ᠮᠤᠩᠭᠤᠯ ᠰᠤᠷᠪᠤᠯᠵᠢ ᠪᠢᠴᠢᠭ᠎ᠤᠨ ᠴᠤᠪᠤᠷᠠᠯ ᠬᠡᠪᠯᠡᠭᠳᠡᠯ᠎ᠡ
2019.11.04

   《ᠨᠢᠭᠡ ᠪᠦᠰᠡ ᠨᠢᠭᠡ ᠵᠠᠮ》 ᠲᠠᠭᠠᠤ ᠤᠯᠤᠰ ᠤᠷᠤᠨ᠎ᠤ ᠮᠤᠩᠭᠤᠯ ᠰᠤᠷᠪᠤᠯᠵᠢ ᠪᠢᠴᠢᠭ ᠰᠤᠳᠤᠯᠤᠯ᠎ᠤᠨ ᠤᠯᠠᠨ ᠤᠯᠤᠰ᠎ᠤᠨ ᠡᠷᠳᠡᠮ ᠱᠢᠨᠵᠢᠯᠡᠭᠡᠨ᠎ᠤ ᠬᠤᠷᠠᠯ 2019᠎ᠤᠨ᠎ᠤ 11 ᠰᠠᠷ᠎ᠠ᠎ᠶᠢᠨ 2᠎ᠤᠨ ᠡᠳᠦᠷ ᠲᠦᠪ᠎ᠤᠨ ᠦᠨᠳᠦᠰᠦᠳᠡᠨ᠎ᠤ ᠶᠡᠬᠡ ᠰᠤᠷᠭᠠᠭᠤᠯᠢ᠎ᠳᠤ ᠡᠬᠢᠯᠡᠪᠡ᠃ ᠡᠨᠡ᠎ᠬᠦ ᠬᠤᠷᠠᠯ᠎ᠢ ᠲᠦᠪ᠎ᠤᠨ ᠦᠨᠳᠦᠰᠦᠳᠡᠨ᠎ᠤ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠴᠦᠭᠡᠨ ᠳᠤᠭᠠᠳᠤ ᠦᠨᠳᠦᠰᠦᠳᠡᠨ᠎ᠤ ᠬᠡᠯᠡ ᠤᠳᠬ᠎ᠠ ᠵᠤᠬᠢᠶᠠᠯ᠎ᠤᠨ ᠲᠡᠭᠡᠳᠦ ᠰᠤᠷᠭᠠᠭᠤᠯᠢ᠎ᠶᠢᠨ ᠮᠤᠩᠭᠤᠯ ᠬᠡᠯᠡ ᠤᠳᠬ᠎ᠠ ᠵᠤᠬᠢᠶᠠᠯ᠎ᠤᠨ ᠰᠠᠯᠪᠤᠷᠢ᠎ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠤᠯᠠᠨ ᠤᠯᠤᠰ᠎ᠤᠨ ᠮᠤᠩᠭᠤᠯ ᠰᠤᠷᠪᠤᠯᠵᠢ ᠪᠢᠴᠢᠭ ᠰᠤᠳᠤᠯᠤᠯ᠎ᠤᠨ ᠳᠦᠪ᠂ ᠦᠪᠦᠷ ᠮᠤᠩᠭᠤᠯ᠎ᠤᠨ ᠴᠦᠭᠡᠨ ᠳᠤᠭᠠᠳᠤ ᠦᠨᠳᠦᠰᠦᠳᠡᠨ᠎ᠤ ᠡᠷᠳᠡᠨ᠎ᠤ ᠨᠤᠮ ᠪᠢᠴᠢᠭ ᠪᠤᠯᠤᠨ 《ᠭᠡᠰᠡᠷ》᠎ᠢ ᠴᠤᠭᠯᠠᠭᠤᠯᠤᠨ ᠡᠮᠬᠢᠳᠭᠡᠵᠦ ᠰᠤᠳᠤᠯᠬᠤ ᠭᠠᠵᠠᠷ᠂ 2018᠎ᠤᠨ᠎ᠤ ᠤᠯᠤᠰ᠎ᠤᠨ ᠨᠡᠢᠭᠡᠮ᠎ᠤᠨ ᠱᠢᠨᠵᠢᠯᠡᠬᠦ ᠤᠬᠠᠭᠠᠨ᠎ᠤ ᠰᠠᠭᠤᠷᠢ ᠮᠦᠩᠬᠦᠨ᠎ᠤ ᠳᠤᠮᠤ ᠳᠦᠰᠦᠯ 《ᠢᠯᠢ᠎ᠶᠢᠨ ᠭᠤᠤᠯ᠎ᠤᠨ ᠤᠷᠤᠰᠭᠠᠯ ᠲᠠᠭᠠᠤ ᠤᠷᠤᠨ᠎ᠳᠡᠬᠢ ᠦᠭᠡᠯᠡᠳ ᠮᠤᠩᠭᠤᠯᠴᠤᠳ᠎ᠤᠨ ᠬᠠᠳᠠᠭᠠᠯᠠᠵᠦ ᠪᠠᠢᠭ᠎ᠠ ᠳᠤᠳᠤ ᠦᠰᠦᠭ᠎ᠤᠨ ᠰᠤᠷᠪᠤᠯᠵᠢ ᠪᠢᠴᠢᠭ᠎ᠤᠨ ᠴᠤᠭᠯᠠᠭᠤᠯᠭ᠎ᠠ ᠪᠠ ᠰᠤᠳᠤᠯᠤᠯ》 ᠳᠦᠰᠦᠯ᠎ᠤᠨ ᠳᠤᠭᠤᠢᠯᠠᠩ᠎ᠠᠴᠠ ᠲᠠᠭᠠᠭᠠᠴᠢᠯᠠᠨ ᠡᠷᠬᠢᠯᠡᠵᠡᠢ᠃

  ᠬᠤᠷᠠᠯ᠎ᠤᠨ ᠡᠬᠢᠯᠡᠯᠳᠡ᠎ᠶᠢᠨ ᠶᠤᠰᠤᠯᠠᠯ᠎ᠨᠢ 《ᠨᠢᠭᠡ ᠪᠦᠰᠡ ᠨᠢᠭᠡ ᠵᠠᠮ》 ᠲᠠᠭᠠᠤ ᠤᠯᠤᠰ᠎ᠤᠨ ᠮᠤᠩᠭᠤᠯ ᠰᠤᠷᠪᠤᠯᠵᠢ ᠪᠢᠴᠢᠭ᠎ᠤᠨ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠤᠨ ᠨᠡᠭᠡᠭᠡᠯᠳᠡ᠂ ᠴ·ᠭᠡᠱᠢᠭᠳᠤᠭᠳᠠᠬᠤ ᠫᠷᠤᠹᠧᠰᠰᠤᠷ᠎ᠤᠨ ᠨᠠᠶᠠᠨ ᠨᠠᠰᠤᠨ᠎ᠤ ᠪᠠᠶᠠᠷ᠎ᠢ ᠲᠡᠮᠳᠡᠭᠯᠡᠬᠦ ᠶᠤᠰᠤᠯᠠᠯ᠂ ᠮᠤᠩᠭᠤᠯ ᠰᠤᠷᠪᠤᠯᠵᠢ ᠪᠢᠴᠢᠭ᠎ᠤᠨ ᠹᠣᠲ᠋ᠤ ᠬᠡᠪᠯᠡᠯ᠎ᠤᠨ ᠴᠤᠪᠤᠷᠠᠯ ᠪᠠ ᠰᠤᠳᠤᠯᠭᠠᠨ᠎ᠤ ᠴᠤᠪᠤᠷᠠᠯ ᠨᠤᠮ᠎ᠤᠨ ᠬᠠᠳᠠᠭ ᠰᠡᠬᠦᠬᠦ ᠶᠤᠰᠤᠯᠠᠯ ᠭᠡᠬᠦ ᠭᠤᠷᠪᠠᠨ ᠠᠭᠤᠯᠭ᠎ᠠ᠎ᠪᠡᠷ ᠶᠠᠪᠤᠭᠳᠠᠵᠦ᠂ ᠬᠤᠯᠪᠤᠭᠳᠠᠬᠤ ᠲᠠᠷᠤᠭ᠎ᠠ ᠤᠳᠤᠷᠢᠳᠤᠯᠭ᠎ᠠ ᠡᠷᠳᠡᠮᠳᠡᠨ ᠮᠡᠷᠭᠡᠳ ᠦᠭᠡ ᠶᠠᠷᠢᠭᠰᠠᠨ ᠪᠠᠢᠨ᠎ᠠ᠃

  ᠬᠤᠶᠠᠷ ᠡᠳᠦᠷ ᠶᠠᠪᠤᠭᠳᠠᠭᠰᠠᠨ ᠡᠨᠡ᠎ᠬᠦ ᠨᠤᠮ᠎ᠤᠨ ᠬᠤᠷᠠᠯ᠎ᠳᠤ ᠳᠤᠮᠳᠠᠳᠤ᠂ ᠮᠤᠩᠭᠤᠯ᠂ ᠠᠮᠧᠷᠢᠺᠠ᠂ ᠫᠤᠯᠠᠨᠳ᠋᠂ ᠴᠸᠬᠤ᠋᠂ ᠬᠠᠩᠭᠠᠷᠢ᠂ ᠹᠷᠠᠨᠼᠢ᠂ ᠶᠠᠫᠤᠨ᠂ ᠭᠧᠷᠮᠠᠨ ᠵᠡᠷᠭᠡ ᠤᠯᠤᠰ᠎ᠤᠨ 20 ᠭᠠᠷᠤᠢ ᠶᠡᠬᠡ ᠲᠡᠭᠡᠳᠦ ᠰᠤᠷᠭᠠᠭᠤᠯᠢ᠂ ᠰᠤᠳᠤᠯᠭᠠᠨ᠎ᠤ ᠪᠠᠢᠭᠤᠯᠭ᠎ᠠ᠂ ᠬᠡᠪᠯᠡᠯ᠎ᠤᠨ ᠬᠤᠷᠢᠶ᠎ᠠ᠎ᠶᠢ ᠪᠠᠭᠳᠠᠭᠠᠭᠰᠠᠨ ᠬᠤᠯᠪᠤᠭᠳᠠᠬᠤ ᠪᠠᠢᠭᠤᠯᠭ᠎ᠠ᠎ᠶᠢᠨ ᠵᠠᠭᠤ ᠱᠢᠬᠠᠮ ᠡᠷᠳᠡᠮᠳᠡᠨ ᠮᠤᠷᠢᠯᠠᠨ ᠰᠠᠭᠠᠳᠠᠵᠦ᠂ ᠮᠤᠩᠭᠤᠯ ᠰᠤᠷᠪᠤᠯᠵᠢ ᠪᠢᠴᠢᠭ᠎ᠤᠨ ᠰᠤᠳᠤᠯᠤᠯ᠎ᠤᠨ ᠦᠩᠭᠡᠷᠡᠭᠰᠡᠨ᠂ ᠢᠷᠡᠭᠡᠳᠦᠢ᠂ ᠮᠤᠩᠭᠤᠯ ᠰᠤᠷᠪᠤᠯᠵᠢ ᠪᠢᠴᠢᠭ᠎ᠤᠨ ᠵᠢᠭᠠᠨ ᠰᠤᠷᠭᠠᠯᠳᠠ ᠬᠢᠭᠡᠳ ᠵᠢᠭᠠᠬᠤ ᠮᠠᠲᠧᠷᠢᠶᠠᠯ᠎ᠤᠨ ᠠᠰᠠᠭᠤᠳᠠᠯ᠂ ᠮᠤᠩᠭᠤᠯ ᠰᠤᠳᠤᠯᠤᠯ᠎ᠳᠤ ᠬᠤᠯᠪᠤᠭᠳᠠᠬᠤ ᠤᠯᠠᠨ ᠬᠡᠯᠡᠨ᠎ᠤ ᠰᠤᠷᠪᠤᠯᠵᠢ ᠰᠤᠳᠤᠯᠤᠯ᠂ ᠮᠤᠩᠭᠤᠯ ᠰᠤᠷᠪᠤᠯᠵᠢ ᠪᠢᠴᠢᠭ᠎ᠤᠨ ᠳ᠋ᠠᠢᠲ᠋ᠠ ᠬᠦᠮᠦᠷᠭᠡ᠎ᠶᠢ ᠪᠠᠢᠭᠤᠯᠬᠤ ᠠᠰᠠᠭᠤᠳᠠᠯ᠂ ᠮᠤᠩᠭᠤᠯ ᠰᠤᠷᠪᠤᠯᠵᠢ ᠪᠢᠴᠢᠭ᠂ ᠮᠤᠩᠭᠤᠯ ᠬᠡᠯᠡ᠂ ᠤᠳᠬ᠎ᠠ ᠵᠤᠬᠢᠶᠠᠯ᠎ᠤᠨ ᠰᠤᠳᠤᠯᠤᠯ ᠵᠡᠷᠭᠡ ᠲᠠᠪᠤᠨ ᠳᠤᠮᠤ ᠠᠰᠠᠭᠤᠳᠠᠯ᠎ᠤᠨ ᠳᠤᠭᠤᠷᠢᠨ᠎ᠳᠤ ᠭᠤᠷᠪᠠᠨ ᠰᠠᠯᠪᠤᠷᠢ ᠬᠤᠪᠢᠶᠠᠨ ᠨᠠᠶᠠᠭᠠᠳ ᠦᠬᠦᠯᠡᠯ ᠤᠩᠱᠢᠵᠦ᠂ ᠴᠢᠯᠦᠭᠡᠳᠡᠢ ᠶᠠᠷᠢᠯᠴᠠᠵᠠᠢ᠃

  ᠡᠨᠡ᠎ᠬᠦ ᠬᠤᠷᠠᠯ᠎ᠤᠨ ᠴᠢᠬᠤᠯᠠ ᠠᠭᠤᠯᠭ᠎ᠠ᠎ᠶᠢᠨ ᠨᠢᠭᠡ ᠪᠤᠯ 《ᠢᠯᠢ᠎ᠶᠢᠨ ᠭᠣᠤᠯ᠎ᠤᠨ ᠣᠷᠤᠰᠭᠠᠯ ᠲᠠᠠᠭᠤ ᠣᠷᠤᠨ᠎ᠳᠤ ᠬᠠᠳᠠᠭᠠᠯᠠᠭᠳᠠᠵᠤ ᠪᠠᠢᠭ᠎ᠠ ᠲᠣᠳᠤ ᠦᠰᠦᠭ᠎ᠦᠨ ᠰᠣᠷᠪᠤᠯᠵᠢ ᠪᠢᠴᠢᠭ᠎ᠦᠨ ᠴᠢᠭᠤᠯᠭᠠᠨ》᠂ 《〈ᠨᠢᠬᠡ ᠪᠦᠰᠡ ᠨᠢᠬᠡ ᠵᠠᠮ〉 ᠲᠠᠭᠠᠤ ᠤᠯᠤᠰ ᠤᠷᠤᠨ᠎ᠳᠤ ᠬᠠᠳᠠᠭᠠᠯᠠᠭᠳᠠᠵᠤ ᠪᠠᠢᠭ᠎ᠠ ᠮᠤᠩᠭᠤᠯ ᠰᠤᠷᠪᠤᠯᠵᠢ ᠪᠢᠴᠢᠭ᠎ᠤᠨ ᠹᠣᠲ᠋ᠤ ᠬᠡᠪᠯᠡᠯ᠎ᠤᠨ ᠴᠤᠪᠤᠷᠠᠯ - ᠲᠡᠯᠡᠬᠡᠢ᠎ᠳᠤ ᠲᠦᠭᠡᠭᠰᠡᠨ ᠮᠤᠩᠭᠤᠯ ᠰᠤᠳᠤᠷ ᠨᠤᠮ᠎ᠤᠳ》᠂ 《〈ᠨᠢᠬᠡ ᠪᠦᠰᠡ ᠨᠢᠬᠡ ᠵᠠᠮ〉 ᠲᠠᠭᠠᠤ ᠤᠯᠤᠰ ᠤᠷᠤᠨ᠎ᠳᠡᠬᠢ ᠮᠤᠩᠭᠤᠯ ᠰᠤᠷᠪᠤᠯᠵᠢ ᠪᠢᠴᠢᠭ᠎ᠤᠨ ᠰᠤᠳᠤᠯᠭᠠᠨ᠎ᠤ ᠴᠤᠪᠤᠷᠠᠯ》 ᠭᠡᠬᠦ ᠭᠤᠷᠪᠠᠨ ᠴᠤᠪᠤᠷᠠᠯ᠎ᠤᠨ ᠲᠠᠷᠬᠠᠭᠠᠯᠳᠠ᠎ᠶᠢᠨ ᠶᠤᠰᠤᠯᠠᠯ᠎ᠢ ᠬᠢᠭᠰᠡᠨ ᠶᠠᠪᠤᠳᠠᠯ᠎ᠶᠤᠮ᠃

  ᠳᠤᠰ ᠴᠤᠪᠤᠷᠠᠯ᠎ᠳᠤ ᠹᠣᠲ᠋ᠤ ᠬᠡᠪᠯᠡᠯ᠎ᠢᠶᠠᠷ ᠴᠸᠬᠤ᠋᠂ ᠬᠠᠩᠭᠠᠷᠢ᠂ ᠭᠧᠷᠮᠠᠨ ᠵᠡᠷᠭᠡ ᠤᠯᠤᠰ᠎ᠲᠤ ᠬᠠᠳᠠᠭᠠᠯᠠᠭᠳᠠᠵᠦ ᠪᠠᠢᠭ᠎ᠠ ᠮᠤᠩᠭᠤᠯ ᠰᠤᠷᠪᠤᠯᠵᠢ ᠪᠢᠴᠢᠭ᠎ᠢ 20 ᠪᠤᠳᠢ᠎ᠶᠢ ᠬᠡᠪᠯᠡᠬᠦᠯᠬᠦ᠎ᠪᠠᠷ ᠪᠠᠢᠨ᠎ᠠ᠃ ᠮᠦᠨ ᠦᠷᠬᠦᠯᠵᠢᠯᠡᠬᠦᠯᠦᠨ ᠠᠮᠧᠷᠢᠺᠠ᠂ ᠶᠠᠫᠤᠨ᠂ ᠠᠩᠭᠯᠢ᠂ ᠹᠷᠠᠨᠼᠢ᠂ ᠳ᠋ᠠᠨᠮᠠᠷᠺ᠂ ᠫᠤᠯᠠᠨᠳ ᠵᠡᠷᠭᠡ ᠤᠯᠤᠰ ᠪᠤᠯᠤᠨ 《ᠨᠢᠭᠡ ᠪᠦᠰᠡ ᠨᠢᠭᠡ ᠵᠠᠮ》 ᠲᠠᠭᠠᠤ ᠤᠯᠤᠰ ᠤᠷᠤᠨ᠎ᠳᠤ ᠬᠠᠳᠠᠭᠠᠯᠠᠭᠳᠠᠵᠦ ᠪᠠᠢᠭ᠎ᠠ ᠮᠤᠩᠭᠤᠯ ᠰᠤᠷᠪᠤᠯᠵᠢ ᠪᠢᠴᠢᠭ᠎ᠢ ᠹᠣᠲ᠋ᠤ ᠬᠡᠪᠯᠡᠯ᠎ᠢᠶᠠᠷ ᠬᠡᠪᠯᠡᠬᠦᠯᠬᠦ᠎ᠪᠠᠷ ᠪᠤᠢ᠃ ᠳᠤᠰ ᠴᠤᠪᠤᠷᠠᠯ᠎ᠨᠢ ᠤᠯᠠᠨ ᠤᠯᠤᠰ᠎ᠤᠨ ᠮᠤᠩᠭᠤᠯ ᠰᠤᠳᠤᠯᠤᠯ᠎ᠤᠨ ᠬᠠᠮᠤᠭ᠎ᠤᠨ ᠦᠨᠳᠦᠰᠦᠨ᠂ ᠬᠠᠮᠤᠭ᠎ᠤᠨ ᠳᠤᠮᠤ ᠬᠡᠯᠪᠡᠷᠢ᠎ᠶᠢᠨ ᠰᠤᠳᠤᠯᠭᠠᠨ᠎ᠤ ᠴᠤᠪᠤᠷᠠᠯ ᠪᠤᠯᠬᠤ᠎ᠶᠤᠮ᠃ ᠴᠤᠪᠤᠷᠠᠯ᠎ᠤᠨ ᠤᠳᠤᠷᠢᠳᠭᠠᠯ᠎ᠳᠤ ᠮᠤᠩᠭᠤᠯ ᠰᠤᠷᠪᠤᠯᠵᠢ ᠪᠢᠴᠢᠭ᠎ᠢ ᠬᠠᠳᠠᠭᠠᠯᠠᠵᠦ ᠪᠠᠢᠭ᠎ᠠ ᠡᠯ᠎ᠡ ᠤᠯᠤᠰ᠎ᠤᠨ ᠳᠤᠬᠠᠢ ᠲᠡᠷᠡᠴᠢᠯᠡᠨ ᠮᠤᠩᠭᠤᠯ ᠰᠤᠳᠤᠯᠤᠯ᠎ᠤᠨ ᠬᠦᠭᠵᠢᠯ᠎ᠤᠨ ᠲᠡᠦᠭᠡ᠂ ᠬᠠᠳᠠᠭᠠᠯᠠᠵᠦ ᠪᠠᠢᠭ᠎ᠠ ᠰᠤᠷᠪᠤᠯᠵᠢ᠎ᠶᠢᠨ ᠲᠠᠯ᠎ᠠ᠎ᠪᠡᠷ ᠲᠠᠨᠢᠯᠴᠠᠭᠤᠯᠤᠭᠰᠠᠨ᠎ᠢᠶᠠᠷ ᠤᠯᠠᠨ ᠤᠯᠤᠰ᠎ᠤᠨ ᠮᠤᠩᠭᠤᠯ ᠰᠤᠳᠤᠯᠤᠯ᠎ᠤᠨ ᠰᠤᠩᠭᠤᠳᠠᠭ ᠰᠤᠳᠤᠯᠤᠯ᠎ᠳᠤ ᠭᠠᠷ ᠠᠪᠤᠯᠭ᠎ᠠ᠎ᠶᠢᠨ ᠮᠠᠲᠧᠷᠢᠶᠠᠯ ᠬᠠᠩᠭᠠᠬᠤ᠎ᠨᠢ ᠲᠠᠮᠵᠢᠭ᠎ᠦᠭᠡᠢ᠃ ᠳᠤᠰ ᠴᠤᠪᠤᠷᠠᠯ ᠨᠤᠮ᠎ᠨᠢ ᠲᠡᠯᠡᠭᠡᠢ᠎ᠶᠢᠨ ᠡᠯ᠎ᠡ ᠭᠠᠵᠠᠷ᠎ᠤᠨ ᠮᠤᠩᠭᠤᠯ ᠰᠤᠷᠪᠤᠯᠵᠢ ᠪᠢᠴᠢᠭ ᠬᠠᠳᠠᠭᠠᠯᠠᠵᠦ ᠪᠠᠢᠭ᠎ᠠ ᠨᠤᠮ᠎ᠤᠨ ᠰᠠᠩ᠂ ᠠᠷᠬᠢᠪ᠂ ᠬᠤᠪᠢ ᠬᠦᠮᠦᠨ ᠬᠢᠭᠡᠳ ᠪᠤᠰᠤᠳ ᠬᠤᠯᠪᠤᠭᠳᠠᠬᠤ ᠪᠠᠢᠭᠤᠯᠭ᠎ᠠ᠎ᠲᠡᠢ ᠵᠦᠪᠯᠡᠵᠦ᠂ ᠠᠯᠳᠠᠷᠳᠤ ᠮᠤᠩᠭᠤᠯᠴᠢ ᠡᠷᠳᠡᠮᠳᠡᠳ᠎ᠲᠡᠢ ᠬᠠᠮᠳᠤᠷᠠᠨ ᠬᠡᠪᠯᠡᠭᠰᠡᠨ ᠪᠤᠯᠬᠤᠷ ᠮᠤᠩᠭᠤᠯ ᠰᠤᠳᠤᠯᠤᠯ᠎ᠤᠨ ᠲᠡᠦᠭᠡᠨ᠎ᠳᠤ ᠬᠢ ᠳᠤᠮᠤ ᠠᠮᠵᠢᠯᠳᠠ ᠪᠦᠳᠦᠭᠡᠯ ᠪᠤᠯᠬᠤ᠎ᠶᠤᠮ᠃

  ᠤᠯᠠᠨ ᠤᠯᠤᠰ᠎ᠤᠨ ᠮᠤᠩᠭᠤᠯ ᠰᠤᠳᠤᠯᠤᠯ᠎ᠤᠨ ᠰᠤᠷᠪᠤᠯᠵᠢ ᠪᠢᠴᠢᠭ᠎ᠤᠨ ᠰᠤᠳᠤᠯᠭᠠᠨ᠎ᠤ ᠬᠠᠮᠤᠭ᠎ᠤᠨ ᠱᠢᠨ᠎ᠡ ᠪᠦᠳᠦᠭᠡᠯ᠎ᠢ ᠦᠷᠬᠦᠯᠵᠢᠯᠡᠨ ᠬᠡᠪᠯᠡᠵᠦ᠂ ᠮᠤᠩᠭᠤᠯ ᠰᠤᠩᠭᠤᠳᠠᠭ ᠰᠤᠳᠤᠯᠤᠯ᠎ᠤᠨ ᠬᠦᠭᠵᠢᠯ᠎ᠳᠤ ᠦᠢᠯᠡᠴᠢᠯᠡᠬᠦ ᠪᠤᠯᠤᠨ᠎ᠠ᠃ 2019᠎ᠤᠨ᠎ᠤ 10 ᠰᠠᠷ᠎ᠠ᠎ᠶᠢᠨ 25᠎ᠤ ᠡᠳᠦᠷ᠂ 《ᠤᠯᠠᠨ ᠤᠯᠤᠰ᠎ᠤᠨ ᠮᠤᠩᠭᠤᠯ ᠰᠤᠷᠪᠤᠯᠵᠢ ᠪᠢᠴᠢᠭ᠎ᠤᠨ ᠰᠤᠳᠤᠯᠤᠯ᠎ᠤᠨ ᠳᠦᠪ》 ᠦᠪᠦᠷ ᠮᠤᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠎ᠶᠢᠨ ᠮᠤᠩᠭᠤᠯ ᠰᠤᠳᠤᠯᠤᠯ᠎ᠤᠨ ᠲᠡᠭᠡᠳᠦ ᠰᠤᠷᠭᠠᠭᠤᠯᠢ᠎ᠳᠤ ᠪᠠᠢᠭᠤᠯᠤᠭᠳᠠᠪᠠ᠃ ᠮᠢᠩᠭᠠᠳ ᠡᠷᠳᠡᠮᠳᠦ ᠫᠷᠤᠹᠧᠰᠰᠤᠷ ᠲᠦᠪ᠎ᠤᠨ ᠡᠷᠬᠢᠯᠡᠭᠴᠢ᠎ᠪᠡᠷ ᠤᠷᠢᠭᠳᠠᠵᠠᠢ᠃ ᠳᠤᠰ ᠳᠦᠪ᠎ᠨᠢ 《ᠨᠢᠭᠡ ᠪᠦᠰᠡ ᠨᠢᠭᠡ ᠵᠠᠮ》 ᠲᠠᠭᠠᠤ ᠤᠯᠤᠰ ᠤᠷᠤᠨ᠎ᠤ ᠮᠤᠩᠭᠤᠯ ᠰᠤᠷᠪᠤᠯᠵᠢ ᠪᠢᠴᠢᠭ ᠹᠣᠲ᠋ᠤ ᠬᠡᠪᠯᠡᠯ ᠪᠤᠯᠤᠨ ᠮᠤᠩᠭᠤᠯ ᠰᠤᠷᠪᠤᠯᠵᠢ ᠪᠢᠴᠢᠭ᠎ᠤᠨ ᠰᠤᠳᠤᠯᠤᠯ᠎ᠤᠨ ᠪᠦᠳᠦᠭᠡᠯ᠎ᠢ ᠴᠤᠪᠤᠷᠠᠯ᠎ᠢᠶᠠᠷ ᠬᠡᠪᠯᠡᠬᠦ᠎ᠪᠡᠷ ᠪᠤᠢ᠃

 

    ᠲᠥᠪ᠎ᠦᠨ ᠲᠸᠯᠸᠢᠰ ᠬᠣᠷᠢᠶ᠎ᠠ᠎ᠶᠢᠨ ᠮᠣᠩᠭᠤᠯ ᠰᠦᠯᠵᠢᠶ᠎ᠠ᠎ᠡᠴᠡ ᠱᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604