠶᠢᠨ ᠦᠢᠯᠡᠴᠢᠯᠡᠬᠡ ᠪᠠ ᠬᠤᠯᠪᠤᠭᠠᠰᠤ ᠬᠠᠩᠭᠠᠳᠠᠭ ᠮᠤᠩᠭᠤᠯ ᠬᠡᠯᠡᠨ᠎ᠤ ᠮᠡᠳᠡᠬᠡ ᠵᠠᠩᠬᠢᠴᠢᠯᠠᠯᠳᠠ᠎ᠶᠢᠨ ᠬᠦᠭᠵᠢᠯ᠎ᠤᠨ ᠪᠠᠰᠠ ᠨᠢᠬᠡᠨ ᠴᠢᠬᠤᠯᠠ ᠱᠢᠪᠳᠤᠯᠤᠯᠳᠠ ᠪᠤᠯᠬᠤ᠎ᠶᠤᠮ᠃
  ᠳᠠᠪᠴᠠᠩ᠎ᠨᠢ ᠬᠤᠪᠢ ᠬᠦᠮᠦᠨ᠎ᠤ ᠬᠡᠷᠡᠭᠯᠡᠭᠴᠢᠳ᠎ᠲᠤ ᠬᠠᠨᠳᠤᠭᠤᠯᠤᠨ ᠮᠤᠩᠭᠤᠯ ᠬᠢᠳᠠᠳ ᠬᠡᠯᠡᠨ᠎ᠤ ᠬᠠᠷᠢᠯᠴᠠᠨ ᠠᠦ᠋ᠲ᠋ᠤᠮᠠᠲ ᠤᠷᠴᠢᠭᠤᠯᠭ᠎ᠠ᠂ ᠮᠤᠩᠭᠤᠯ ᠬᠢᠳᠠᠳ ᠠᠪᠢᠶᠠᠨ᠎ᠤ ᠬᠠᠷᠢᠯᠴᠠᠨ ᠤᠷᠴᠢᠭᠤᠯᠭ᠎ᠠ᠂ ᠬᠦᠮᠦᠨ᠎ᠤ᠎ᠨᠡᠷ᠎ᠡ᠎ᠶᠢᠨ ᠬᠢᠳᠠᠳ ᠮᠤᠩᠭᠤᠯ ᠤᠷᠴᠢᠭᠤᠯᠭ᠎ᠠ᠂ ᠤᠢᠭᠤᠷᠵᠢᠨ ᠮᠤᠩᠭᠤᠯ ᠬᠢᠬᠡᠳ ᠺᠢᠷᠢᠯ ᠦᠰᠦᠭ᠎ᠤᠨ ᠬᠦᠷᠪᠡᠬᠦᠯᠬᠡ᠂ OCR᠂ ᠮᠤᠩᠭᠤᠯ ᠬᠡᠯᠡᠨ᠎ᠤ ᠠᠦ᠋ᠲ᠋ᠤᠮᠠᠲ ᠦᠰᠦᠭ ᠬᠠᠷᠭᠤᠯᠭ᠎ᠠ᠂ ᠮᠤᠩᠭᠤᠯ ᠬᠡᠯᠡᠨ᠎ᠤ ᠠᠪᠢᠶᠠᠯᠠᠯᠭ᠎ᠠ᠎ᠶᠢᠨ ᠨᠡᠢᠯᠡᠯᠭᠡ ᠵᠡᠷᠬᠡ ᠤᠯᠠᠨ ᠴᠢᠳᠠᠪᠬᠢ᠎ᠲᠠᠢ᠃ ᠳᠠᠪᠴᠠᠩ᠎ᠢ ᠭᠠᠷ ᠤᠳᠠᠰᠤᠨ᠎ᠳᠤ ᠰᠠᠭᠤᠳᠭᠠᠬᠤ ᠴᠢᠬᠤᠯᠠ ᠦᠬᠡᠢ᠂ ᠸᠢᠴᠠᠲ᠎ᠤᠨ ᠵᠢᠵᠢᠭ ᠫᠷᠤᠭ᠌ᠷᠠᠮ᠎ᠤᠨ ᠴᠢᠳᠠᠪᠬᠢ᠎ᠡᠴᠡ 《ᠤᠶᠤᠨ AI》 ᠬᠡᠵᠤ ᠬᠠᠢᠭᠠᠳ ᠱᠢᠭᠤᠳ ᠠᠱᠢᠭᠯᠠᠵᠤ ᠪᠤᠯᠤᠨ᠎ᠠ᠃
  ᠭᠤᠷᠪᠠᠳᠡᠬᠢ ᠡᠳᠡᠬᠡᠳ᠎ᠤᠨ ᠰᠤᠳᠤᠯᠭᠠᠨ᠎ᠤ ᠬᠦᠮᠦᠰ᠎ᠲᠤ ᠬᠠᠨᠳᠤᠭᠤᠯᠤᠨ ᠤᠶᠤᠨ AI ᠬᠤᠯᠪᠤᠭᠠᠰᠤ ᠳᠠᠪᠴᠠᠩ᠎ᠨᠢ ᠬᠠᠮᠢᠶᠠᠳᠠᠢ ᠤᠶᠤᠨᠴᠢ ᠦᠢᠯᠡᠴᠢᠯᠡᠬᠡ ᠬᠠᠩᠭᠠᠨ᠎ᠠ᠃ ᠮᠦᠨ ᠮᠤᠩᠭᠤᠯ ᠬᠡᠯᠡᠨ᠎ᠤ ᠮᠡᠳᠡᠬᠡ ᠵᠠᠩᠬᠢᠴᠢᠯᠠᠯᠳᠠ᠎ᠶᠢᠨ ᠨᠡᠢᠲᠡ᠎ᠶᠢᠨ ᠠᠰᠠᠷᠠᠮᠵᠢ᠎ᠶᠢᠨ ᠦᠢᠯᠡᠰ᠎ᠤᠨ ᠬᠦᠭᠵᠢᠯᠳᠡ᠎ᠶᠢ ᠠᠬᠢᠭᠤᠯᠬᠤ᠎ᠶᠢᠨ ᠳᠦᠯᠦᠬᠡ᠂ ᠳᠤᠰ ᠳᠠᠪᠴᠠᠩ᠎ᠨᠢ ᠬᠤᠪᠢ ᠬᠦᠮᠦᠨ ᠬᠢᠬᠡᠳ ᠨᠡᠢᠭᠡᠮ᠎ᠤᠨ ᠪᠦᠯᠬᠦᠮ ᠨᠢᠬᠡᠴᠡ᠎ᠳᠤ ᠨᠢᠬᠡ ᠵᠢᠯ᠎ᠡᠴᠡ ᠳᠡᠬᠡᠭᠱᠢ ᠬᠤᠭᠤᠴᠠᠭ᠎ᠠ᠎ᠲᠠᠢ ᠦᠨ᠎ᠡ ᠳᠦᠯᠦᠪᠦᠷᠢ ᠦᠬᠡᠢ ᠡᠬᠦᠯᠡᠨ ᠦᠢᠯᠡᠴᠢᠯᠡᠬᠡᠨ᠎ᠤ ᠬᠤᠯᠪᠤᠭᠠᠰᠤ ᠬᠠᠩᠭᠠᠬᠤ᠎ᠪᠡᠷ ᠪᠠᠢᠨ᠎ᠠ᠃

 

 

 

 
  ᠪᠡᠯᠡᠳᠭᠡᠭᠰᠡᠨ᠎ᠨᠢ᠄ ᠪᠣᠯᠤᠷᠴᠡᠴᠡᠭ
  ᠱᠢᠨᠬᠤᠸᠠ ᠮᠣᠩᠭᠤᠯ ᠨᠸᠲ᠎ᠠᠴᠠ ᠱᠢᠯᠵᠢᠭᠦᠯᠦᠨ ᠨᠡᠢᠳᠡᠯᠡᠪᠡ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604