ᠥᠪᠦᠷ ᠮᠣᠩᠭᠤᠯ ᠤᠷᠤᠨ᠎ᠤ ᠮᠳᠭᠭᠤᠯ ᠦᠬᠡ ᠬᠡᠯᠡ ᠦᠰᠦᠭ ᠪᠢᠴᠢᠭ᠎ᠤᠨ ᠲᠦᠷᠢᠮᠵᠢᠯ ᠪᠠᠷᠢᠮᠵᠢᠶᠠᠵᠢᠯ᠎ᠤᠨ ᠠᠵᠢᠯ ᠲᠤᠪᠤᠢᠮ᠎ᠠ ᠠᠮᠵᠢᠯᠳᠠ ᠤᠯᠪᠠ
2019.11.22

 

  ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ᠎ᠤ ᠦᠨᠲᠤᠰᠤᠲᠠᠨ᠎ᠤ ᠬᠡᠷᠡᠭ ᠡᠷᠬᠢᠯᠡᠬᠦ ᠵᠦᠪᠯᠡᠯ ᠡᠴᠠ ᠤᠢᠯᠠᠭᠠᠭᠰᠠᠨ᠎ᠢᠶᠠᠷ᠂ 《ᠠᠷᠪᠠᠨ ᠭᠤᠷᠪᠠᠲᠤᠭᠠᠷ ᠲᠠᠪᠤᠨ ᠵᠢᠯ᠎ᠤᠨ ᠲᠦᠯᠦᠪᠵᠢᠬᠦᠯᠬᠡ》᠎ᠠᠴᠠ ᠨᠠᠭᠠᠱᠢ᠂ ᠮᠠᠨ᠎ᠤ ᠤᠷᠤᠨ 《ᠦᠪᠤᠷ ᠮᠳᠭᠭᠤᠯ᠎ᠤᠨ ᠦᠪᠠᠷᠲᠠᠬᠡᠨ ᠵᠠᠰᠠᠬᠤ ᠤᠷᠤᠨ᠎ᠤ ᠮᠳᠭᠭᠤᠯ ᠦᠬᠡ ᠬᠡᠯᠡ ᠦᠰᠦᠭ ᠪᠢᠴᠢᠭ᠎ᠤᠨ ᠠᠵᠢᠯ᠎ᠤᠨ <ᠠᠷᠪᠠᠨ ᠭᠤᠷᠪᠠᠲᠤᠭᠠᠷ ᠲᠠᠪᠤᠨ ᠵᠢᠯ᠎ᠤᠨ ᠲᠦᠯᠦᠪᠵᠢᠬᠦᠯᠬᠡ>》᠎ᠶᠢ ᠲᠤᠭᠤᠱᠢᠳᠠᠢ ᠨᠠᠢᠲᠠᠪᠤᠷᠢᠵᠢᠭᠤᠯᠵᠤ᠂ 《ᠠᠷᠪᠠᠨ ᠭᠤᠷᠪᠠᠲᠤᠭᠠᠷ ᠲᠠᠪᠤᠨ ᠵᠢᠯ᠎ᠤᠨ ᠲᠦᠯᠦᠪᠵᠢᠬᠦᠯᠬᠡ》᠎ᠶᠢᠨ ᠬᠤᠭᠤᠴᠠᠭᠠᠨ᠎ᠤ ᠡᠯ᠎ᠠ ᠵᠤᠢᠯ᠎ᠤᠨ ᠠᠵᠢᠯ᠎ᠤᠨ ᠡᠬᠦᠷᠬᠡ᠎ᠶᠢ ᠰᠤᠲᠤᠯᠤᠨ ᠪᠠᠢᠷᠢᠯᠠᠭᠤᠯᠵᠤ᠂ ᠡᠯ᠎ᠠ ᠲᠠᠯ᠎ᠠ᠎ᠶᠢᠨ ᠬᠠᠮᠢᠶᠠᠷᠤᠯᠳᠠ᠎ᠶᠢᠨ ᠡᠷᠴᠢᠮ᠎ᠢᠶᠠᠨ ᠴᠢᠩᠭᠠᠷᠠᠭᠤᠯᠤᠨ᠂ ᠮᠳᠭᠭᠤᠯ ᠦᠬᠡ ᠬᠡᠯᠡ ᠦᠰᠦᠭ ᠪᠢᠴᠢᠭ᠎ᠤᠨ ᠲᠦᠷᠢᠮᠵᠢᠯ ᠪᠠᠷᠢᠮᠵᠢᠶᠠᠵᠢᠯ᠎ᠤᠨ ᠠᠵᠢᠯ ᠲᠤᠪᠤᠢᠮ᠎ᠠ ᠠᠮᠵᠢᠯᠳᠠ ᠤᠯᠪᠠ᠃  

  ᠱᠢᠨ᠎ᠠ ᠦᠭᠡ᠎ᠨᠠᠷ᠎ᠠ ᠲᠤᠮᠢᠶ᠎ᠠ᠎ᠶᠢᠨ ᠠᠵᠢᠯ᠎ᠤᠨ ᠲᠠᠯ᠎ᠠ᠎ᠪᠠᠷ᠂ ᠨᠠᠢ᠍ᠮᠠᠨ ᠮᠤᠵᠢ ᠤᠷᠤᠨ᠎ᠤ ᠬᠦᠷᠢᠶ᠎ᠠ ᠬᠡᠪᠴᠢᠶᠠᠨ᠎ᠳᠤ 《ᠮᠳᠭᠭᠤᠯ ᠬᠡᠯᠠᠨ᠎ᠤ᠎ᠨᠠᠷ᠎ᠠ ᠲᠤᠮᠢᠶᠠᠨ᠎ᠤ ᠠᠯᠪᠠᠨ ᠮᠠᠲᠠᠬᠡ》᠎ᠶᠢ 11 ᠬᠤᠭᠤᠴᠠᠭ᠎ᠠ ᠨᠠᠢᠲᠠᠯᠠᠵᠠᠢ; 《ᠮᠳᠭᠭᠤᠯ ᠬᠡᠯᠡᠠ᠎ᠤ ᠲᠤᠯᠢ ᠪᠢᠴᠢᠭ ᠨᠠᠢᠷᠠᠭᠤᠯᠤᠨ ᠲᠤᠭᠤᠷᠪᠢᠬᠤ ᠠᠵᠢᠯ᠎ᠤᠨ ᠵᠠᠷᠴᠢᠮ ᠬᠢᠭᠡᠳ ᠠᠷᠭ᠎ᠠ ᠬᠡᠮᠵᠢᠶ᠎ᠠ》᠂ 《ᠮᠳᠭᠭᠤᠯ ᠬᠡᠯᠡᠠ᠎ᠤ᠎ᠨᠠᠷ᠎ᠠ ᠲᠤᠮᠢᠶᠠᠨ᠎ᠤ ᠠᠭ᠎ᠤᠨ ᠵᠠᠷᠴᠢᠮ ᠬᠢᠭᠡᠳ ᠠᠷᠭ᠎ᠠ ᠬᠡᠮᠵᠢᠶ᠎ᠠ》 ᠵᠡᠷᠬᠡ ᠬᠠᠮᠢᠶ᠎ᠠ ᠪᠦᠬᠦᠢ ᠪᠠᠷᠢᠮᠵᠢᠶ᠎ᠠ᠎ᠶᠢᠨ ᠲᠤᠰᠭᠠᠢ ᠮᠡᠷᠬᠡᠵᠢᠯᠳᠠᠨ᠎ᠤ ᠦᠨᠡᠯᠠᠯᠳᠠ ᠵᠢᠴᠢ ᠵᠠᠰᠠᠪᠤᠷᠢ ᠤᠷᠤᠭᠤᠯᠬᠤ ᠠᠵᠢᠯᠯᠠᠭ᠎ᠠ ᠦᠷᠨᠢᠬᠦᠯᠪᠠ᠃    

  ᠪᠠᠷᠢᠮᠵᠢᠶ᠎ᠠ ᠠᠪᠢᠶᠠᠨ᠎ᠤ ᠠᠵᠢᠯ᠎ᠤᠨ ᠲᠠᠯ᠎ᠠ᠎ᠪᠠᠷ᠂ ᠪᠠᠷᠢᠮᠵᠢᠶ᠎ᠠ ᠠᠪᠢᠶᠠᠨ᠎ᠤ ᠪᠤᠯᠪᠠᠰᠤᠷᠠᠯ ᠰᠤᠷᠢᠯᠳᠠ᠎ᠶᠢᠨ ᠠᠩᠬᠢ᠎ᠶᠢ 82 ᠬᠤᠭᠤᠴᠠᠭ᠎ᠠ ᠡᠷᠬᠢᠯᠠᠵᠤ᠂ 1.1 ᠲᠦᠮᠠ ᠭᠠᠷᠤᠢ ᠬᠦᠮᠤᠨ ᠪᠤᠯᠪᠠᠰᠤᠷᠠᠯ ᠰᠤᠷᠢᠯᠲᠠ᠎ᠳᠤ ᠤᠷᠤᠯᠴᠠᠵᠠᠢ; ᠪᠦᠬᠦ ᠤᠷᠤᠨ᠎ᠤ ᠮᠳᠭᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠲᠦᠪᠱᠢᠨ᠎ᠤ ᠰᠤᠷᠢᠯᠲᠠ᠎ᠶᠢᠨ ᠪᠤᠯᠪᠠᠰᠤᠷᠠᠯ᠎ᠤᠨ ᠠᠩᠬᠢ᠎ᠶᠢ 2 ᠬᠤᠭᠤᠴᠠᠭ᠎ᠠ ᠡᠷᠬᠢᠯᠠᠵᠤ᠂ ᠡᠯ᠎ᠠ ᠰᠤᠷᠢᠯᠲᠠ᠎ᠶᠢᠨ ᠦᠷᠲᠠᠬᠡ ᠴᠡᠭ᠎ᠤᠨ 100 ᠭᠠᠷᠤᠢ ᠬᠦᠮᠤᠨ ᠪᠤᠯᠪᠠᠰᠤᠷᠠᠯ᠎ᠳᠤ ᠤᠷᠤᠯᠴᠠᠵᠠᠢ; ᠲᠤᠮᠲᠠᠲᠤ ᠤᠯᠤᠰ᠎ᠤᠨ ᠮᠳᠭᠭᠤᠯ ᠬᠡᠯᠠᠨ᠎ᠤ ᠪᠠᠷᠢᠮᠵᠢᠶ᠎ᠠ ᠠᠪᠢᠶ᠎ᠠ᠎ᠶᠢ ᠲᠤᠭᠲᠠᠭᠠᠭᠰᠠᠨ 40 ᠵᠢᠯ᠎ᠤᠨ ᠤᠢ᠎ᠶᠢ ᠪᠠᠯᠬᠡᠯᠡᠬᠦ ᠱᠢᠷᠢᠰ ᠠᠵᠢᠯᠯᠠᠭ᠎ᠠ ᠡᠷᠬᠢᠯᠡᠵᠤ᠂ ᠮᠳᠭᠭᠤᠯ ᠬᠡᠯᠠᠨ᠎ᠤ ᠠᠪᠢᠶᠠᠨ᠎ᠤ ᠲᠤᠰᠭᠠᠢ ᠰᠠᠲᠤᠪᠲᠤ ᠤᠬᠠᠭᠤᠯᠭ᠎ᠠ᠎ᠶᠢᠨ ᠹᠢᠯᠢᠮ ᠤᠢᠯᠡᠳᠴᠠᠢ; 《ᠮᠳᠭᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠲᠦᠪᠱᠢᠨ᠎ᠤ ᠰᠤᠷᠢᠯᠲᠠ᠎ᠶᠢᠨ ᠬᠦᠲᠤᠯᠪᠤᠷᠢ》᠎ᠳᠤ ᠵᠠᠰᠠᠪᠤᠷᠢ ᠤᠷᠤᠭᠤᠯᠬᠤ ᠠᠵᠢᠯ᠎ᠢ ᠦᠷᠨᠢᠬᠦᠯᠵᠠᠢ; 《ᠦᠪᠤᠷ ᠮᠳᠭᠭᠤᠯ᠎ᠤᠨ ᠦᠪᠠᠷᠲᠠᠬᠡᠨ ᠵᠠᠰᠠᠬᠤ ᠤᠷᠤᠨ᠎ᠤ ᠮᠳᠭᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠠᠷᠠᠭᠤᠨ ᠤᠷᠤᠨ᠎ᠤ ᠪᠤᠯᠪᠠᠰᠤᠷᠠᠯ᠎ᠤᠨ ᠰᠤᠷᠢᠯᠲᠠ᠎ᠶᠢᠨ ᠰᠠᠭᠤᠷᠢᠨ》᠂ 《ᠮᠳᠭᠭᠤᠯ ᠬᠡᠯᠠᠨ᠎ᠤ ᠪᠠᠷᠢᠮᠵᠢᠶ᠎ᠠ ᠠᠪᠢᠶᠠᠨ᠎ᠤ ᠲᠦᠪᠱᠢᠨ᠎ᠤ ᠪᠤᠯᠪᠠᠰᠤᠷᠠᠯ᠎ᠤᠨ ᠰᠤᠷᠢᠯᠲᠠ᠎ᠶᠢᠨ (ᠵᠡᠬᠦᠨ ᠤᠷᠤᠨ) ᠰᠠᠭᠤᠷᠢᠨ》᠂ 《ᠦᠪᠤᠷ ᠮᠳᠭᠭᠤᠯ᠎ᠤᠨ ᠦᠪᠠᠷᠲᠠᠬᠡᠨ ᠵᠠᠰᠠᠬᠤ ᠤᠷᠤᠨ᠎ᠤ ᠡᠪᠯᠡᠯ᠎ᠤᠨ ᠰᠤᠷᠭᠠᠭᠤᠯᠢ᠎ᠶᠢᠨ ᠮᠳᠭᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ᠎ᠤᠨ ᠰᠤᠷᠢᠯᠲᠠ᠎ᠶᠢᠨ ᠦᠷᠲᠠᠬᠡ》᠂ 《ᠦᠪᠤᠷ ᠮᠳᠭᠭᠤᠯ᠎ᠤᠨ ᠷᠠᠳᠢᠤ ᠲᠧᠯᠧᠢᠰ ᠬᠤᠷᠢᠶᠠᠨ᠎ᠤ ᠮᠳᠭᠭᠤᠯ ᠬᠡᠯᠡᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ᠎ᠤᠨ ᠰᠤᠷᠢᠯᠲᠠ᠎ᠶᠢᠨ ᠠᠵᠢᠯ᠎ᠤᠨ ᠦᠷᠲᠠᠬᠡ》 ᠵᠡᠷᠭᠡ᠎ᠶᠢ ᠪᠠᠢᠭᠤᠯᠪᠠ; ᠤᠯᠤᠰ᠎ᠤᠨ ᠦᠬᠡ ᠬᠡᠯᠡ ᠦᠰᠦᠭ ᠪᠢᠴᠢᠭ᠎ᠤᠨ ᠠᠵᠢᠯ᠎ᠤᠨ ᠵᠦᠪᠯᠡᠯ 《ᠮᠳᠭᠭᠤᠯ ᠬᠡᠯᠠᠨ᠎ᠤ ᠪᠠᠷᠢᠮᠵᠢᠶ᠎ᠠ ᠠᠪᠢᠶᠠᠨ᠎ᠤ ᠪᠤᠯᠪᠠᠰᠤᠷᠠᠯ᠎ᠤᠨ ᠰᠤᠷᠢᠯᠲᠠ᠎ᠶᠢᠨ ᠠᠵᠢᠯ᠎ᠤᠨ ᠪᠠᠢᠴᠠᠭᠠᠠ ᠰᠤᠲᠤᠯᠤᠯᠲᠠ》᠎ᠶᠢᠨ ᠰᠠᠲᠤᠪ᠎ᠢ ᠪᠠᠶᠠᠯᠡᠬᠦᠯᠪᠠ᠃    

  ᠵᠦᠪ ᠪᠢᠴᠢᠯᠬᠡ᠎ᠶᠢᠨ ᠠᠵᠢᠯ᠎ᠤᠨ ᠲᠠᠯ᠎ᠠ᠎ᠪᠠᠷ᠂ ᠦᠪᠠᠷᠲᠠᠬᠡᠨ ᠵᠠᠰᠠᠬᠤ ᠤᠷᠤᠨ᠎ᠤ ᠰᠤᠨᠢᠨ ᠮᠠᠲᠠᠬᠡ ᠬᠡᠪᠯᠡᠯ᠎ᠤᠨ ᠲᠤᠪᠴᠢᠶ᠎ᠠ᠎ᠲᠠᠢ ᠬᠠᠮᠲᠤᠷᠠᠨ᠂ 《ᠮᠳᠭᠭᠤᠯ ᠵᠦᠪ ᠪᠢᠴᠢᠯᠬᠡ᠎ᠶᠢᠨ ᠲᠤᠯᠢ》᠎ᠶᠢ ᠵᠠᠰᠠᠪᠤᠷᠢ ᠤᠷᠤᠭᠤᠯᠬᠤ ᠺᠤᠮᠢᠰ᠎ᠢ ᠵᠤᠬᠢᠶᠠᠨ ᠪᠠᠢᠭᠤᠯᠵᠤ᠂ ᠤᠷᠢᠳ ᠬᠤᠵᠢᠳ 9 ᠤᠲᠠᠭ᠎ᠠ ᠵᠠᠰᠠᠪᠤᠷᠢ ᠤᠷᠤᠭᠤᠯᠬᠤ ᠺᠤᠮᠢᠰ᠎ᠤᠨ ᠪᠦᠬᠦ ᠬᠡᠱᠢᠬᠦᠳ᠎ᠤᠨ ᠬᠤᠷᠠᠯ ᠪᠠ 14 ᠤᠲᠠᠭ᠎ᠠ ᠰᠤᠲᠤᠯᠤᠨ ᠶᠠᠷᠢᠯᠴᠠᠬᠤ ᠬᠤᠷᠠᠯ ᠬᠤᠷᠠᠯᠲᠤᠭᠤᠯᠵᠤ᠂ 《ᠮᠳᠭᠭᠤᠯ ᠵᠦᠪ ᠪᠢᠴᠢᠯᠬᠡ᠎ᠶᠢᠨ ᠲᠤᠯᠢ》᠎ᠳᠤ ᠨᠠᠷᠢᠨ ᠬᠢᠨᠠᠮᠠᠭᠠᠢ ᠵᠠᠰᠠᠪᠤᠷᠢ ᠤᠷᠤᠭᠤᠯᠵᠠᠢ; ᠡᠯ᠎ᠠ ᠠᠢᠮᠠᠭ ᠬᠤᠲᠠ᠎ᠶᠢᠨ ᠬᠢᠨ ᠮᠳᠭᠭᠤᠯ ᠦᠬᠡ ᠬᠡᠯᠡ ᠦᠰᠦᠭ ᠪᠢᠴᠢᠭ᠎ᠢ ᠲᠦᠷᠢᠮᠵᠢᠬᠦᠯᠤᠨ ᠬᠡᠷᠡᠭᠯᠡᠬᠦ ᠵᠢᠴᠢ 《ᠮᠳᠭᠭᠤᠯ ᠵᠦᠪ ᠪᠢᠴᠢᠯᠬᠡ᠎ᠶᠢᠨ ᠲᠤᠯᠢ》᠎ᠳᠤ ᠵᠠᠰᠠᠪᠤᠷᠢ ᠤᠷᠤᠭᠤᠯᠬᠤ ᠰᠠᠨᠠᠯ ᠬᠤᠷᠢᠶᠠᠬᠤ ᠶᠠᠷᠢᠯᠴᠠᠬᠤ ᠬᠤᠷᠠᠯ᠎ᠢ ᠤᠷᠢᠳ ᠬᠤᠵᠢᠳ 46 ᠤᠲᠠᠭ᠎ᠠ ᠬᠤᠷᠠᠯᠲᠤᠭᠤᠯᠵᠤ᠂ 21 ᠲᠤᠰᠭᠠᠢ ᠮᠡᠷᠬᠡᠵᠢᠯᠲᠠᠨ 4 ᠲᠤᠭᠤᠢᠯᠠᠡᠭ ᠬᠤᠪᠢᠶᠠᠵᠤ ᠨᠠᠢ᠍ᠮᠠᠨ ᠮᠤᠵᠢ ᠤᠷᠤᠨ᠎ᠳᠤ 《ᠮᠳᠭᠭᠤᠯ ᠵᠦᠪ ᠪᠢᠴᠢᠯᠬᠡ᠎ᠶᠢᠨ ᠲᠤᠯᠢ》᠎ᠳᠤ ᠵᠠᠰᠠᠪᠤᠷᠢ ᠤᠷᠤᠭᠤᠯᠬᠤ ᠠᠵᠢᠯ᠎ᠤᠨ ᠲᠤᠬᠠᠢ ᠰᠠᠨᠠᠯ ᠬᠤᠷᠢᠶᠠᠬᠤ ᠪᠠᠢᠴᠠᠭᠠᠨ ᠰᠤᠲᠤᠯᠤᠯᠲᠠ ᠬᠢᠵᠠᠢ᠃  

  ᠡᠷᠲᠠᠮ ᠱᠢᠨᠵᠢᠯᠡᠬᠡᠨ ᠪᠠ ᠬᠠᠮᠢᠶᠠᠷᠤᠯᠲᠠ᠎ᠶᠢᠨ ᠲᠠᠯ᠎ᠠ᠎ᠪᠠᠷ᠂ 《ᠮᠳᠭᠭᠤᠯ ᠤᠶᠤᠲᠠᠳ᠎ᠤᠨ ᠮᠳᠭᠭᠤᠯ ᠬᠢᠲᠠᠳ ᠬᠤᠤᠰ ᠬᠡᠯᠡᠨ᠎ᠤ ᠰᠤᠷᠭᠠᠨ ᠬᠦᠮᠤᠵᠢᠯ ᠵᠢᠴᠢ ᠦᠨᠲᠤᠰᠤᠲᠠᠨ᠎ᠤ ᠰᠤᠶᠤᠯ᠎ᠤᠨ ᠤᠯᠠᠮᠵᠢᠯᠠᠯ᠎ᠤᠨ ᠰᠤᠳᠤᠯᠤᠯ》 ᠵᠡᠷᠬᠡ 201 ᠰᠠᠲᠤᠪ᠎ᠢ ᠲᠦᠷᠦᠯ ᠵᠤᠢᠯ ᠬᠤᠪᠢᠶᠠᠨ ᠪᠠᠯᠠ ᠮᠦᠩᠬᠦᠨ᠎ᠤ ᠲᠠᠮᠵᠢᠯᠭᠡ ᠦᠵᠡᠬᠦᠯᠪᠠ; 5 ᠬᠤᠭᠤᠴᠠᠭ᠎ᠠ ᠪᠦᠬᠦ ᠤᠷᠤᠨ᠎ᠤ ᠮᠳᠭᠭᠤᠯ ᠬᠡᠯᠡ ᠦᠰᠦᠭ ᠪᠢᠴᠢᠭ᠎ᠤᠨ ᠲᠦᠷᠢᠮᠵᠢᠯ ᠪᠠᠷᠢᠮᠵᠢᠶᠠᠵᠢᠯ᠎ᠤᠨ ᠲᠠᠪᠳᠠᠨ ᠪᠤᠯᠪᠠᠰᠤᠷᠠᠭᠤᠯᠬᠤ ᠠᠩᠬᠢ ᠪᠠ 3 ᠬᠤᠭᠤᠴᠠᠭ᠎ᠠ ᠪᠦᠬᠦ ᠤᠷᠤᠨ᠎ᠤ ᠮᠳᠭᠭᠤᠯ ᠦᠬᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠰᠤᠳᠤᠯᠤᠯ᠎ᠤᠨ ᠢᠲᠠᠷ ᠵᠠᠯᠠᠭᠤ ᠡᠷᠲᠠᠮᠲᠠᠳ᠎ᠤᠨ ᠲᠠᠪᠳᠠᠨ ᠪᠤᠯᠪᠠᠰᠤᠷᠠᠭᠤᠯᠬᠤ ᠠᠩᠬᠢ ᠡᠷᠬᠢᠯᠡᠵᠤ᠂ ᠵᠠᠯᠠᠭᠤ ᠭᠤᠤᠯᠯᠠᠭᠴᠢ ᠴᠢᠲᠠᠪᠤᠷᠢᠲᠠᠨ᠎ᠤ ᠡᠩᠨᠡᠬᠡ᠎ᠶᠢᠨ ᠪᠠᠢᠭᠤᠯᠤᠯᠲᠠ᠎ᠶᠢ ᠴᠢᠩᠭᠠᠳᠭᠠᠭᠰᠨᠨ ᠪᠠᠢᠨ᠎ᠠ᠃

  ᠬᠠᠷᠢᠭᠤᠴᠠᠭᠰᠠᠨ ᠨᠠᠢᠷᠠᠭᠤᠯᠤᠭᠴᠢ᠄ ᠳᠣᠷᠤᠨ᠎ᠠ

  ᠠᠷᠠᠳ᠎ᠤᠨ ᠰᠦᠯᠵᠢᠶᠡᠨ᠎ᠡᠴᠡ ᠱᠢᠯᠵᠢᠭᠦᠯᠦᠨ ᠨᠡᠢᠳᠡᠯᠡᠪᠡ

  

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604