ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯᠲᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ 2009 ᠣᠨ ᠤ᠋ 12 ᠰᠠᠷ᠎ᠠ ᠶ᠋ᠢᠨ 10 ᠤ᠋ ᠡᠳᠦᠷ ᠵᠢᠩᠬᠢᠨᠢ ᠪᠡᠷ ᠪᠠᠢᠭᠤᠯᠤᠭᠳᠠᠭᠰᠠᠨ ᠤᠯᠤᠰ ᠤ᠋ᠨ ᠥᠮᠴᠢᠯᠡᠯᠲᠦ ᠲᠣᠮᠤ ᠬᠡᠯᠪᠡᠷᠢ ᠶ᠋ᠢᠨ ᠰᠣᠶᠤᠯ ᠤ᠋ᠨ ᠠᠵᠤ ᠠᠬᠤᠢᠯᠠᠯ ᠤ᠋ᠨ ᠪᠦᠯᠦᠭᠯᠡᠯ ᠪᠣᠯᠬᠤ ᠶᠤᠮ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠣᠳᠣᠬᠠᠨ ᠳ᠋ᠤ᠌ ᠪᠠᠨ ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠪᠠᠭᠠᠴᠤᠳ ᠬᠡᠤᠬᠡᠳ ᠦ᠋ᠨ ᠬᠡᠪᠯᠡᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠦ᠋ᠨ ᠬᠣᠷᠢᠶ᠎ᠠ᠂ ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠵᠢᠷᠤᠭᠲᠤ ᠰᠡᠳᠭᠦᠯ ᠦ᠋ᠨ ᠬᠣᠷᠢᠶ᠎ᠠ᠂ ᠥᠪᠦᠷ ᠮᠣᠩᠭᠤᠯ ᠤ᠋ᠨ ᠰᠢᠨ ᠬᠤᠸᠠ ᠪᠤᠤ ᠶᠸ ᠲᠥᠪ ᠵᠡᠷᠭᠡ 8 ᠭᠡᠰᠢᠭᠦᠨ ᠪᠠᠢᠭᠤᠯᠭ᠎ᠠ ᠲᠠᠢ᠂ ᠡᠳᠡᠭᠡᠷ ᠪᠠᠢᠭᠤᠯᠭ᠎ᠠ ᠨᠢ 8 ᠲᠥᠷᠦᠯ ᠵᠦᠢᠯ ᠦ᠋ᠨ ᠰᠣᠨᠢᠨ ᠪᠠ 14 ᠲᠥᠷᠦᠯ ᠦ᠋ᠨ ᠰᠡᠳᠭᠦᠯ ᠡᠷᠬᠢᠯᠡᠵᠤ ᠪᠤᠢ᠃ ᠪᠠᠰᠠ ᠥᠪᠦᠷ ᠮᠣᠩᠭᠤᠯ ᠤ᠋ᠨ ᠠᠰᠢᠲᠠ ᠨᠡᠷᠡᠮᠵᠢᠲᠦ ᠰᠤᠷᠭᠠᠨ ᠬᠥᠮᠦᠵᠢᠯ ᠦ᠋ᠨ ᠬᠡᠪᠯᠡᠬᠦ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠦᠢᠯᠡᠰ ᠲᠣᠮᠤ ᠪᠠᠭᠤᠳᠠᠯ᠂ ᠥᠪᠦᠷ ᠮᠣᠩᠭᠤᠯ ᠤ᠋ᠨ ᠦᠢᠯᠡᠰ ᠨᠡᠷᠡᠮᠵᠢᠲᠤ ᠭᠠᠵᠠᠷ ᠬᠥᠷᠦᠩᠭᠡ ᠲᠥᠬᠦᠭᠡᠷᠬᠦ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠰᠢᠨᠵᠢᠯᠡᠬᠦ ᠤᠬᠠᠭᠠᠨ ᠰᠣᠶᠤᠯ ᠤ᠋ᠨ ᠬᠥᠭᠵᠢᠯᠲᠡ ᠶ᠋ᠢᠨ ᠰᠠᠭᠤᠷᠢ ᠮᠥᠩᠭᠦ ᠶ᠋ᠢᠨ ᠨᠡᠢᠭᠡᠮᠯᠢᠭ᠂ ᠥᠪᠦᠷ ᠮᠣᠩᠭᠤᠯ ᠤ᠋ᠨ ᠸᠸᠨ ᠶᠤᠸᠠᠨ ᠨᠡᠷᠡᠮᠵᠢᠲᠤ ᠰᠤᠷᠭᠠᠨ ᠬᠥᠮᠦᠵᠢᠯ ᠦ᠋ᠨ ᠬᠡᠪᠯᠡᠯ ᠦ᠋ᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠵᠡᠷᠭᠡ ᠪᠦᠷᠢᠨ ᠪᠡᠯᠡ ᠣᠷᠤᠭᠤᠯᠤᠭᠰᠠᠨ ᠪᠠ ᠬᠤᠪᠢᠴᠠᠭ᠎ᠠ ᠡᠵᠡᠮᠰᠢᠯᠲᠦ 5 ᠰᠢᠭᠤᠳ ᠬᠠᠷᠢᠶᠠᠲᠤ ᠠᠵᠤ ᠠᠬᠤᠢᠯᠠᠯ ᠲᠠᠢ᠃ ᠡᠭᠦᠨ ᠤ᠋ ᠳᠣᠲᠤᠷᠠᠬᠢ ᠭᠣᠣᠯ ᠭᠡᠰᠢᠭᠦᠨ ᠪᠠᠢᠭᠤᠯᠭ᠎ᠠ ᠪᠣᠯᠬᠤ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠪᠠᠨ ᠳᠤᠲᠤᠭᠠᠲᠤ ᠳ᠋ᠤ᠌ ᠪᠠᠰᠠ ᠥᠪᠦᠷ ᠮᠣᠩᠭᠤᠯ ᠤ᠋ᠨ ᠦᠢᠯᠡᠰ ᠨᠡᠷᠡᠮᠵᠢᠲᠦ ᠰᠤᠷᠭᠠᠨ ᠬᠥᠮᠦᠵᠢᠯ ᠦ᠋ᠨ ᠬᠡᠪᠯᠡᠭᠦᠯᠵᠦ ᠲᠠᠷᠬᠠᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠳᠠᠷᠬᠠᠨ ᠨᠡᠷᠡᠮᠵᠢᠲᠤ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠥᠭᠵᠢᠯᠲᠡ ᠶ᠋ᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠮᠤᠨᠢ ᠨᠡᠷᠡᠮᠵᠢᠲᠦ ᠰᠣᠶᠤᠯ ᠤ᠋ᠨ ᠵᠠᠭᠤᠴᠢ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠦᠢᠯᠡᠰ ᠨᠡᠷᠡᠮᠵᠢᠲᠦ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠬᠢᠵᠠᠭᠠᠷᠲᠤ ᠺᠣᠮᠫᠠᠨᠢ᠂ ᠥᠪᠦᠷ ᠮᠣᠩᠭᠤᠯ ᠤ᠋ᠨ ᠳᠡᠯᠡᠬᠡᠢ ᠨᠡᠷᠡᠮᠵᠢᠲᠦ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠬᠢᠵᠠᠭᠠᠷᠲᠤ ᠺᠣᠮᠫᠠᠨᠢ ᠵᠡᠷᠭᠡ ᠪᠦᠷᠢᠨ ᠬᠥᠷᠦᠩᠭᠡ ᠣᠷᠤᠭᠤᠯᠤᠭᠰᠠᠨ ᠪᠠ ᠬᠤᠪᠢᠴᠠᠭ᠎ᠠ ᠡᠵᠡᠮᠰᠢᠯᠲᠦ 16 ᠺᠣᠮᠫᠠᠨᠢ ᠲᠠᠢ᠃ ᠬᠡᠪᠯᠡᠯ ᠦ᠋ᠨ ᠪᠦᠯᠦᠭᠯᠡᠯ ᠪᠣᠯᠤᠨ ᠪᠤᠰᠤᠳ ᠭᠡᠰᠢᠭᠦᠨ ᠪᠠᠢᠭᠤᠯᠭ᠎ᠠ ᠨᠢ ᠤᠷᠢᠳ ᠬᠣᠵᠢᠳᠪᠦᠬᠦ ᠤᠯᠤᠰ ᠤ᠋ᠨ ᠰᠣᠨᠢᠨ ᠮᠡᠳᠡᠭᠡ ᠬᠡᠪᠯᠡᠯ ᠦ᠋ᠨ ᠰᠢᠰᠲ᠋ᠧᠮ ᠤ᠋ᠨ ᠲᠡᠷᠢᠭᠦᠨ ᠤ᠋ ᠬᠠᠮᠲᠤ ᠨᠢᠭᠡᠴᠢᠪᠦᠬᠦ ᠤᠯᠤᠰ ᠤ᠋ᠨ ᠰᠢᠯᠢᠳᠡᠭ ᠬᠡᠪᠯᠡᠯ ᠦ᠋ᠨ ᠬᠣᠷᠢᠶ᠎ᠠᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠲᠡᠷᠢᠭᠦᠨ ᠤ᠋ ᠦᠨᠳᠦᠰᠦᠨ ᠱᠠᠲᠤᠨ ᠤ᠋ ᠪᠠᠢᠭᠤᠯᠤᠯᠲᠠᠤᠯᠠᠭᠠᠨᠬᠦᠦ ᠶ᠋ᠢᠨ ᠮᠣᠩᠭᠤᠯ ᠬᠡᠯᠡ ᠪᠢᠴᠢᠭ ᠦ᠋ᠨ ᠱᠠᠩᠨᠠᠯᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ᠋ ᠬᠠᠮᠲᠤ ᠨᠢᠭᠡᠴᠢᠭᠠᠢᠯᠢ ᠲᠤᠰᠢᠶᠠᠭᠰᠠᠨ ᠲᠡᠷᠢᠭᠦᠨ ᠤ᠋ ᠪᠠᠢᠭᠤᠯᠭ᠎ᠠᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠰᠢᠯᠢᠳᠡᠭ ᠰᠣᠶᠤᠯ ᠤ᠋ᠨ ᠵᠢᠱ᠌ᠢᠶᠡᠴᠢ ᠪᠠᠢᠭᠤᠯᠭ᠎ᠠᠡᠳ᠋ ᠦ᠋ᠨ ᠶᠠᠪᠤᠳᠠᠯ ᠤ᠋ᠨ ᠮᠡᠳᠡᠭᠦᠯᠭᠡ ᠶ᠋ᠢᠨ ᠲᠡᠷᠢᠭᠦᠨ ᠤ᠋ ᠪᠠᠢᠭᠤᠯᠭ᠎ᠠᠳᠤᠮᠳᠠᠲᠤ ᠤᠯᠤᠰ ᠤ᠋ᠨ ᠠᠵᠤ ᠦᠢᠯᠡᠳᠪᠦᠷᠢ  ᠬᠤᠳᠠᠯᠳᠤᠭ᠎ᠠ ᠶ᠋ᠢᠨ ᠪᠠᠩᠬᠢ ᠶ᠋ᠢᠨ 3A ᠳᠡᠰ ᠦ᠋ᠨ ᠠᠵᠤ ᠠᠬᠤᠢᠯᠠᠯᠥᠪᠡᠷᠲᠡᠭᠡᠨ ᠵᠠᠰᠠᠬᠤ ᠣᠷᠤᠨ ᠤ᠋ ᠠᠵᠢᠯᠲᠠᠨ ᠠᠵᠢᠯᠴᠢᠨ ᠤ᠋ ᠠᠵᠢᠯ ᠮᠡᠷᠭᠡᠵᠢᠯ ᠦ᠋ᠨ ᠶᠣᠰᠤ ᠰᠤᠷᠲᠠᠬᠤᠨ ᠤ᠋ ᠪᠦᠲᠦᠭᠡᠨ ᠪᠠᠢᠭᠤᠯᠤᠯᠲᠠ ᠶ᠋ᠢᠨ ᠠᠷᠪᠠᠨ ᠰᠢᠯᠢᠳᠡᠭ ᠪᠠᠢᠭᠤᠯᠭ᠎ᠠᠬᠥᠬᠡᠬᠣᠲᠠ ᠶ᠋ᠢᠨ ᠣᠶᠤᠨ ᠤ᠋ ᠪᠣᠯᠪᠠᠰᠤᠨ ᠤ᠋ ᠲᠡᠷᠢᠭᠦᠨ ᠤ᠋ ᠪᠠᠢᠭᠤᠯᠭ᠎ᠠᠵᠡᠷᠭᠡ ᠮᠠᠰᠢ ᠤᠯᠠᠨ ᠢᠷᠠᠭᠤ ᠠᠯᠳᠠᠷ ᠢ᠋ ᠬᠦᠷᠲᠡᠵᠡᠢ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠬᠦᠭᠵᠢᠯᠲᠠ ᠶ᠋ᠢᠨ ᠶᠠᠪᠤᠴᠠ ᠳ᠋ᠤ᠌ ᠪᠠᠨ ᠬᠡᠪᠯᠡᠯ ᠦ᠋ᠨ ᠵᠢᠯᠤᠭᠤᠳᠤᠮᠵᠢ ᠶ᠋ᠢ ᠵᠥᠪ ᠣᠨᠤᠪᠴᠢᠲᠠᠢ ᠪᠠᠷ ᠴᠢᠩᠭ᠎ᠠ ᠪᠠᠷᠢᠮᠳᠠᠯᠠᠵᠤ᠂ ᠦᠨᠳᠦᠰᠦᠲᠡᠨ ᠤ᠋ ᠪᠠᠨ ᠰᠢᠯᠢᠳᠡᠭ ᠰᠣᠶᠤᠯ ᠢ᠋ ᠵᠠᠯᠭᠠᠮᠵᠢᠯᠠᠬᠤ᠂ ᠬᠥᠭᠵᠢᠭᠦᠯᠬᠦ᠂ ᠤᠯᠠᠮᠵᠢᠯᠠᠨ ᠲᠦᠭᠡᠮᠡᠯᠵᠢᠭᠦᠯᠬᠦ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠬᠢᠲᠠᠳ᠂ ᠮᠣᠩᠭᠤᠯ ᠬᠡᠯᠡᠨ ᠤ᠋ ᠮᠠᠰᠢ ᠤᠯᠠᠨ ᠨᠣᠮ ᠢ᠋ ᠬᠡᠪᠯᠡᠭᠦᠯᠵᠦ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠤ᠋ ᠲᠤᠰᠢᠶᠠᠭᠰᠠᠨ ᠡᠯ᠎ᠡ ᠲᠥᠷᠦᠯ ᠦ᠋ᠨ ᠨᠣᠮ ᠪᠢᠴᠢᠭ ᠬᠡᠪᠯᠡᠭᠦᠯᠬᠦ ᠡᠭᠦᠷᠭᠡ ᠶ᠋ᠢ ᠠᠮᠵᠢᠯᠲᠠ ᠲᠠᠢ ᠪᠠᠷ ᠪᠡᠶᠡᠯᠡᠭᠦᠯᠵᠦ᠂ ᠣᠷᠤᠨ ᠤ᠋ ᠳᠤᠲᠤᠭᠠᠲᠤ ᠭᠠᠳᠠᠭᠠᠲᠦ ᠶ᠋ᠢᠨ ᠡᠯ᠎ᠡ ᠦᠨᠳᠦᠰᠦᠲᠡᠨ ᠤ᠋ ᠠᠷᠠᠳ ᠲᠦᠮᠡᠨ ᠤ᠋ ᠡᠯ᠎ᠡ ᠳᠠᠪᠬᠤᠷᠭ᠎ᠠ ᠶ᠋ᠢᠨ ᠬᠢᠨ ᠤ᠋ ᠬᠡᠷᠡᠭᠴᠡᠭᠡ ᠱᠠᠭᠠᠷᠳᠠᠯᠭ᠎ᠠ ᠶ᠋ᠢ ᠭᠦᠢᠴᠡᠳ ᠬᠠᠩᠭᠠᠵᠠᠢ᠃

  ᠡᠭᠦᠨ ᠤ᠋ ᠳᠣᠲᠤᠷ᠎ᠠ ᠲᠠᠯ᠎ᠠ ᠨᠤᠳᠤᠭ ᠤ᠋ᠨ ᠰᠣᠶᠤᠯ ᠢ᠋ᠶ᠋ᠠᠷ ᠲᠥᠯᠦᠭᠡᠯᠡᠯ ᠪᠣᠯᠭᠠᠭᠰᠠᠨ ᠮᠣᠩᠭᠤᠯ ᠬᠢᠲᠠᠳ ᠨᠣᠮ ᠪᠢᠴᠢᠭ ᠤ᠋ᠳ ᠨᠢ ᠥᠪᠡᠷᠮᠢᠴᠡ ᠣᠨᠴᠠᠯᠢᠭ ᠪᠦᠬᠦᠢ ᠨᠡᠷᠡᠲᠦ ᠲᠡᠮᠳᠡᠭ ᠢ᠋ ᠪᠤᠢ ᠪᠣᠯᠭᠠᠵᠤ᠂ ᠮᠠᠨ ᠤ᠋ ᠬᠡᠪᠯᠡᠭᠦᠯᠦᠭᠰᠡᠨ ᠮᠣᠩᠭᠤᠯᠴᠢ ᠡᠷᠳᠡᠮᠲᠡᠳ ᠦ᠋ᠨ ᠰᠤᠳᠤᠯᠭᠠᠨ ᠤ᠋ ᠪᠦᠲᠦᠭᠡᠯ ᠨᠢ ᠳᠡᠯᠡᠬᠡᠢ ᠶ᠋ᠢᠨ ᠡᠯ᠎ᠡ ᠤᠯᠤᠰ ᠲᠤ᠌ ᠪᠣᠷᠤᠯᠠᠭᠤᠯᠤᠭᠳᠠᠵᠤ᠂ ᠣᠳᠣᠬᠠᠨ ᠳ᠋ᠤ᠌ ᠪᠠᠨ ᠳᠡᠯᠡᠬᠡᠢ ᠶ᠋ᠢᠨ ᠮᠣᠩᠭᠤᠯ ᠰᠤᠳᠤᠯᠤᠯ ᠤ᠋ᠨ ᠬᠡᠪᠯᠡᠯ ᠦ᠋ᠨ ᠲᠥᠪ ᠪᠣᠯᠤᠭᠰᠠᠨ ᠶᠤᠮ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠪᠠᠢᠭᠤᠯᠤᠭᠳᠠᠭᠰᠠᠨ ᠠ᠋ᠴᠠ ᠨᠠᠭᠠᠰᠢ ᠵᠢᠯ ᠪᠦᠷᠢ ᠳᠤᠮᠳᠠᠴᠢ ᠪᠠᠷ 3400 ᠣᠷᠴᠢᠮ ᠬᠡᠪᠯᠡᠯ ᠦ᠋ᠨ ᠪᠦᠲᠦᠭᠡᠭᠳᠡᠬᠦᠨ ᠬᠡᠪᠯᠡᠭᠦᠯᠬᠦ ᠶ᠋ᠢ ᠪᠠᠲᠤᠯᠠᠵᠤ᠂ ᠨᠡᠢᠲᠡ ᠳ᠋ᠤ᠌ ᠪᠠᠨ 21000 ᠭᠠᠷᠤᠢ ᠮᠣᠩᠭᠤᠯ᠂ ᠬᠢᠲᠠᠳ ᠨᠣᠮ᠂ ᠳᠠᠭᠤᠤ ᠬᠥᠭᠵᠢᠮ ᠳᠦᠷᠰᠦ ᠰᠢᠩᠭᠡᠭᠡᠯᠲᠡ ᠪᠠ ᠴᠠᠬᠢᠮ ᠨᠣᠮ ᠢ᠋ ᠬᠡᠪᠯᠡᠭᠦᠯᠪᠡ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠪᠠᠰᠠ ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦᠨ ᠤ᠋ ᠲᠤᠰᠠᠯᠠᠮᠵᠢᠲᠤ ᠲᠥᠰᠦᠯ ᠪᠠ ᠴᠦ᠋ᠬᠡᠨ ᠲᠣᠭᠠᠲᠤ ᠦᠨᠳᠦᠰᠦᠲᠡᠨ ᠤ᠋ ᠦᠭᠡ ᠬᠡᠯᠡ ᠦᠰᠦᠭ ᠪᠢᠴᠢᠭ ᠦ᠋ᠨ ᠬᠡᠪᠯᠡᠯ ᠦ᠋ᠨ ᠲᠤᠰᠭᠠᠢ ᠪᠡᠯᠡ ᠮᠥᠩᠭᠦᠨ ᠤ᠋ ᠲᠥᠰᠦᠯ᠂ ᠤᠯᠤᠰ ᠤ᠋ᠨ12·5 ᠤ᠋ᠨ ᠭᠣᠣᠯᠳᠠᠯᠭ᠎ᠠ ᠲᠠᠢ ᠨᠣᠮ ᠪᠢᠴᠢᠭ ᠤ᠋ᠨ ᠬᠡᠪᠯᠡᠯ ᠦ᠋ᠨ ᠲᠥᠯᠦᠪᠵᠢᠭᠦᠯᠭᠡ᠂ ᠪᠦᠬᠦ ᠤᠯᠤᠰ ᠤ᠋ᠨ12·5 ᠤ᠋ᠨ ᠴᠦ᠋ᠬᠡᠨ ᠲᠣᠭᠠᠲᠤ ᠦᠨᠳᠦᠰᠦᠲᠡᠨ ᠤ᠋ ᠦᠰᠦᠭ ᠪᠢᠴᠢᠭ ᠦ᠋ᠨ ᠬᠡᠪᠯᠡᠯ ᠦ᠋ᠨ ᠲᠥᠯᠦᠪᠵᠢᠭᠦᠯᠭᠡ ᠪᠠ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠰᠣᠶᠤᠯ ᠤ᠋ᠨ ᠪᠦᠲᠦᠭᠡᠨ ᠪᠠᠢᠭᠤᠯᠤᠯᠲᠠ ᠶ᠋ᠢᠨ ᠰᠤᠳᠤᠯᠭᠠᠨ ᠤ᠋ ᠢᠨᠵᠧᠨᠧᠷᠢᠩ ᠤ᠋ᠨ ᠲᠥᠰᠦᠯ ᠵᠡᠷᠭᠡ ᠤᠯᠠᠨ ᠲᠥᠷᠦᠯ ᠵᠦᠢᠯ ᠦ᠋ᠨ ᠭᠣᠣᠯᠳᠠᠯᠭ᠎ᠠ ᠲᠠᠢ ᠨᠣᠮ ᠪᠢᠴᠢᠭ ᠤ᠋ᠨ ᠬᠡᠪᠯᠡᠯ ᠦ᠋ᠨ ᠲᠥᠰᠦᠯ ᠢ᠋ ᠳᠠᠭᠠᠭᠠᠴᠢᠯᠠᠵᠤ᠂ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨᠬᠣᠣᠰ ᠵᠠᠭᠤᠨ ᠤ᠋ ᠢᠨᠵᠧᠨᠧᠷᠢᠩ(ᠵᠢᠯ ᠪᠦᠷᠢ ᠮᠣᠩᠭᠤᠯ ᠬᠢᠲᠠᠳ ᠬᠡᠯᠡᠨ ᠤ᠋ ᠰᠢᠯᠢᠳᠡᠭ ᠨᠣᠮ ᠢ᠋ ᠲᠤᠰ ᠪᠦᠷᠢ 100 ᠶ᠋ᠢ ᠬᠡᠪᠯᠡᠭᠦᠯᠬᠦ) ᠪᠠ ᠵᠢᠯ ᠪᠦᠷᠢ 500 ᠢᠯᠡᠭᠦᠤ ᠲᠥᠷᠦᠯ ᠦ᠋ᠨ ᠮᠣᠩᠭᠤᠯ ᠨᠣᠮ ᠪᠢᠴᠢᠭ ᠬᠡᠪᠯᠡᠭᠦᠯᠬᠦ ᠡᠭᠦᠷᠭᠡ ᠶ᠋ᠢ ᠳᠠᠭᠠᠭᠠᠴᠢᠯᠠᠨ ᠪᠡᠶᠡᠯᠡᠭᠦᠯᠪᠡ᠃

  ᠡᠭᠦᠨ ᠠ᠋ᠴᠠ ᠭᠠᠳᠠᠨ᠎ᠠ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠵᠢᠴᠢ ᠪᠡᠭᠡᠵᠢᠩ᠂ ᠡᠾᠸᠪᠸᠢ᠂ ᠯᠢᠶᠣᠤᠨᠢᠩ᠂ ᠭᠢᠷᠢᠨ᠂ ᠬᠠᠷᠠᠮᠦ᠋ᠷᠡᠨ᠂ ᠰᠢᠨᠵᠢᠶᠠᠩ᠂ ᠬᠥᠬᠡᠨᠠᠭᠤᠷ᠂ ᠭᠠᠨᠰᠤ ᠵᠡᠷᠭᠡ ᠨᠠᠢ᠍ᠮᠠᠨ ᠮᠤᠵᠢ ᠣᠷᠤᠨ ᠤ᠋ ᠮᠣᠩᠭᠤᠯ ᠢ᠋ᠶ᠋ᠠᠷ ᠬᠢᠴᠢᠶᠡᠯᠯᠡᠬᠦ ᠳᠤᠮᠳᠠᠲᠤ ᠪᠠᠭ᠎ᠠ ᠰᠤᠷᠭᠠᠭᠤᠯᠢ ᠶ᠋ᠢᠨ ᠰᠤᠷᠬᠤ ᠪᠢᠴᠢᠭ ᠪᠠ ᠳᠠᠭᠠᠯᠲᠠ ᠮᠠᠲ᠋ᠧᠷᠢᠶᠠᠯ ᠢ᠋ ᠬᠡᠪᠯᠡᠭᠦᠯᠬᠦ ᠡᠭᠦᠷᠭᠡ ᠪᠠᠨ ᠳᠠᠭᠠᠭᠠᠴᠢᠯᠠᠨ ᠪᠡᠶᠡᠯᠡᠭᠦᠯᠦᠭᠰᠡᠭᠡᠷ ᠢᠷᠡᠵᠡᠢ᠃

  ᠬᠡᠪᠯᠡᠯ ᠦ᠋ᠨ ᠪᠦᠯᠦᠭᠯᠡᠯ ᠦ᠋ᠨ ᠥᠷᠭᠡᠨ ᠤᠯᠠᠨ ᠺᠠᠳ᠋ᠷ ᠪᠠ ᠨᠠᠢᠷᠠᠭᠤᠯᠤᠭᠴᠢᠳ ᠤᠯᠠᠨ ᠵᠢᠯ ᠤ᠋ᠨ ᠲᠤᠷᠰᠢ ᠡᠳᠡᠭᠡᠷ ᠡᠭᠦᠷᠭᠡ ᠪᠠᠨ ᠪᠡᠶᠡᠯᠡᠭᠦᠯᠬᠦ ᠶ᠋ᠢᠨ ᠲᠤᠯᠠᠲᠠ ᠴᠥᠬᠦᠷᠡᠰᠢ ᠦᠭᠡᠢ ᠪᠡᠷ ᠮᠡᠷᠡᠢᠨ ᠴᠢᠷᠮᠠᠢᠵᠤ᠂ ᠮᠣᠩᠭᠤᠯ ᠬᠢᠲᠠᠳ ᠰᠤᠷᠬᠤ ᠪᠢᠴᠢᠭ ᠢ᠋ ᠵᠡᠷᠭᠡ ᠪᠡᠷ ᠬᠠᠩᠭᠠᠬᠤ ᠠᠵᠢᠯ ᠢ᠋ ᠰᠠᠢᠲᠤᠷ ᠬᠢᠵᠤ᠂ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠠ᠋ᠴᠠ ᠲᠤᠰᠢᠶᠠᠭᠰᠠᠨᠬᠢᠴᠢᠶᠡᠯ ᠡᠴᠡ ᠡᠮᠦᠨ᠎ᠡ ᠰᠤᠷᠬᠤ ᠪᠢᠴᠢᠭ ᠢ᠋ᠶ᠋ᠠᠨ ᠣᠯᠵᠤ᠂ ᠬᠥᠮᠦᠨ ᠪᠦᠷᠢ ᠨᠢᠭᠡ ᠳᠡᠪᠲᠡᠷ ᠲᠠᠢ ᠪᠠᠢᠬᠤᠤᠯᠤᠰ ᠲᠥᠷᠦ ᠶ᠋ᠢᠨ ᠡᠭᠦᠷᠭᠡ ᠪᠠᠨ ᠴᠠᠭ ᠲᠤᠬᠠᠢ ᠳ᠋ᠤ᠌ ᠨᠢ ᠠᠮᠵᠢᠯᠲᠠ ᠲᠠᠢ ᠪᠡᠶᠡᠯᠡᠭᠦᠯᠵᠡᠢ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠣᠳᠣᠬᠠᠨ ᠳ᠋ᠤ᠌ ᠮᠠᠨ ᠤ᠋ ᠤᠯᠤᠰ ᠤ᠋ᠨ ᠴᠤᠷ ᠭᠠᠭᠴᠠ ᠮᠣᠩᠭᠤᠯ ᠰᠤᠷᠬᠤ ᠪᠢᠴᠢᠭ ᠤ᠋ᠨ ᠪᠦᠲᠦᠭᠡᠨ ᠪᠠᠢᠭᠤᠯᠤᠯᠲᠠ ᠪᠠ ᠬᠡᠪᠯᠡᠯ ᠦ᠋ᠨ ᠰᠠᠭᠤᠷᠢᠨ ᠭᠠᠵᠠᠷ ᠪᠣᠯᠵᠤ᠂ ᠮᠠᠨ ᠤ᠋ ᠤᠯᠤᠰ ᠤ᠋ᠨ᠂ ᠴᠢᠨᠠᠭᠰᠢᠯᠠᠪᠠᠯ ᠳᠡᠯᠡᠬᠡᠢ ᠶ᠋ᠢᠨ ᠬᠡᠪᠴᠢᠶᠡᠨ ᠤ᠋ ᠮᠣᠩᠭᠤᠯ ᠬᠡᠪᠯᠡᠯ ᠦ᠋ᠨ ᠲᠥᠪ ᠪᠣᠯᠬᠤ ᠳ᠋ᠤ᠌ ᠪᠠᠨ ᠪᠠᠲᠤ ᠪᠡᠬᠢ ᠰᠠᠭᠤᠷᠢ ᠶ᠋ᠢ ᠲᠠᠯᠪᠢᠵᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠡᠪᠯᠡᠯ ᠦ᠋ᠨ ᠦᠢᠯᠡᠰ ᠪᠠ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠦᠢᠯᠡᠰ ᠲᠤ᠌ ᠴᠢᠬᠤᠯᠠ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠡᠢ᠃ 2015 ᠣᠨ ᠳ᠋ᠤ᠌ ᠤᠯᠤᠰ ᠤ᠋ᠨ ᠦᠨᠳᠦᠰᠦᠲᠡᠨ ᠤ᠋ ᠦᠰᠦᠭ ᠪᠢᠴᠢᠭ ᠦ᠋ᠨ ᠬᠡᠪᠯᠡᠯ ᠦ᠋ᠨ ᠥᠪᠦᠷ ᠮᠣᠩᠭᠤᠯ ᠳ᠋ᠡᠬᠢ ᠰᠠᠭᠤᠷᠢᠨ ᠭᠠᠵᠠᠷ ᠨᠢ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠳ᠋ᠤ᠌ ᠪᠠᠢᠭᠤᠯᠤᠭᠳᠠᠵᠤ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠮᠣᠩᠭᠤᠯ ᠨᠣᠮ ᠪᠢᠴᠢᠭ ᠤ᠋ᠨ ᠬᠡᠪᠯᠡᠯ ᠦ᠋ᠨ ᠲᠥᠪ ᠪᠣᠯᠬᠤ ᠪᠠᠢᠷᠢ ᠰᠠᠭᠤᠷᠢ ᠶ᠋ᠢ ᠤᠯᠠᠮ ᠪᠠᠲᠤᠳᠭᠠᠵᠤ᠂ ᠮᠣᠩᠭᠤᠯ ᠬᠡᠪᠯᠡᠯ ᠦ᠋ᠨ ᠦᠢᠯᠡᠰ ᠤ᠋ᠨ ᠲᠥᠯᠦᠭᠡ ᠲᠡᠮᠡᠦᠯᠦᠨ ᠵᠢᠳᠭᠦᠬᠦ ᠵᠢᠭᠦᠷ ᠢ᠋ ᠨᠢ ᠢᠷᠯᠡᠭᠰᠡᠨ ᠶᠤᠮ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠲᠥᠰᠦᠪᠯᠡᠬᠦ ᠴᠢᠳᠠᠪᠦᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ᠂ ᠬᠡᠪᠯᠡᠯ ᠦ᠋ᠨ ᠪᠦᠲᠦᠴᠡ ᠪᠠᠨ ᠲᠣᠬᠢᠷᠠᠭᠤᠯᠬᠤ᠂ ᠬᠡᠪᠯᠡᠯ ᠦ᠋ᠨ ᠦᠢᠯᠡᠰ ᠦ᠋ᠨ ᠦᠵᠡᠯ ᠰᠠᠨᠠᠭᠠᠨ ᠤ᠋ ᠵᠢᠯᠤᠭᠤᠳᠤᠮᠵᠢ ᠶ᠋ᠢ ᠴᠢᠩᠭ᠎ᠠ ᠠᠳᠭᠤᠵᠤ᠂ ᠨᠡᠷᠡᠲᠦ ᠲᠡᠮᠳᠡᠭ ᠢ᠋ ᠪᠤᠢ ᠪᠣᠯᠭᠠᠬᠤ ᠵᠡᠷᠭᠡ ᠪᠡᠷ ᠳᠠᠮᠵᠢᠭᠠᠳ ᠤᠯᠤᠰ ᠤ᠋ᠨ ᠳᠤᠲᠤᠭᠠᠲᠤ ᠭᠠᠳᠠᠭᠠᠲᠦ ᠳ᠋ᠤ᠌ ᠠᠯᠳᠠᠷᠰᠢᠭᠰᠠᠨ ᠰᠣᠩᠭᠤᠳᠠᠭ ᠪᠦᠲᠦᠭᠡᠯ ᠦ᠋ᠳ ᠢ᠋ ᠬᠡᠪᠯᠡᠭᠦᠯᠦᠨ ᠲᠠᠷᠬᠠᠭᠠᠵᠠᠢ᠃ ᠣᠢᠷ᠎ᠠ ᠶ᠋ᠢᠨ ᠵᠢᠯ ᠠ᠋ᠴᠠ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠡᠯ᠎ᠡ ᠲᠥᠷᠦᠯ ᠦ᠋ᠨ ᠨᠣᠮ ᠪᠢᠴᠢᠭ ᠨᠢᠳᠤᠮᠳᠠᠲᠦ ᠤᠯᠤᠰ ᠤ᠋ᠨ ᠵᠠᠰᠠᠭ ᠤ᠋ᠨ ᠣᠷᠳᠤᠨ ᠤ᠋ ᠱᠠᠩᠨᠠᠯ᠂ ᠤᠯᠤᠰ ᠤ᠋ᠨᠲᠠᠪᠤ ᠨᠢᠭᠡ ᠢᠨᠵᠧᠨᠧᠷᠢᠩ ᠤ᠋ᠨ ᠨᠣᠮ ᠤ᠋ᠨ ᠱᠠᠩᠨᠠᠯ᠂ ᠳᠤᠮᠳᠠᠳᠤ ᠤᠯᠤᠰ ᠤ᠋ᠨ ᠨᠣᠮ ᠤ᠋ᠨ ᠱᠠᠩᠨᠠᠯ᠂ ᠳᠤᠮᠲᠠᠳᠤ ᠶ᠋ᠢᠨ ᠰᠢᠯᠢᠳᠡᠭ ᠬᠡᠪᠯᠡᠯ ᠦ᠋ᠨ ᠪᠦᠲᠦᠭᠡᠭᠳᠡᠬᠦᠨ ᠤ᠋ ᠱᠠᠩᠨᠠᠯ᠂ ᠯᠦ᠍ ᠰᠢᠶᠦ᠋ᠨ ᠤ᠋ ᠤᠳᠭ᠎ᠠ ᠵᠣᠬᠢᠶᠠᠯ ᠤ᠋ᠨ ᠱᠠᠩᠨᠠᠯ ᠭᠡᠬᠦ ᠮᠡᠲᠦ ᠶ᠋ᠢᠨ ᠤᠯᠤᠰ ᠤ᠋ᠨ ᠳᠡᠰ ᠦ᠋ᠨ ᠲᠣᠮᠤ ᠱᠠᠩᠨᠠᠯ ᠢ᠋ ᠤᠷᠢᠳ ᠬᠣᠵᠢᠳ ᠤᠯᠠᠨ ᠤᠳᠠᠭ᠎ᠠ ᠬᠦᠷᠲᠡᠵᠦ᠂ ᠮᠢᠩᠭ᠎ᠠ ᠰᠢᠬᠠᠮ ᠵᠦᠢᠯ ᠦ᠋ᠨ ᠨᠣᠮ ᠪᠢᠴᠢᠭ ᠨᠢ ᠮᠤᠵᠢ ᠣᠷᠤᠨ ᠤ᠋ ᠳᠡᠰ ᠦ᠋ᠨ ᠪᠠ ᠠᠵᠢᠯ ᠲᠥᠷᠦᠯ ᠦ᠋ᠨ ᠨᠡᠢᠭᠡᠮᠯᠢᠭ ᠦ᠋ᠨ ᠨᠣᠮ ᠪᠢᠴᠢᠭ ᠤ᠋ᠨ ᠱᠠᠩᠨᠠᠯ ᠤ᠋ᠨ ᠰᠢᠯᠭᠠᠷᠠᠭᠤᠯᠤᠯᠲᠠ ᠳ᠋ᠤ᠌ ᠣᠷᠤᠯᠴᠠᠵᠤ ᠤᠯᠠᠨ ᠱᠠᠩᠨᠠᠯ ᠭᠠᠷᠳᠠᠵᠠᠢ᠃ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠣᠳᠣᠬᠠᠨ ᠪᠣᠯᠬᠤ ᠳ᠋ᠤ᠌ ᠮᠣᠩᠭᠤᠯ ᠬᠢᠲᠠᠳ ᠬᠡᠯᠡᠨ ᠤ᠋ ᠨᠣᠮ ᠪᠢᠴᠢᠭ ᠬᠡᠪᠯᠡᠭᠦᠯᠦᠭᠰᠡᠨ ᠲᠣᠭ᠎ᠠ ᠬᠡᠮᠵᠢᠶ᠎ᠡ᠂ ᠴᠢᠨᠠᠷ ᠴᠢᠨᠰᠠᠭ᠎ᠠ ᠲᠡᠳᠦᠢ ᠦᠭᠡᠢ᠂ ᠶᠡᠷᠦᠩᠬᠡᠢᠯᠡᠭᠰᠡᠨ ᠬᠡᠪᠯᠡᠯ ᠦ᠋ᠨ ᠴᠢᠳᠠᠪᠦᠷᠢ ᠶ᠋ᠢᠨ ᠲᠠᠯ᠎ᠠ ᠪᠡᠷ ᠢ᠋ᠶ᠋ᠡᠨ ᠴᠦ᠍ ᠲᠡᠤᠬᠡ ᠶ᠋ᠢᠨ ᠬᠠᠮᠤᠭ ᠤ᠋ᠨ ᠰᠠᠢᠨ ᠴᠠᠭ ᠦᠶ᠎ᠡ ᠳ᠋ᠤ᠌ ᠰᠢᠯᠵᠢᠭᠰᠡᠨ ᠶᠤᠮ᠃

    ᠥᠪᠦᠷ ᠮᠣᠩᠭᠤᠯ ᠤ᠋ᠨ ᠬᠡᠪᠯᠡᠯ ᠤ᠋ᠨ ᠪᠦᠯᠦᠭᠯᠡᠯ ᠨᠢ ᠤᠯᠠᠮᠵᠢᠯᠠᠯᠲᠦ ᠭᠣᠣᠯ ᠠᠵᠢᠯ ᠢ᠋ᠶ᠋ᠠᠨ ᠰᠠᠢᠲᠤᠷ ᠬᠢᠬᠦ ᠪᠡᠷ ᠤᠷᠢᠳᠠᠯ ᠪᠣᠯᠭᠠᠵᠤ᠂ ᠤᠯᠠᠨ ᠲᠥᠷᠦᠯ ᠦ᠋ᠨ ᠵᠠᠭᠤᠴᠢᠯᠠᠭᠤᠷ ᠪᠠ ᠳ᠋ᠠᠢᠲ᠋ᠠ ᠬᠥᠮᠦᠷᠭᠡ ᠶ᠋ᠢᠨ ᠴᠠᠭ ᠦᠶ᠎ᠡ ᠲᠠᠢ ᠪᠠᠨ ᠵᠣᠬᠢᠴᠠᠭᠤᠯᠤᠨ᠂ ᠤᠯᠠᠮᠵᠢᠯᠠᠯᠲᠤ ᠬᠡᠪᠯᠡᠯ ᠦ᠋ᠨ ᠬᠡᠯᠪᠡᠷᠢ ᠶ᠋ᠢ ᠰᠢᠨᠡᠴᠢᠯᠡᠬᠦ ᠪᠡᠷ ᠭᠣᠣᠯ ᠴᠥᠮ᠎ᠡ ᠪᠣᠯᠭᠠᠵᠤ᠂ ᠰᠢᠨ᠎ᠡ ᠪᠡᠷ ᠪᠤᠢ ᠪᠣᠯᠤᠭᠰᠠᠨ ᠬᠠᠮ ᠵᠠᠭᠤᠴᠢᠯᠠᠭᠤᠷ ᠤ᠋ᠨ ᠬᠥᠭᠵᠢᠯᠲᠡ ᠶ᠋ᠢ ᠣᠨᠴᠠᠯᠠᠨ ᠠᠩᠬᠠᠷᠴᠤ᠂ ᠮᠡᠳᠡᠭᠡ ᠵᠠᠩᠭᠢᠴᠢᠯᠠᠭᠰᠠᠨ᠂ ᠳ᠋ᠢᠵᠢᠲ᠋ᠴᠢᠯᠡᠭᠰᠠᠨ᠂ ᠰᠦᠯᠵᠢᠶᠡᠵᠢᠭᠰᠡᠨ ᠪᠦᠲᠦᠭᠡᠨ ᠪᠠᠢᠭᠤᠯᠤᠯᠲᠠ ᠶ᠋ᠢᠨ ᠠᠬᠢᠴᠠ ᠶ᠋ᠢ ᠲᠦᠯᠬᠢᠨ ᠠᠬᠢᠭᠤᠯᠵᠤ᠂ ᠳ᠋ᠢᠵᠢᠲ᠋ᠴᠢᠯᠡᠭᠰᠠᠨ ᠬᠡᠪᠯᠡᠯ᠂ ᠡᠭᠦᠯᠡ ᠰᠤᠷᠭᠠᠨ ᠬᠥᠮᠦᠵᠢᠯ᠂ ᠬᠠᠮ ᠵᠠᠭᠤᠴᠢᠯᠠᠭᠤᠷ ᠤ᠋ᠨ ᠨᠡᠢᠳᠡᠯᠡᠯ᠂ ᠴᠠᠬᠢᠮ ᠬᠤᠳᠠᠯᠳᠤᠭ᠎ᠠ᠂ ᠸᠸᠪ ᠰᠠᠢᠲ ᠤ᠋ᠨ ᠪᠦᠲᠦᠭᠡᠨ ᠪᠠᠢᠭᠤᠯᠤᠯᠲᠠ ᠵᠡᠷᠭᠡ ᠲᠠᠯ᠎ᠠ ᠪᠠᠷ ᠰᠢᠪᠲᠤᠯᠤᠯᠲᠠ ᠶ᠋ᠢᠨ ᠴᠢᠨᠠᠷ ᠲᠠᠢ ᠠᠬᠢᠴᠠ ᠲᠠᠢ ᠪᠣᠯᠵᠠᠢ᠃ ᠣᠳᠣᠬᠠᠨ ᠪᠣᠯᠬᠤ ᠳ᠋ᠤ᠌ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠮᠣᠩᠭᠤᠯ ᠬᠢᠲᠠᠳ ᠬᠡᠯᠡᠨ ᠤ᠋ ᠮᠡᠳᠡᠭᠡ ᠵᠠᠩᠬᠢᠵᠢᠯᠠᠯᠲᠠ᠂ ᠳ᠋ᠢᠵᠢᠲ᠋ᠴᠢᠯᠠᠯᠲᠠ  ᠶ᠋ᠢᠨ ᠬᠥᠭᠵᠢᠯᠲᠡ ᠶ᠋ᠢᠨ ᠲᠠᠯ᠎ᠠ ᠪᠠᠷ ᠨᠢᠭᠡᠨᠲᠡ ᠪᠦᠬᠦ ᠲᠠᠯ᠎ᠠ ᠶ᠋ᠢᠨ᠂ ᠤᠯᠠᠨ ᠳᠡᠰ ᠲᠠᠪᠬᠤᠷᠭᠠᠲᠤ ᠰᠢᠨᠵᠢ ᠲᠠᠢ᠂ ᠪᠣᠰᠤᠭ᠎ᠠ ᠴᠣᠭᠴᠠᠲᠤ ᠰᠢᠨᠵᠢ ᠲᠠᠢ᠂ ᠰᠢᠨ᠎ᠡ ᠬᠡᠯᠪᠡᠷᠢ ᠶ᠋ᠢᠨ ᠡᠵᠡᠩᠨᠡᠯᠲᠡ ᠶ᠋ᠢᠨ ᠦᠨᠳᠦᠰᠦᠨ ᠬᠡᠯᠪᠡᠷᠢ ᠶ᠋ᠢ ᠪᠤᠢ ᠪᠣᠯᠭᠠᠵᠠᠢ᠃ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠬᠠᠷᠢᠶᠠᠨ ᠳ᠋ᠡᠬᠢ ᠰᠢᠨ᠎ᠡ ᠲᠸᠭᠨᠢᠭ ᠮᠡᠷᠭᠡᠵᠢᠯ ᠦ᠋ᠨ ᠺᠣᠮᠫᠠᠨᠢ ᠨᠤᠭᠤᠳ ᠨᠢ ᠰᠠᠭᠤᠷᠢ ᠮᠡᠷᠭᠡᠵᠢᠯ ᠢ᠋ ᠰᠤᠳᠤᠯᠤᠨ ᠦᠢᠯᠡᠳᠬᠦ ᠪᠠ ᠲᠤᠷᠰᠢᠨ ᠬᠡᠷᠡᠭᠯᠡᠬᠦ ᠪᠡᠷ ᠳᠠᠮᠵᠢᠭᠠᠳ᠂ 10 ᠲᠥᠷᠦᠯ ᠵᠦᠢᠯ ᠦ᠋ᠨ ᠺᠣᠮᠫᠢᠦ᠋ᠲ᠋ᠧᠷ ᠦ᠋ᠨ ᠵᠥᠭᠡᠯᠡᠨ ᠲᠣᠨᠤᠭ ᠤ᠋ᠨ ᠵᠣᠬᠢᠶᠠᠨ ᠪᠦᠲᠦᠭᠡᠯᠭᠡ ᠶ᠋ᠢᠨ ᠡᠷᠬᠡ ᠶ᠋ᠢᠨ ᠪᠦᠷᠢᠳᠭᠡᠯ ᠦ᠋ᠨ ᠦᠨᠡᠮᠯᠡᠯ ᠪᠠ 4  ᠲᠥᠷᠦᠯ ᠵᠦᠢᠯ ᠦ᠋ᠨ ᠵᠥᠭᠡᠯᠡᠨ ᠲᠣᠨᠤᠭ ᠤ᠋ᠨ ᠪᠦᠲᠦᠭᠡᠭᠳᠡᠬᠦᠨ ᠤ᠋ ᠪᠦᠷᠢᠳᠭᠡᠯ ᠦ᠋ᠨ ᠦᠨᠡᠮᠯᠡᠯ ᠢ᠋ ᠵᠠᠯᠭᠠᠭ᠎ᠠ ᠪᠡᠷ ᠭᠠᠷᠳᠠᠵᠠᠢ᠃ ᠡᠳᠡᠭᠡᠷ ᠠᠮᠵᠢᠯᠲᠠ ᠪᠦᠲᠦᠭᠡᠯ ᠨᠢ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠤᠯᠠᠮᠵᠢᠯᠠᠯᠲᠤ ᠬᠡᠪᠯᠡᠯ ᠦ᠋ᠨ ᠬᠡᠯᠪᠡᠷᠢ ᠪᠡᠨ ᠰᠢᠨᠡᠴᠢᠯᠡᠬᠦ ᠠᠬᠢᠴᠠ ᠶ᠋ᠢ ᠲᠦᠷᠭᠡᠳᠭᠡᠵᠦ᠂ ᠮᠣᠩᠭᠤᠯ ᠦᠭᠡ ᠬᠡᠯᠡ ᠦᠰᠦᠭ ᠪᠢᠴᠢᠭ ᠨᠢ ᠤᠯᠠᠨ ᠤᠯᠤᠰ ᠤ᠋ᠨ ᠺᠣᠳ᠋ ᠢ᠋ ᠬᠡᠷᠡᠭᠯᠡᠵᠦ᠂ ᠠᠭᠤᠯᠭ᠎ᠠ ᠶ᠋ᠢᠨ ᠲᠠᠯ᠎ᠠ ᠪᠠᠷ ᠬᠢ ᠡᠬᠢ ᠪᠠᠶᠠᠯᠢᠭ ᠢ᠋ ᠬᠠᠳᠠᠭᠠᠯᠠᠬᠤ᠂ ᠪᠣᠯᠪᠠᠰᠤᠷᠠᠭᠤᠯᠬᠤ᠂ ᠬᠠᠢᠬᠤ᠂ ᠨᠡᠢᠳᠡᠯᠡᠬᠦ᠂ ᠦᠵᠡᠬᠦ ᠵᠡᠷᠭᠡ ᠶ᠋ᠢ ᠪᠦᠷᠢᠨ ᠭᠦᠢᠴᠡᠳ ᠬᠠᠩᠭᠠᠭᠰᠠᠨ ᠮᠥᠷᠲᠡᠭᠡᠨ ᠬᠠᠮ ᠵᠠᠭᠤᠴᠢᠯᠠᠭᠤᠷ ᠤ᠋ᠨ ᠴᠠᠭ ᠡᠷᠢᠨ ᠳ᠋ᠤ᠌ ᠮᠣᠩᠭᠤᠯ ᠬᠢᠲᠠᠳ ᠬᠡᠯᠡᠨ ᠤ᠋ ᠠᠭᠤᠯᠭ᠎ᠠ ᠶ᠋ᠢᠨ ᠡᠬᠢ ᠪᠠᠶᠠᠯᠢᠭ ᠢ᠋ ᠶᠠᠮᠠᠷ ᠴᠤ᠌ ᠰᠠᠭᠠᠳ ᠦᠭᠡᠢ ᠪᠡᠷ ᠬᠠᠮᠲᠤ ᠪᠡᠷ ᠠᠰᠢᠭᠯᠠᠵᠤ ᠬᠡᠷᠡᠭᠯᠡᠬᠦ ᠳ᠋ᠤ᠌ ᠨᠢ ᠪᠠᠲᠤ ᠪᠡᠬᠢ ᠰᠠᠭᠤᠷᠢ ᠶ᠋ᠢ ᠲᠠᠯᠪᠢᠵᠠᠢ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠬᠥᠭᠵᠢᠯᠲᠡ ᠶ᠋ᠢᠨ ᠶᠠᠪᠤᠴᠠ ᠳ᠋ᠤ᠌ ᠪᠠᠨᠨᠢᠭᠡ ᠠᠵᠢᠯ ᠦᠢᠯᠡᠰ ᠢ᠋ᠶ᠋ᠡᠷ ᠭᠣᠣᠯ ᠪᠣᠯᠭᠠᠵᠤ᠂ ᠤᠯᠠᠨ ᠲᠥᠷᠦᠯ ᠵᠦᠢᠯ ᠢ᠋ ᠬᠥᠭᠵᠢᠭᠦᠯᠬᠦᠠᠵᠢᠯ ᠤ᠋ᠨ ᠰᠡᠳᠭᠢᠮᠵᠢ ᠶ᠋ᠢ ᠴᠢᠩᠭ᠎ᠠ ᠪᠠᠷᠢᠮᠳᠠᠯᠠᠵᠤ᠂ ᠠᠵᠤ ᠦᠢᠯᠡᠰ ᠦ᠋ᠨ ᠬᠡᠯᠬᠢᠶ᠎ᠡ ᠬᠣᠯᠪᠤᠭ᠎ᠠ ᠪᠠᠨ ᠲᠠᠰᠤᠷᠠᠯᠲᠠ ᠦᠭᠡᠢ ᠪᠠᠷ ᠦᠷᠭᠡᠳᠬᠡᠵᠤ᠂ ᠠᠵᠤ ᠦᠢᠯᠡᠰᠵᠢᠭᠰᠡᠨ ᠬᠥᠭᠵᠢᠯᠲᠡ ᠶ᠋ᠢᠨ ᠵᠠᠮ ᠢ᠋ ᠢᠳᠡᠪᠬᠢᠲᠠᠢ ᠪᠠᠷ ᠬᠠᠢᠨ ᠰᠦᠪᠡᠭᠴᠢᠯᠡᠵᠤ᠂ ᠲᠣᠮᠤ ᠬᠡᠯᠪᠡᠷᠢ ᠶ᠋ᠢᠨ ᠠᠵᠤ ᠦᠢᠯᠡᠳᠪᠦᠷᠢ ᠶ᠋ᠢᠨ ᠬᠦᠷᠢᠶᠡᠯᠡᠩ ᠦ᠋ᠨ ᠪᠦᠲᠦᠭᠡᠨ ᠪᠠᠢᠭᠤᠯᠤᠯᠲᠠ ᠶ᠋ᠢᠨ ᠲᠥᠰᠦᠯ᠂ ᠮᠡᠳᠡᠭᠡ ᠵᠠᠩᠬᠢᠵᠢᠯᠠᠯᠲᠠ᠂ ᠳ᠋ᠢᠵᠢᠲ᠋ᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠥᠰᠦᠯ᠂ ᠰᠣᠶᠤᠯ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠤᠶᠠᠯᠳᠤᠭᠤᠯᠤᠭᠰᠠᠨ ᠲᠥᠰᠦᠯ᠂ ᠰᠣᠶᠤᠯ ᠪᠠ ᠭᠠᠵᠠᠷ ᠬᠥᠷᠦᠩᠭᠡ ᠶ᠋ᠢᠨ ᠪᠦᠲᠦᠭᠡᠨ ᠪᠠᠢᠭᠤᠯᠤᠯᠲᠠ ᠶ᠋ᠢ ᠤᠶᠠᠯᠳᠤᠭᠤᠯᠤᠭᠰᠠᠨ ᠲᠥᠰᠦᠯ ᠵᠡᠷᠭᠡ ᠶ᠋ᠢ ᠤᠷᠢᠳ ᠬᠣᠵᠢᠳ ᠣᠯᠠᠨᠲᠠ ᠵᠣᠬᠢᠶᠠᠨ ᠪᠠᠢᠭᠤᠯᠤᠨ ᠲᠥᠰᠦᠪᠯᠡᠨ ᠬᠡᠷᠡᠭᠵᠢᠭᠦᠯᠵᠦ᠂ ᠰᠣᠶᠤᠯ ᠪᠠ ᠬᠥᠷᠦᠩᠭᠡ ᠣᠷᠤᠭᠤᠯᠤᠯᠲᠠ ᠶ᠋ᠢᠨ ᠤᠶᠠᠯᠳᠤᠯ ᠵᠡᠷᠭᠡ ᠲᠠᠯ᠎ᠠ ᠪᠡᠷ ᠢᠳᠡᠪᠬᠢᠲᠡᠢ ᠪᠡᠷ ᠬᠠᠢᠨ ᠰᠦᠪᠡᠭᠴᠢᠯᠡᠯᠲᠡ ᠪᠠ ᠣᠷᠤᠯᠳᠤᠯᠭ᠎ᠠ ᠲᠤᠷᠰᠢᠯᠲᠠ ᠬᠢᠵᠠᠢ᠃

  ᠬᠡᠪᠯᠡᠯ ᠦ᠋ᠨ ᠪᠦᠯᠦᠭᠯᠡᠯ ᠨᠢ ᠣᠳᠣᠬᠠᠨ ᠳ᠋ᠤ᠌ ᠨᠣᠮ ᠪᠢᠴᠢᠭ᠂ ᠰᠣᠨᠢᠨ ᠰᠡᠳᠭᠦᠯ᠂ ᠡᠯᠸᠺᠲ᠋ᠷᠤᠨ ᠳᠠᠭᠤᠤ ᠳᠦᠷᠰᠦ ᠰᠢᠩᠭᠡᠭᠡᠯᠲᠡ᠂ ᠰᠦᠯᠵᠢᠶᠡᠨ ᠤ᠋ ᠬᠡᠪᠯᠡᠯ᠂ ᠳ᠋ᠢᠵᠢᠲ᠋ᠴᠢᠯᠡᠭᠰᠠᠨ ᠬᠡᠪᠯᠡᠯ᠂ ᠵᠥᠭᠡᠯᠡᠨ ᠲᠣᠨᠤᠭ ᠰᠤᠳᠤᠯᠤᠨ ᠦᠢᠯᠡᠳᠬᠦ᠂ ᠬᠡᠪᠯᠡᠯ ᠦ᠋ᠨ ᠪᠦᠲᠦᠭᠡᠭᠳᠡᠬᠦᠨ ᠢ᠋ ᠬᠡᠪᠯᠡᠬᠦ᠂ ᠲᠠᠷᠬᠠᠭᠠᠬᠤ᠂ ᠶᠡᠷᠦᠩᠬᠡᠢᠯᠡᠭᠰᠡᠨ ᠠᠭᠤᠯᠭ᠎ᠠ ᠶ᠋ᠢᠨ ᠳ᠋ᠠᠢᠲ᠋ᠠ ᠬᠥᠮᠦᠷᠭᠡ ᠬᠢᠬᠦ᠂ ᠬᠡᠪᠯᠡᠯ ᠦ᠋ᠨ ᠡᠷᠬᠡ ᠶ᠋ᠢᠨ ᠠᠷᠠᠯᠵᠢᠶ᠎ᠠ ᠬᠢᠬᠦ ᠵᠡᠷᠭᠡ ᠶ᠋ᠢ ᠨᠢᠭᠡ ᠴᠣᠭᠴᠠ ᠪᠣᠯᠭᠠᠵᠤ᠂ ᠵᠣᠴᠢᠳ ᠤ᠋ᠨ ᠪᠠᠭᠤᠳᠠᠯ᠂ ᠰᠣᠶᠤᠯ ᠤ᠋ᠨ ᠬᠦᠷᠢᠶᠡᠯᠡᠩ᠂ ᠰᠣᠶᠤᠯ ᠤ᠋ᠨ ᠰᠢᠨ᠎ᠡ ᠶ᠋ᠢ ᠡᠭᠦᠳᠬᠦ ᠵᠡᠷᠭᠡ ᠰᠢᠨ᠎ᠡ ᠪᠡᠷ ᠪᠤᠢ ᠪᠣᠯᠵᠤ ᠪᠠᠢᠭ᠎ᠠ ᠤᠯᠠᠨ ᠲᠥᠷᠦᠯ ᠦ᠋ᠨ ᠠᠵᠢᠯ ᠦᠢᠯᠡᠰ ᠦ᠋ᠨ ᠬᠥᠭᠵᠢᠯᠲᠡ ᠶ᠋ᠢᠨ ᠠᠷᠭ᠎ᠠ ᠪᠠᠷᠢᠯ ᠢ᠋ ᠬᠠᠮᠲᠤ ᠪᠡᠷ ᠬᠦᠭᠵᠢᠭᠦᠯᠵᠦ ᠪᠤᠢ᠃

  ᠬᠡᠳᠦᠨ ᠵᠢᠯ ᠦ᠋ᠨ ᠲᠤᠷᠰᠢᠬᠢ ᠦᠢᠯᠡᠰ ᠪᠦᠲᠦᠭᠡᠬᠦ ᠬᠠᠲᠠᠭᠤᠵᠢᠯᠲᠠᠢ ᠴᠢᠷᠮᠠᠢᠯᠭ᠎ᠠ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠡᠵᠡᠩᠨᠡᠯᠲᠡ ᠶ᠋ᠢᠨ ᠬᠠᠮᠢᠶᠠᠷᠤᠯᠲᠠ ᠪᠡᠷ ᠳᠠᠮᠵᠢᠭᠠᠳ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠡᠯ᠎ᠡ ᠲᠥᠷᠦᠯ ᠦ᠋ᠨ ᠡᠵᠡᠩᠨᠡᠯᠲᠡ ᠶ᠋ᠢᠨ ᠲᠣᠭ᠎ᠠ ᠨᠤᠷᠮ᠎ᠠ ᠨᠢ ᠵᠢᠯ ᠠ᠋ᠴᠠ ᠵᠢᠯ ᠳᠡᠭᠡᠭᠰᠢᠯᠡᠵᠤ᠂ ᠦᠷᠭᠦᠯᠵᠢᠯᠡᠨ ᠬᠦᠭᠵᠢᠬᠦ ᠤᠯᠠᠮ ᠰᠠᠢᠨ ᠪᠣᠯᠤᠮᠵᠢ ᠶ᠋ᠢ ᠪᠤᠢ ᠪᠣᠯᠭᠠᠵᠠᠢ᠃

  ᠣᠳᠣᠬᠠᠨ ᠳ᠋ᠤ᠌᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠤ᠋ᠨ ᠶᠡᠷᠦᠩᠬᠡᠢ ᠡᠳ᠋ ᠬᠥᠷᠦᠩᠭᠡ ᠨᠢ 23.43 ᠳ᠋ᠦᠩᠰᠢᠭᠤᠷ ᠲᠥᠭᠦᠷᠢᠭ ᠲᠤ᠌ ᠬᠦᠷᠴᠦ᠂ ᠴᠡᠪᠡᠷ ᠡᠳ᠋ ᠬᠥᠷᠦᠩᠭᠡ ᠶ᠋ᠢᠨ ᠶᠡᠷᠦᠩᠬᠡᠢ ᠲᠣᠭ᠎ᠠ ᠨᠢ 14.75 ᠳ᠋ᠦᠩᠰᠢᠭᠤᠷ ᠲᠥᠭᠦᠷᠢᠭ ᠲᠤ᠌ ᠬᠦᠷᠴᠦ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠪᠠᠢᠭᠤᠯᠤᠭᠳᠠᠬᠤ ᠦᠶ᠎ᠡ ᠶ᠋ᠢᠨ ᠬᠢ ᠲᠠᠢ ᠪᠠᠨ ᠬᠠᠷᠢᠴᠠᠭᠤᠯᠪᠠᠯ ᠲᠤᠰ ᠪᠦᠷᠢ 117.15% ᠪᠠ 97.32% ᠪᠡᠷ ᠨᠡᠮᠡᠭᠳᠡᠵᠤ᠂ ᠤᠯᠤᠰ ᠤ᠋ᠨ ᠥᠮᠴᠢᠯᠡᠯᠲᠦ ᠡᠳ᠋ ᠬᠥᠷᠦᠩᠭᠡ ᠶ᠋ᠢᠨ  ᠦᠷᠳᠡᠭ ᠢ᠋ ᠪᠠᠲᠤᠯᠠᠬᠤ ᠨᠡᠮᠡᠭᠳᠡᠯ ᠦᠷᠳᠡᠭ ᠦ᠋ᠨ ᠨᠤᠷᠮ᠎ᠠ ᠨᠢ ᠬᠡᠪᠯᠡᠯ ᠦ᠋ᠨ ᠪᠦᠯᠦᠭᠯᠡᠯ ᠪᠠᠢᠭᠤᠯᠤᠭᠳᠠᠬᠤ ᠦᠶ᠎ᠡ ᠶ᠋ᠢᠨ ᠬᠢ ᠠ᠋ᠴᠠ ᠪᠠᠨ 197.32% ᠪᠡᠷ ᠨᠡᠮᠡᠭᠳᠡᠵᠡᠢ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠡᠯ᠎ᠡ ᠲᠥᠷᠦᠯ ᠦ᠋ᠨ ᠠᠵᠢᠯ ᠦᠢᠯᠡᠰ ᠪᠣᠯᠤᠨ ᠠᠵᠤ ᠦᠢᠯᠡᠳᠪᠦᠷᠢ ᠶ᠋ᠢᠨ ᠲᠠᠯ᠎ᠠ ᠪᠡᠷ ᠬᠢ ᠥᠷᠨᠢᠩᠭᠦᠢ ᠶᠡᠬᠡ ᠬᠥᠭᠵᠢᠯᠲᠡ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠲᠤᠳᠤᠨ᠎ᠠ ᠭᠠᠳᠠᠨᠠᠬᠢ ᠠᠳᠠᠯᠢ ᠪᠤᠰᠤ ᠮᠡᠷᠭᠡᠵᠢᠯ ᠦ᠋ᠨ ᠲᠠᠯ᠎ᠠ ᠪᠠᠷ ᠰᠢᠯᠢᠳᠡᠭ ᠴᠢᠳᠠᠪᠦᠷᠢᠲᠡᠨ ᠤ᠋ ᠠᠩᠬᠠᠷᠤᠯ ᠢ᠋ ᠲᠠᠲᠠᠭᠰᠠᠨ ᠮᠥᠷᠲᠡᠭᠡᠨ ᠮᠠᠨ ᠤ᠋ ᠬᠡᠪᠯᠡᠯ ᠦ᠋ᠨ ᠪᠦᠯᠦᠭᠯᠡᠯ ᠨᠢ ᠴᠦ᠍ ᠥᠪᠡᠷᠰᠡᠳ ᠢ᠋ᠶ᠋ᠡᠨ ᠰᠢᠯᠢᠳᠡᠭ ᠴᠢᠳᠠᠪᠦᠷᠢᠲᠡᠨ ᠢ᠋ ᠲᠠᠰᠤᠷᠠᠯᠲᠠ ᠦᠭᠡᠢ ᠪᠠᠷ ᠬᠥᠮᠦᠵᠢᠭᠦᠯᠦᠨ ᠭᠠᠷᠭᠠᠭᠰᠠᠭᠠᠷ ᠪᠠᠢᠭ᠎ᠠ ᠶᠤᠮ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠠᠵᠢᠯᠲᠠᠨ ᠠᠵᠢᠯᠴᠢᠨ ᠤ᠋ ᠳᠣᠲᠤᠷ᠎ᠠ᠂ ᠣᠶᠤᠲᠠᠨ ᠤ᠋ ᠰᠤᠷᠤᠯᠭ᠎ᠠ ᠶ᠋ᠢᠨ ᠨᠠᠮᠳᠠᠷ ᠲᠠᠢ ᠨᠢ 365 ᠬᠥᠮᠦᠨ᠂ ᠰᠤᠳᠤᠯᠬᠤ ᠰᠤᠷᠤᠭᠴᠢ ᠶ᠋ᠢᠨ ᠰᠤᠷᠤᠯᠭ᠎ᠠ ᠶ᠋ᠢᠨ ᠨᠠᠮᠳᠠᠷ ᠲᠠᠢ ᠨᠢ 153 ᠬᠥᠮᠦᠨ᠂ ᠳ᠋ᠤᠺᠲ᠋ᠤᠷ ᠤ᠋ᠨ ᠰᠤᠷᠤᠯᠭ᠎ᠠ ᠶ᠋ᠢᠨ ᠨᠠᠮᠳᠠᠷ ᠲᠠᠢ ᠨᠢ 8 ᠬᠥᠮᠦᠨ ᠪᠠᠢᠵᠤ᠂ ᠳᠤᠮᠳᠠ ᠵᠡᠷᠭᠡ ᠡᠴᠡ ᠳᠡᠭᠡᠭᠰᠢᠬᠢ ᠠᠵᠢᠯ ᠮᠡᠷᠭᠡᠵᠢᠯ ᠦ᠋ᠨ ᠴᠣᠯᠠ ᠲᠠᠢ ᠨᠢ 492 ᠬᠥᠮᠦᠨ᠂ ᠳᠡᠳ᠋ ᠥᠨᠳᠦᠷ ᠵᠡᠷᠭᠡ ᠶ᠋ᠢᠨ ᠠᠵᠢᠯ ᠮᠡᠷᠭᠡᠵᠢᠯ ᠦ᠋ᠨ ᠴᠣᠯᠠ ᠲᠠᠢ ᠨᠢ 68 ᠬᠥᠮᠦᠨ᠂ ᠵᠢᠩᠬᠢᠨᠢ ᠥᠨᠳᠦᠷ ᠵᠡᠷᠭᠡ ᠶ᠋ᠢᠨ ᠠᠵᠢᠯ ᠮᠡᠷᠭᠡᠵᠢᠯ ᠦ᠋ᠨ ᠴᠣᠯᠠ ᠲᠠᠢ ᠨᠢ 75 ᠬᠥᠮᠦᠨ ᠪᠤᠢ᠃

  ᠮᠠᠨ ᠤ᠋ ᠬᠡᠪᠯᠡᠯ ᠦ᠋ᠨ ᠪᠦᠯᠦᠭᠯᠡᠯ ᠦ᠋ᠨ ᠠᠵᠢᠯᠲᠠᠨ ᠠᠵᠢᠯᠴᠢᠳ ᠨᠢᠳᠤᠮᠳᠠᠳᠤ ᠤᠯᠤᠰ ᠤ᠋ᠨ ᠬᠡᠪᠯᠡᠯ ᠦ᠋ᠨ ᠵᠠᠰᠠᠭ ᠤ᠋ᠨ ᠣᠷᠳᠤᠨ ᠤ᠋ ᠱᠠᠩᠨᠠᠯᠳᠤᠮᠳᠠᠳᠤ ᠤᠯᠤᠰ ᠤ᠋ᠨ ᠲᠤᠤ ᠹᠸᠨ ᠬᠡᠪᠯᠡᠯ ᠦ᠋ᠨ ᠱᠠᠩᠨᠠᠯᠪᠦᠬᠦ ᠤᠯᠤᠰ ᠤ᠋ᠨ ᠠᠵᠢᠯ ᠲᠥᠷᠦᠯ ᠦ᠋ᠨ ᠳᠠᠭᠠᠭᠤᠯᠤᠭᠴᠢ ᠬᠥᠮᠦᠰ ᠦ᠋ᠨ ᠱᠠᠩᠨᠠᠯᠤᠯᠠᠭᠠᠨᠬᠦᠦ ᠶ᠋ᠢᠨ ᠰᠠᠭᠤᠷᠢ ᠮᠥᠩᠭᠦᠨ ᠤ᠋ ᠨᠡᠢᠭᠡᠮᠯᠢᠭ ᠦ᠋ᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠱᠠᠩᠨᠠᠯᠳᠤᠮᠳᠠᠳᠤ ᠤᠯᠤᠰ ᠤ᠋ᠨ ᠵᠠᠭᠤᠨ ᠰᠢᠯᠢᠳᠡᠭ ᠬᠡᠪᠯᠡᠯ ᠦ᠋ᠨ ᠠᠵᠤ ᠠᠬᠤᠢᠯᠠᠯᠲᠠᠨᠰᠢᠨ᠎ᠡ ᠳᠤᠮᠳᠠᠳᠤ ᠤᠯᠤᠰ ᠤ᠋ᠨ 60 ᠵᠢᠯ ᠳ᠋ᠡᠬᠢ ᠵᠠᠭᠤᠨ ᠰᠢᠯᠢᠳᠡᠭ ᠬᠡᠪᠯᠡᠯ ᠦ᠋ᠨ ᠦᠢᠯᠡᠰᠲᠡᠨᠳᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠰᠣᠨᠢᠨ ᠮᠡᠳᠡᠭᠡ ᠬᠡᠪᠯᠡᠯ ᠦ᠋ᠨ ᠲᠤᠰᠭᠠᠢ ᠮᠡᠷᠭᠡᠵᠢᠯ ᠦ᠋ᠨ ᠵᠠᠭᠤᠨ ᠴᠢᠳᠠᠪᠦᠷᠢᠲᠠᠨ᠂ ᠲᠠᠪᠤᠳᠤᠭᠠᠷ ᠬᠤᠭᠤᠴᠠᠭᠠᠨ ᠤ᠋ᠲᠥᠷᠦ ᠶ᠋ᠢᠨ ᠶᠠᠪᠤᠳᠠᠯ ᠤ᠋ᠨ ᠬᠣᠷᠢᠶᠠᠨ ᠤ᠋ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠵᠢᠱ᠌ᠢᠶᠡᠴᠢ ᠬᠤᠪᠢ ᠬᠥᠮᠦᠨᠪᠦᠬᠦ ᠤᠯᠤᠰ ᠤ᠋ᠨ ᠰᠣᠨᠢᠨ ᠮᠡᠳᠡᠭᠡ ᠬᠡᠪᠯᠡᠯ ᠦ᠋ᠨ ᠰᠢᠰᠲ᠋ᠧᠮ ᠦ᠋ᠨ ᠲᠡᠷᠢᠭᠦᠨ ᠤ᠋ ᠠᠵᠢᠯᠲᠠᠨᠪᠦᠬᠦ ᠤᠯᠤᠰ ᠤ᠋ᠨ ᠵᠠᠭᠤᠨ ᠰᠢᠯᠢᠳᠡᠭ ᠬᠡᠪᠯᠡᠯ ᠦ᠋ᠨ ᠠᠵᠢᠯᠲᠠᠨᠪᠦᠬᠦ ᠤᠯᠤᠰ ᠤ᠋ᠨ ᠰᠣᠨᠢᠨ ᠮᠡᠳᠡᠭᠡ ᠬᠡᠪᠯᠡᠯ ᠦ᠋ᠨ ᠦᠢᠯᠡᠰ ᠲᠤ᠌ ᠳᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠢᠳᠡᠷ ᠲᠤᠰᠭᠠᠢ ᠮᠡᠷᠭᠡᠵᠢᠯᠲᠠᠨᠪᠦᠬᠦ ᠤᠯᠤᠰ ᠤ᠋ᠨ ᠵᠠᠯᠠᠭᠤ ᠢᠳᠡᠷ ᠨᠠᠰᠤᠨ ᠤ᠋ ᠰᠢᠯᠢᠳᠡᠭ ᠨᠠᠢᠷᠠᠭᠤᠯᠤᠭᠴᠢᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠣᠨᠢᠨ ᠮᠡᠳᠡᠭᠡ ᠬᠡᠪᠯᠡᠯ ᠦ᠋ᠨ ᠹᠷᠣᠨᠲ᠋ ᠤ᠋ᠨ ᠠᠷᠪᠠᠨ ᠶᠡᠬᠡ ᠴᠢᠳᠠᠪᠦᠷᠢᠲᠠᠨᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠰᠢᠯᠢᠳᠡᠭ ᠨᠠᠢᠷᠠᠭᠤᠯᠤᠭᠴᠢᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠲᠡᠷᠢᠭᠦᠨ ᠤ᠋ ᠬᠤᠪᠢ ᠬᠥᠮᠦᠨᠪᠦᠬᠦ ᠣᠷᠤᠨ ᠤ᠋ ᠳᠥᠷᠪᠡᠨ ᠨᠢᠭᠡ ᠪᠦᠯᠦᠭ ᠴᠢᠳᠠᠪᠦᠷᠢᠲᠠᠨᠮᠣᠩᠭᠤᠯ ᠦᠭᠡ ᠬᠡᠯᠡ ᠦᠰᠦᠭ ᠪᠢᠴᠢᠭ ᠢ᠋ ᠰᠤᠷᠴᠤ ᠬᠡᠷᠡᠭᠯᠡᠭᠰᠡᠨ ᠲᠡᠷᠢᠭᠦᠨ ᠤ᠋ ᠬᠤᠪᠢ ᠬᠥᠮᠦᠨᠵᠡᠷᠭᠡ ᠱᠠᠩᠨᠠᠯ ᠬᠥᠬᠢᠭᠦᠯᠦᠯ ᠢ᠋ ᠣᠯᠠᠨᠲᠠ ᠬᠦᠷᠲᠡᠵᠡᠢ᠃

ᠭᠣᠣᠯ ᠠᠵᠢᠯ  ᠢ᠋ᠶ᠋ᠡᠨ ᠤᠯᠠᠮ ᠬᠦᠴᠦᠷᠬᠡᠭᠵᠢᠭᠦᠯᠵᠦ᠂ ᠠᠵᠦ ᠦᠢᠯᠡᠰ ᠢ᠋ᠶ᠋ᠡᠨ ᠤᠯᠠᠮ ᠢ᠋ᠶ᠋ᠠᠷ ᠥᠷᠭᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠤᠮᠠᠷᠳᠠᠯ ᠦᠭᠡᠢ ᠪᠠᠷ ᠬᠣᠰᠢᠭᠤᠴᠢᠯᠠᠨ ᠳᠠᠪᠰᠢᠬᠤ ᠨᠢ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠴᠠᠭ ᠢᠮᠠᠭᠲᠠ ᠪᠠᠷᠢᠮᠳᠠᠯᠠᠭᠰᠠᠭᠠᠷ ᠢᠷᠡᠭᠰᠡᠨ ᠬᠥᠭᠵᠢᠯᠲᠡ ᠶ᠋ᠢᠨ ᠦᠨᠳᠦᠰᠦᠨ ᠣᠢᠯᠠᠭᠠᠯᠲᠠ ᠪᠣᠯᠤᠨ᠎ᠠ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠡᠭᠦᠨ ᠡᠴᠡ ᠬᠣᠢᠰᠢ ᠴᠤ᠌ ᠤᠯᠤᠰ ᠪᠠ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠦᠴᠦᠲᠡᠢ ᠳᠡᠮᠵᠢᠯᠭᠡ ᠳᠣᠣᠷ᠎ᠠ᠂ ᠦᠨᠳᠦᠰᠦᠲᠡᠨ ᠤ᠋ ᠪᠠᠨ ᠰᠣᠶᠤᠯ ᠪᠠ ᠲᠠᠯ᠎ᠠ ᠨᠤᠳᠤᠭ ᠤ᠋ᠨ ᠰᠣᠶᠤᠯ ᠤ᠋ᠨ ᠢ᠋ᠶ᠋ᠠᠨ ᠡᠯᠪᠡᠭ ᠪᠠᠶᠠᠨ ᠡᠬᠢ ᠪᠠᠶᠠᠯᠢᠭ ᠲᠤ᠌ ᠲᠦᠰᠢᠭᠯᠡᠨ᠂ ᠰᠣᠶᠤᠯ ᠤ᠋ᠨ ᠠᠵᠢᠯ ᠦᠢᠯᠡᠰ ᠪᠠ ᠰᠣᠶᠤᠯ ᠤ᠋ᠨ ᠠᠵᠤ ᠦᠢᠯᠡᠳᠪᠦᠷᠢ ᠬᠤᠶᠠᠷ ᠢ᠋ᠶ᠋ᠠᠷ ᠵᠢᠭᠦᠷᠯᠡᠵᠤ᠂ ᠰᠣᠶᠤᠯ ᠢ᠋ᠶ᠋ᠠᠨ ᠬᠥᠭᠵᠢᠭᠦᠯᠦᠨ ᠤᠯᠠᠮᠵᠢᠯᠠᠬᠤ ᠪᠠᠷ ᠴᠢᠬᠤᠯᠠ ᠡᠭᠦᠷᠭᠡ ᠪᠠᠨ ᠪᠣᠯᠭᠠᠵᠤ᠂ ᠥᠭᠡᠷᠡᠴᠢᠯᠡᠯᠲᠡ ᠬᠢᠵᠤ ᠰᠢᠨ᠎ᠡ ᠶ᠋ᠢ ᠡᠭᠦᠳᠬᠦ ᠠᠬᠢᠴᠠ ᠪᠠᠨ ᠲᠦᠷᠭᠡᠳᠬᠡᠵᠤ᠂ ᠳᠤᠳᠤᠭᠠᠲᠤ ᠳ᠋ᠡᠬᠢ ᠬᠦᠴᠦᠨ ᠢ᠋ᠶ᠋ᠡᠨ ᠢᠳᠡᠪᠬᠢᠵᠢᠭᠦᠯᠵᠦ᠂ ᠲᠦᠯᠬᠢᠴᠡ ᠬᠦᠴᠦᠨ ᠢ᠋ᠶ᠋ᠡᠨ ᠨᠡᠮᠡᠭᠳᠡᠭᠦᠯᠵᠦ᠂ ᠪᠦᠰᠡ ᠨᠤᠳᠤᠭ ᠠᠯᠭᠠᠰᠠᠭᠰᠠᠨ᠂ ᠬᠦᠷᠢᠶ᠎ᠡ ᠬᠡᠪᠴᠢᠶ᠎ᠡ ᠠᠯᠭᠠᠰᠠᠭᠰᠠᠨ᠂ ᠪᠦᠬᠦᠢ ᠯᠡ ᠲᠠᠯ᠎ᠠ ᠪᠡᠷ ᠬᠠᠮᠲᠤᠷᠠᠯᠴᠠᠨ᠂ ᠬᠠᠮᠲᠤ ᠪᠡᠷ ᠠᠰᠢᠭ ᠬᠦᠷᠲᠡᠬᠦ ᠲᠠᠯ᠎ᠠ ᠪᠠᠷ ᠤᠯᠠᠮ ᠰᠢᠨ᠎ᠡ ᠠᠮᠵᠢᠯᠲᠠ ᠤᠯᠬᠤ ᠶ᠋ᠢ ᠪᠡᠶᠡᠯᠡᠭᠦᠯᠬᠦ ᠶ᠋ᠢᠨ ᠲᠥᠯᠦᠭᠡ ᠮᠡᠷᠡᠢᠨ ᠴᠢᠷᠮᠠᠢᠵᠤ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠵᠤ ᠠᠬᠤᠢ᠂ ᠨᠡᠢᠭᠡᠮ ᠦ᠋ᠨ ᠬᠥᠭᠵᠢᠯᠲᠡ ᠪᠠ ᠮᠠᠨ ᠤ᠋ ᠤᠯᠤᠰ ᠤ᠋ᠨ ᠰᠣᠶᠤᠯ ᠤ᠋ᠨ ᠠᠵᠤ ᠦᠢᠯᠡᠳᠪᠦᠷᠢ ᠶ᠋ᠢᠨ ᠬᠥᠭᠵᠢᠨ ᠮᠠᠨᠳᠤᠬᠤ ᠳ᠋ᠤ᠌ ᠤᠯᠠᠮ ᠰᠢᠨ᠎ᠡ᠂ ᠤᠯᠠᠮ ᠶᠡᠬᠡ ᠬᠤᠪᠢ ᠨᠡᠮᠡᠷᠢ ᠦᠵᠡᠭᠦᠯᠬᠦ ᠪᠡᠷ ᠮᠡᠷᠡᠢᠨ ᠴᠢᠷᠮᠠᠢᠬᠤ ᠪᠣᠯᠤᠨ᠎ᠠ᠃

 

ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604