ᠪᠦᠬᠦ ᠤᠯᠤᠰ ᠤᠨ ᠮᠤᠩᠭᠤᠯ ᠠᠮᠠᠨ ᠵᠤᠬᠢᠶᠠᠯ ᠤᠨ ᠡᠷᠳᠡᠮ ᠰᠢᠨᠵᠢᠯᠡᠭᠡᠨ ᠤ ᠬᠤᠷᠠᠯ ᠯᠠᠨᠵᠧᠦ ᠳᠤ ᠬᠤᠷᠠᠯᠳᠤᠪᠠ
2019.11.01

  ᠪᠠᠷᠠᠭᠤᠨ ᠬᠤᠢᠳᠤ ᠶᠢᠨ ᠦᠨᠳᠦᠰᠦᠳᠡᠨ ᠤ ᠶᠡᠬᠡ ᠰᠤᠷᠭᠠᠭᠤᠯᠢ ᠶᠢᠨ ᠡᠷᠬᠢᠯᠡᠭᠰᠡᠨ ᠪᠦᠬᠦ ᠤᠯᠤᠰ ᠤᠨ《ᠠᠮᠠᠨ ᠤᠯᠠᠮᠵᠢᠯᠠᠯ ᠬᠢᠭᠡᠳ ᠤᠳᠤ ᠦᠶ᠎ᠡ ᠶᠢᠨ ᠪᠤᠯᠪᠠᠰᠤᠨ᠄ ᠮᠤᠩᠭᠤᠯ ᠲᠦᠷᠦᠯ ᠬᠡᠯᠡᠳᠦ ᠦᠨᠳᠦᠰᠦᠳᠡᠨ ᠨᠤᠬᠦᠳ ᠤᠨ ᠠᠮᠠᠨ ᠵᠤᠬᠢᠶᠠᠯ ᠬᠢᠭᠡᠳ ᠳᠤᠭᠠᠴᠢᠯᠠᠭᠰᠠᠨ ᠰᠤᠳᠤᠯᠤᠯ》ᠡᠷᠳᠡᠮ ᠰᠢᠨᠵᠢᠯᠡᠭᠡᠨ ᠤ ᠬᠤᠷᠠᠯ 10 ᠰᠠᠷ᠎ᠠ ᠶᠢᠨ 26 ᠤ ᠡᠳᠦᠷ ᠯᠠᠨᠵᠧᠦ ᠬᠤᠳᠠᠨ᠎ᠠ ᠡᠬᠢᠯᠡᠪᠡ᠃

  ᠡᠨᠡ ᠬᠦ᠌ ᠬᠤᠷᠠᠯ ᠳᠤ ᠳᠦᠪ ᠤᠨ ᠦᠨᠳᠦᠰᠦᠳᠡᠨ ᠤ ᠶᠡᠬᠡ ᠰᠤᠷᠭᠠᠭᠤᠯᠢ᠂ ᠦᠪᠦᠷ ᠮᠤᠩᠭᠤᠯ ᠤᠨ ᠶᠡᠬᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠳᠡᠨ ᠤ ᠶᠡᠬᠡ ᠰᠤᠷᠭᠠᠭᠤᠯᠢ᠂ ᠰᠢᠨᠵᠢᠶᠡᠩ ᠶᠡᠬᠡ ᠰᠤᠷᠭᠠᠭᠤᠯᠢ᠂ ᠬᠦᠬᠡᠨᠠᠭᠤᠷ ᠤᠨ ᠦᠨᠳᠦᠰᠦᠳᠡᠨ ᠤ ᠶᠡᠬᠡ ᠰᠤᠷᠭᠠᠭᠤᠯᠢ᠂ ᠬᠦᠬᠡᠬᠤᠳᠠ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠭᠡᠳᠦ ᠰᠤᠷᠭᠠᠭᠤᠯᠢ᠂ ᠦᠪᠦᠷ ᠮᠤᠩᠭᠤᠯ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨᠵᠢᠶᠡᠩ ᠤᠨ ᠨᠡᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠦᠨᠳᠦᠰᠦᠳᠡᠨ ᠤ ᠬᠡᠪᠯᠡᠯ ᠤᠨ ᠬᠤᠷᠢᠶ᠎ᠠ ᠵᠡᠷᠭᠡ ᠬᠤᠯᠪᠤᠭᠳᠠᠬᠤ ᠪᠠᠢᠭᠤᠯᠭ᠎ᠠ ᠶᠢᠨ ᠡᠷᠳᠡᠮᠳᠡᠨ᠂ ᠰᠤᠳᠤᠯᠤᠭᠠᠴᠢ᠂ ᠲᠦᠯᠦᠭᠡᠯᠡᠭᠴᠢ ᠨᠠᠷ ᠢ ᠪᠠᠭᠳᠠᠭᠠᠭᠰᠠᠨ 100 ᠭᠠᠷᠤᠢ ᠬᠦᠮᠦᠨ ᠤᠷᠤᠯᠴᠠᠪᠠ᠃

  ᠮᠤᠩᠭᠤᠯ ᠠᠮᠠᠨ ᠵᠤᠬᠢᠶᠠᠯ ᠤᠨ ᠰᠤᠳᠤᠯᠤᠯ ᠤᠨ ᠠᠵᠢᠯ ᠠᠯᠢ ᠡᠷᠳᠡ ᠠᠷᠪᠠᠨ ᠨᠠᠢ᠍ᠮᠠᠳᠤᠭᠠᠷ ᠵᠠᠭᠤᠨ ᠠᠴᠠ ᠡᠬᠢᠯᠡᠭᠰᠡᠨ ᠲᠡᠦᠭᠡ ᠲᠡᠢ᠃ ᠠᠮᠠᠨ ᠵᠤᠬᠢᠶᠠᠯ ᠢ ᠴᠤᠭᠯᠠᠭᠤᠯᠬᠤ᠂ ᠡᠮᠬᠢᠯᠡᠬᠦ᠂ ᠤᠷᠴᠢᠭᠤᠯᠬᠤ᠂ ᠬᠡᠪᠯᠡᠬᠦ᠂ ᠰᠤᠳᠤᠯᠬᠤ ᠠᠵᠢᠯ ᠳᠤᠮᠳᠠᠳᠤ᠂ ᠮᠤᠩᠭᠤᠯ᠂ ᠤᠷᠤᠰ᠂ ᠭᠧᠷᠮᠠᠨ᠂ ᠬᠠᠩᠭᠠᠷᠢ᠂ ᠠᠩᠭᠯᠢ ᠵᠡᠷᠭᠡ ᠤᠯᠠᠨ ᠤᠯᠤᠰ ᠤᠷᠤᠨ ᠳᠤ ᠡᠷᠴᠢᠮᠳᠡᠢ ᠶᠠᠪᠤᠭᠳᠠᠵᠦ ᠢᠷᠡᠭᠰᠡᠨ ᠶᠤᠮ᠃ ᠡᠨᠡ ᠤᠳᠠᠭᠠᠨ ᠤ ᠬᠤᠷᠠᠯ ᠳᠤ ᠮᠤᠩᠭᠤᠯ ᠪᠠᠭᠠᠳᠤᠷᠯᠢᠭ ᠳᠤᠤᠯᠢ ᠶᠢᠨ ᠳᠦᠯᠦᠭᠡᠯᠡᠯ ᠪᠤᠯᠤᠭᠰᠠᠨ《ᠵᠠᠩᠭᠠᠷ》᠂ 《ᠭᠡᠰᠡᠷ》 ᠤᠨ ᠰᠤᠶᠤᠯ ᠤᠯᠠᠮᠵᠢᠯᠠᠯ᠂ ᠶᠠᠪᠠᠭᠠᠨ ᠦᠯᠢᠭᠡᠷ ᠤᠨ ᠰᠲ᠋ᠢᠯᠢ ᠲᠦᠷᠦᠯ᠂ ᠬᠡᠪ ᠰᠢᠨᠵᠢ᠂ ᠦᠢᠯᠡ ᠶᠠᠪᠤᠳᠠᠯ᠂ ᠮᠤᠲ᠋ᠢᠹ ᠲᠤ ᠬᠤᠯᠪᠤᠭᠳᠠᠬᠤ ᠠᠰᠠᠭᠤᠳᠠᠯ᠂ ᠡᠨᠡᠳᠭᠡᠭ ᠲᠦᠪᠡᠳ ᠤᠷᠠᠨ ᠵᠤᠬᠢᠶᠠᠯ ᠤᠨ ᠮᠤᠩᠭᠤᠯ ᠠᠮᠠᠨ ᠵᠤᠬᠢᠶᠠᠯ ᠳᠤ ᠦᠵᠡᠬᠦᠯᠦᠭᠰᠡᠨ ᠨᠦᠯᠦᠭᠡ ᠳᠤᠰᠬᠠᠯ᠂ ᠪᠤᠰᠤᠳ ᠬᠠᠷᠢ ᠦᠨᠳᠦᠰᠦᠳᠡᠨ ᠤ ᠠᠮᠠᠨ ᠵᠤᠬᠢᠶᠠᠯ ᠯᠤᠭ᠎ᠠ ᠶᠢᠨ ᠬᠠᠷᠢᠴᠠᠭ᠎ᠠ ᠬᠤᠯᠪᠤᠭ᠎ᠠ᠂ ᠪᠤᠤ ᠠᠨ᠂ ᠶᠤᠭᠤᠷ᠂ ᠮᠤᠩᠭᠤᠷ᠂ ᠳ᠋ᠦᠩᠰᠢᠶᠠᠩ ᠵᠡᠷᠭᠡ ᠮᠤᠩᠭᠤᠯ ᠲᠦᠷᠦᠯ ᠬᠡᠯᠡᠳᠦ ᠦᠨᠳᠦᠰᠦᠳᠡᠨ ᠤ ᠠᠮᠠᠨ ᠵᠤᠬᠢᠶᠠᠯ ᠳᠤ ᠬᠢᠭᠰᠡᠨ ᠬᠡᠭᠡᠷ᠎ᠡ ᠶᠢᠨ ᠪᠠᠢᠴᠠᠭᠠᠯᠳᠠ ᠶᠢᠨ ᠪᠠᠢᠳᠠᠯ᠂ ᠮᠤᠩᠭᠤᠯᠴᠢ ᠡᠷᠳᠡᠮᠳᠡᠳ ᠤᠨ ᠨᠤᠮ ᠪᠦᠳᠦᠭᠡᠯ ᠤᠨ ᠦᠨ᠎ᠡ ᠴᠠᠨ᠎ᠠ᠂ ᠮᠤᠩᠭᠤᠯ ᠠᠮᠠᠨ ᠵᠤᠬᠢᠶᠠᠯ ᠢ ᠲᠠᠵᠢᠳᠠᠯᠵᠢᠭᠤᠯᠬᠤ ᠠᠰᠠᠭᠤᠳᠠᠯ᠂ ᠠᠮᠠᠨ ᠵᠤᠬᠢᠶᠠᠯ ᠤᠨ ᠰᠤᠳᠤᠯᠭᠠᠨ ᠤ ᠳᠤᠢᠮᠤ ᠪᠠᠢᠳᠠᠯ ᠵᠡᠷᠭᠡ ᠦᠷᠭᠡᠨ ᠰᠡᠳᠦᠪ ᠢᠶᠠᠷ 38 ᠡᠷᠳᠡᠮᠳᠡᠨ ᠰᠤᠳᠤᠯᠤᠭᠠᠴᠢ ᠢᠯᠡᠳᠭᠡᠯ ᠬᠢᠵᠦ ᠴᠢᠯᠦᠭᠡᠳᠡᠢ ᠶᠠᠷᠢᠯᠴᠠᠬᠤ ᠪᠠᠷ ᠪᠠᠢᠨ᠎ᠠ᠃

  ᠳᠤᠰ ᠤᠳᠠᠭᠠᠨ ᠤ ᠬᠤᠷᠠᠯ ᠤᠨ ᠴᠢᠬᠤᠯᠠ ᠦᠢᠯᠡ ᠠᠵᠢᠯᠯᠠᠭ᠎ᠠ ᠶᠢᠨ ᠨᠢᠭᠡ ᠪᠤᠯ《ᠮᠤᠩᠭᠤᠯ ᠶᠠᠪᠠᠭᠠᠨ ᠦᠯᠢᠭᠡᠷ ᠤᠨ ᠬᠡᠪ ᠰᠢᠨᠵᠢ ᠬᠢᠭᠡᠳ ᠮᠤᠲ᠋ᠢᠹ ᠤᠨ ᠳᠤᠪᠶᠤᠭ》ᠭᠡᠳᠡᠭ ᠨᠤᠮ ᠤᠨ ᠲᠠᠷᠬᠠᠭᠠᠯᠳᠠ ᠶᠢᠨ ᠶᠤᠰᠤᠯᠠᠯ ᠪᠤᠯᠤᠨ᠎ᠠ᠃ ᠡᠨᠡ ᠬᠦ᠌ ᠨᠤᠮ ᠨᠢ ᠮᠤᠩᠭᠤᠯ ᠶᠠᠪᠠᠭᠠᠨ ᠦᠯᠢᠭᠡᠷ ᠢ ᠬᠡᠪ ᠰᠢᠨᠵᠢ᠂ ᠮᠤᠲ᠋ᠢᠹ ᠢᠶᠠᠷ ᠡᠷᠢᠵᠦ ᠬᠠᠢᠨ᠂ ᠶᠡᠷᠦᠩᠭᠡᠢ ᠤᠨᠴᠠᠯᠢᠭ ᠰᠢᠨᠵᠢ ᠶᠢ ᠨᠢ ᠤᠢᠯᠠᠭᠠᠵᠦ᠂ ᠰᠤᠳᠤᠯᠵᠦ ᠰᠢᠨᠵᠢᠯᠡᠬᠦ ᠳᠤ ᠭᠠᠷ ᠠᠪᠤᠯᠭ᠎ᠠ ᠪᠤᠯᠤᠭᠰᠠᠨ ᠢᠶᠠᠷ ᠢᠶᠠᠨ ᠮᠤᠩᠭᠤᠯ ᠠᠮᠠᠨ ᠵᠤᠬᠢᠶᠠᠯ ᠤᠨ ᠰᠤᠳᠤᠯᠤᠯ ᠤᠨ ᠲᠡᠦᠭᠡᠨ ᠳᠤ ᠮᠠᠰᠢ ᠴᠢᠬᠤᠯᠠ ᠠᠴᠢ ᠬᠤᠯᠪᠤᠭᠳᠠᠯ ᠲᠡᠢ ᠶᠤᠮ᠃

 

 

 

 

 

 

  ᠨᠠᠢᠷᠠᠭᠤᠯᠤᠭᠴᠢ᠄ ᠲᠡᠮᠦᠷᠭᠤᠤᠯᠲᠤ

  ᠳᠤᠮᠳᠠᠳᠤ ᠤᠯᠤᠰ ᠤ᠋ᠨ ᠰᠦᠯᠵᠢᠶᠡᠨ ᠤ᠋ ᠲᠸᠯᠸᠢᠰ ᠠ᠋ᠴᠠ ᠰᠢᠯᠵᠢᠭᠦᠯᠦᠨ ᠨᠡᠢᠳᠡᠯᠡᠪᠡ

 

 
(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠡᠮᠦᠨᠡᠬᠢ ᠵᠣᠬᠢᠶᠠᠯ᠄ ᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604