ᠥᠨᠥᠳᠤᠷ《 ᠮᠣᠩᠭᠤᠯ ᠤᠷᠠᠨ ᠵᠣᠬᠢᠶᠠᠯ ᠤ᠋ᠨ ᠳᠡᠭᠡᠵᠢ》ᠴᠤᠪᠤᠷᠠᠯ ᠨᠣᠮ 20 ᠪᠣᠳᠢ ᠶ᠋ᠢ ᠠᠩᠬ᠎ᠠ ᠲᠠᠷᠬᠠᠭᠠᠪᠠ
2019.06.22

         6 ᠰᠠᠷ᠎ᠠ ᠶ᠋ᠢᠨ 22 ᠤ᠋ᠨ ᠡᠳᠦᠷ᠂ ᠥᠪᠤᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ ᠶ᠋ᠢᠨ ᠤᠯᠤᠰ ᠤ᠋ᠨ ᠬᠡᠪᠯᠡᠯ ᠦ᠋ᠨ ᠰᠠᠭᠤᠷ ᠮᠥᠩᠭᠦ ᠶ᠋ᠢᠨ ᠲᠥᠷᠦᠯ ᠵᠦᠢᠯ《ᠮᠣᠩᠭᠤᠯ ᠤᠷᠠᠨ ᠵᠣᠬᠢᠶᠠᠯ ᠤ᠋ᠨ ᠳᠡᠭᠡᠵᠢ》 ᠴᠤᠪᠤᠷᠠᠯ ᠨᠣᠮ ᠢ᠋ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ ᠳ᠋ᠤ᠌ ᠶᠠᠪᠤᠭᠳᠠᠪᠠ᠃

      《ᠮᠣᠩᠭᠤᠯ ᠤᠷᠠᠨ ᠵᠣᠬᠢᠶᠠᠯ ᠤ᠋ᠨ ᠳᠡᠭᠡᠵᠢ》ᠴᠤᠪᠤᠷᠠᠯ ᠨᠣᠮ ᠬᠡᠮᠡᠬᠦ 20 ᠪᠣᠳᠢ ᠨᠣᠮ ᠪᠣᠯ 2500 ᠲᠦᠮᠨ ᠰᠢᠬᠠᠮ ᠦᠰᠦᠭ ᠲᠠᠢ᠂ ᠮᠣᠩᠭᠤᠯᠴᠤᠳ ᠤ᠋ᠨ ᠡᠷᠲᠡ ᠡᠳᠦᠭᠡ ᠬᠦᠷᠳᠡᠯᠡᠬᠢ 800 ᠵᠢᠯ ᠤ᠋ᠨ ᠤᠷᠠᠨ ᠵᠣᠬᠢᠶᠠᠯ ᠤ᠋ᠨ ᠪᠥᠳᠦᠭᠡᠯ ᠢ᠋ ᠬᠠᠮᠤᠷᠤᠭᠰᠠᠨ᠂ ᠥᠷᠭᠡᠴᠠ ᠪᠠᠷ ᠳᠤᠮᠳᠠᠳᠦ᠂ ᠮᠣᠩᠭᠤᠯ᠂ ᠣᠷᠤᠰ ᠭᠤᠷᠪᠠᠨ ᠤᠯᠤᠰ ᠲᠤ᠌ ᠣᠷᠤᠰᠢᠨ ᠠᠮᠢᠳᠤᠷᠠᠵᠤ ᠪᠠᠢᠭ᠎ᠠ ᠮᠣᠩᠭᠤᠯ ᠦᠨᠳᠦᠰᠦᠳᠡᠨ ᠦ᠌ ᠡᠷᠲᠡᠨ ᠦ᠌ ᠪᠢᠴᠢᠭ᠂ ᠠᠮᠠᠨ ᠵᠣᠬᠢᠶᠠᠯ ᠪᠣᠯᠤᠨ ᠪᠢᠴᠢᠭ ᠤ᠋ᠨ ᠤᠷᠠᠨ ᠵᠣᠬᠢᠶᠠᠯ ᠤ᠋ᠨ ᠳᠠᠯᠠᠢ ᠶᠡᠬᠡ ᠪᠥᠳᠦᠭᠡᠯ ᠡᠴᠡ ᠰᠢᠭᠰᠢᠨ ᠰᠣᠩᠭᠤᠵᠤ᠂ ᠡᠮᠬᠢᠯᠡᠨ ᠨᠢᠭᠡᠳᠬᠡᠵᠤ᠂ ᠤᠷᠠᠨ ᠵᠣᠬᠢᠶᠠᠯ ᠤ᠋ᠨ ᠲᠥᠷᠦᠯ ᠢ᠋ᠶ᠋ᠡᠷ ᠠᠩᠭᠢᠯᠠᠨ ᠪᠤᠳᠢᠴᠢᠯᠡᠨ ᠬᠡᠪᠯᠡᠬᠦᠯᠵᠤ ᠪᠠᠢᠭ᠎ᠠ ᠮᠣᠩᠭᠤᠯ ᠤᠷᠠᠨ ᠵᠣᠬᠢᠶᠠᠯ ᠤ᠋ᠨ ᠳᠡᠤᠬᠡᠨ ᠳ᠋ᠤ᠌ ᠤᠷᠢᠳ ᠭᠠᠷᠤᠭ᠎ᠠ ᠦᠭᠡᠢ ᠲᠣᠮᠤ ᠪᠦᠲᠦᠭᠡᠯ ᠪᠣᠯᠤᠨ᠎ᠠ᠃ ᠲᠤᠰ ᠲᠣᠮᠤ ᠪᠦᠲᠦᠭᠡᠯ ᠨᠢ 2009 ᠣᠨ ᠳ᠋ᠤ᠌ ᠳᠥᠰᠦᠯ ᠪᠣᠯᠪᠠᠰᠤᠷᠠᠭᠤᠯᠵᠤ᠂ ᠠᠷᠪᠠᠭᠠᠳ ᠵᠢᠯ ᠤ᠋ᠨ ᠬᠠᠳᠠᠭᠤᠵᠢᠯᠳᠠᠢ ᠴᠢᠷᠮᠠᠢᠯᠭ᠎ᠠ᠂ ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦᠨ ᠦ᠌ ᠲᠤᠰᠠᠯᠠᠮᠵᠢ ᠪᠠᠷ ᠥᠷᠭᠡᠨ ᠤᠯᠠᠨ ᠤᠷᠠᠨ ᠵᠣᠬᠢᠶᠠᠯ ᠳ᠋ᠤ᠌ ᠳᠤᠷ᠎ᠠ ᠰᠣᠨᠢᠷᠬᠠᠯ ᠲᠠᠢ ᠤᠯᠤᠰ ᠤ᠋ᠨ ᠳᠤᠳᠤᠭᠠᠳᠦ ᠭᠠᠳᠠᠭᠠᠳᠦ ᠶ᠋ᠢᠨ ᠮᠣᠩᠭᠤᠯᠴᠢ ᠡᠷᠳᠡᠮᠳᠡᠨ᠂ ᠵᠣᠬᠢᠶᠠᠯᠴᠢᠳ ᠪᠠ ᠤᠩᠰᠢᠭᠴᠢ ᠶ᠋ᠢᠨ ᠲᠣᠷᠭᠠᠨ ᠮᠡᠯᠮᠡᠢ ᠳ᠋ᠤ᠌ ᠬᠦᠷᠭᠡᠵᠤ ᠪᠠᠢᠭ᠎ᠠ ᠨᠢ ᠡᠨᠡ ᠪᠢᠯᠡ᠃

 

         ᠲᠤᠰ ᠲᠣᠮᠤ ᠪᠦᠳᠦᠭᠡᠯ ᠢ᠋ ᠳᠤᠮᠳᠠᠳᠦ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠦ᠋ᠨ ᠤᠤᠯ ᠤ᠋ᠨ ᠲᠡᠷᠢᠭᠦᠨ ᠰᠤᠳᠤᠯᠤᠭᠠᠴᠢ᠂ ᠳ᠋ᠤᠺᠲ᠋ᠤᠷᠠᠨᠲ ᠤ᠋ᠨ ᠵᠢᠯᠤᠭᠤᠳᠤᠭᠴᠢ ᠪᠠᠭᠰᠢ ᠰᠠᠴᠠᠨᠮᠥ᠋ᠩᠬᠡ ᠰᠠᠨᠠᠭᠠᠴᠢᠯᠠᠵᠤ᠂ ᠳᠥᠰᠦᠯ ᠪᠣᠯᠪᠠᠰᠤᠷᠠᠭᠤᠯᠵᠤ᠂ ᠭᠣᠣᠯᠴᠢᠯᠠᠨ ᠨᠠᠢᠷᠠᠭᠤᠯᠤᠭᠰᠠᠨ ᠪᠠᠢᠨ᠎ᠠ᠃ ᠲᠤᠰ ᠴᠤᠪᠤᠷᠠᠯ ᠨᠣᠮ ᠳ᠋ᠤ᠌ ᠰᠢᠳᠢᠳᠦ ᠦᠯᠢᠭᠡᠷ᠂ ᠳᠣᠮᠤᠭ ᠶᠠᠷᠢᠶ᠎ᠠ᠂ ᠢᠷᠦᠭᠡᠯ ᠮᠠᠭᠳᠠᠭᠠᠯ᠂ ᠥᠭᠦᠯᠡᠯᠭᠡ᠂ ᠳᠤᠭᠤᠵᠢ᠂ ᠷᠣᠮᠠᠨ᠂ ᠬᠤᠭᠤᠷ ᠤ᠋ᠨ ᠦᠯᠢᠭᠡᠷ ᠵᠡᠷᠭᠡ 26 ᠰᠲ᠋ᠢᠯᠢ ᠶ᠋ᠢᠨ 3000 ᠰᠢᠬᠠᠭᠤ ᠵᠣᠬᠢᠶᠠᠯ ᠪᠥᠳᠦᠭᠡᠯ ᠢ᠋ ᠰᠢᠯᠢᠵᠤ ᠰᠣᠩᠭᠤᠵᠤ ᠣᠷᠤᠭᠤᠯᠤᠭᠰᠠᠨ ᠪᠠᠢᠨ᠎ᠠ᠃ ᠲᠤᠰ ᠪᠥᠳᠦᠭᠡᠯ ᠦ᠋ᠨ ᠬᠡᠪᠯᠡᠭᠳᠡᠭᠰᠡᠨ ᠨᠢ ᠮᠣᠩᠭᠤᠯ ᠦᠨᠳᠦᠰᠦᠳᠡᠨ ᠦ᠌ ᠤᠷᠠᠨ ᠵᠣᠬᠢᠶᠠᠯ ᠤᠷᠠᠯᠢᠭ ᠢ᠋ ᠰᠤᠨᠢᠷᠬᠠᠬᠤ᠂ ᠰᠤᠳᠤᠯᠬᠤ᠂ ᠵᠢᠭᠠᠨ ᠰᠤᠷᠭᠠᠯᠳᠠ ᠵᠢᠴᠢ ᠨᠡᠭᠡᠭᠡᠨ ᠠᠰᠢᠭᠯᠠᠬᠤ ᠳ᠋ᠤ᠌ ᠳᠥᠭᠦᠮ ᠲᠥᠳᠠ ᠦᠵᠡᠬᠦᠯᠵᠤ᠂ ᠮᠣᠩᠭᠤᠯ ᠦᠨᠳᠦᠰᠦᠳᠡᠨ ᠦ᠌ ᠤᠷᠠᠨ ᠵᠣᠬᠢᠶᠠᠯ ᠤ᠋ᠨ ᠬᠥᠭᠵᠢᠯᠳᠠ ᠳ᠋ᠤ᠌ ᠴᠢᠬᠤᠯᠠ ᠳᠦᠯᠬᠢᠴᠠ ᠦᠢᠯᠡᠳᠦᠯ ᠦᠵᠡᠭᠦᠯᠬᠦ ᠪᠣᠯᠤᠨ᠎ᠠ᠃

         ᠨᠣᠮ ᠲᠠᠷᠬᠠᠭᠠᠬᠤ ᠶᠣᠰᠣᠯᠠᠯ ᠳᠠᠭᠤᠰᠤᠭᠰᠠᠨ ᠤ᠋ ᠳᠠᠷᠠᠭ᠎ᠠ᠂ ᠰᠤᠳᠤᠯᠤᠨ ᠶᠠᠷᠢᠯᠴᠠᠬᠤ ᠬᠤᠷᠠᠯ ᠶᠠᠪᠤᠭᠳᠠᠵᠤ ᠪᠡᠭᠡᠵᠢᠩ ᠬᠦᠬᠡᠬᠤᠳᠠ ᠡᠴᠡ ᠬᠦᠷᠦᠯᠴᠡᠨ ᠢᠷᠡᠭᠰᠡᠨ ᠡᠷᠳᠡᠮᠳᠡᠨ ᠮᠡᠷᠭᠡᠳ ᠲᠤᠰ ᠨᠣᠮ ᠤ᠋ᠨ ᠠᠴᠢ ᠬᠣᠯᠪᠤᠭᠳᠠᠯ ᠦᠨ᠎ᠠ ᠥᠷᠳᠡᠭ ᠦ᠋ᠨ ᠲᠣᠭᠤᠷᠢᠨ ᠳ᠋ᠤ᠌ ᠤᠯᠤᠰ ᠲᠥᠷᠦ᠂ ᠡᠷᠳᠡᠮ ᠰᠢᠨᠵᠢᠯᠡᠭᠡᠨ ᠦ᠌ ᠦᠵᠡᠯ ᠪᠣᠳᠤᠯ ᠢ᠋ᠶ᠋ᠠᠨ ᠰᠣᠯᠢᠯᠴᠠᠭᠰᠠᠨ ᠪᠠᠢᠨ᠎ᠠ᠃

       ᠡᠷᠳᠡᠮᠳᠠᠳ ᠤ᠋ᠨ ᠶᠠᠷᠢᠶ᠎ᠠ ᠡᠴᠡ ᠰᠡᠢᠷᠡᠬᠦᠯᠪᠠᠯ᠄

       ᠡᠷᠬᠢᠮᠪᠠᠶᠠᠷ ( ᠥᠪᠤᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠳᠡᠳ᠋ ᠵᠠᠬᠢᠷᠤᠯ᠂ ᠫᠷᠣᠹᠧᠰᠰᠣᠷ)᠄

ᠮᠣᠩᠭᠤᠯ ᠤᠷᠠᠨ ᠵᠣᠬᠢᠶᠠᠯ ᠪᠣᠯ ᠮᠣᠩᠭᠤᠯ ᠰᠤᠳᠤᠯᠤᠯ ᠤ᠋ᠨ ᠴᠢᠬᠤᠯᠠ ᠪᠦᠷᠢᠯᠳᠦᠬᠦᠨ ᠮᠥᠨ᠃ ᠲᠤᠰ ᠨᠣᠮ ᠤ᠋ᠨ ᠬᠡᠪᠯᠡᠭᠳᠡᠭᠰᠡᠨ ᠨᠢ ᠮᠣᠩᠭᠤᠯ ᠤᠷᠠᠨ ᠵᠣᠬᠢᠶᠠᠯ ᠤ᠋ᠨ ᠵᠢᠭᠠᠨ ᠰᠤᠷᠭᠠᠯᠳᠠ ᠳ᠋ᠤ᠌ ᠴᠢᠬᠤᠯᠠ ᠠᠴᠢ ᠬᠣᠯᠪᠤᠭᠳᠠᠯ ᠲᠠᠢ᠃ ᠤᠴᠢᠷ ᠨᠢ ᠪᠥᠬᠦ ᠤᠯᠤᠰ ᠲᠤ᠌ ᠮᠣᠩᠭᠤᠯ ᠤᠷᠠᠨ ᠵᠣᠬᠢᠶᠠᠯ ᠤ᠋ᠨ ᠳᠤᠬᠠᠢ ᠮᠡᠷᠭᠡᠵᠢᠯ ᠦ᠋ᠨ ᠵᠢᠩᠬᠢᠨᠢ ᠠᠩᠭᠢ ᠡᠴᠡ ᠳᠡᠭᠡᠭᠰᠢ ᠵᠢᠭᠠᠨ ᠰᠤᠷᠭᠠᠯᠳᠠ ᠲᠠᠢ ᠰᠤᠷᠭᠠᠭᠤᠯᠢ 12 ᠪᠠᠢᠨ᠎ᠠ᠂ 4 ᠰᠤᠷᠭᠠᠭᠤᠯᠢ ᠨᠢ ᠳ᠋ᠤᠺᠲ᠋ᠤᠷᠠᠨᠲ ᠬᠥᠮᠦᠵᠢᠭᠦᠯᠬᠦ ᠡᠷᠬᠡ ᠲᠠᠢ᠂ ᠡᠢᠮᠦ ᠡᠴᠡ ᠡᠨᠡ 12 ᠰᠤᠷᠭᠠᠭᠤᠯᠢ ᠶ᠋ᠢᠨ ᠮᠣᠩᠭᠤᠯ ᠤᠷᠠᠨ ᠵᠣᠬᠢᠶᠠᠯ ᠤ᠋ᠨ ᠰᠢᠨᠵᠢᠯᠡᠭᠡᠨ ᠤ᠋ ᠰᠠᠯᠠᠭᠠᠨ ᠤ᠋ ᠪᠥᠳᠦᠭᠡᠨ ᠪᠠᠢᠭᠤᠯᠤᠯᠳᠠ ᠳ᠋ᠤ᠌ ᠮᠠᠰᠢ ᠳᠥᠭᠦᠮ ᠦᠵᠡᠭᠦᠯᠬᠦ ᠪᠣᠯᠤᠨ᠎ᠠ᠃ ᠡᠭᠦᠨ ᠡᠴᠡ ᠭᠠᠳᠠᠨ᠎ᠠ᠂ ᠮᠣᠩᠭᠤᠯ ᠰᠤᠳᠤᠯᠤᠯ ᠤ᠋ᠨ ᠤᠯᠠᠨ ᠤᠯᠤᠰ ᠤ᠋ᠨ ᠬᠠᠷᠢᠴᠠᠭ᠎ᠠ ᠶ᠋ᠢ ᠠᠬᠢᠭᠤᠯᠬᠤ᠂ ᠮᠣᠩᠭᠤᠯ ᠤᠷᠠᠨ ᠵᠣᠬᠢᠶᠠᠯ ᠤ᠋ᠨ ᠮᠠᠲ᠋ᠧᠷᠢᠶᠠᠯ ᠤ᠋ᠨ ᠴᠣᠭᠴᠠᠯᠠᠯᠲᠠ ᠶ᠋ᠢ ᠠᠬᠢᠭᠤᠯᠬᠤ ᠳ᠋ᠤ᠌ ᠴᠢᠬᠤᠯᠠ ᠠᠴᠢ ᠬᠣᠯᠪᠤᠭᠳᠠᠯ ᠲᠠᠢ᠃

        ᠵᠢᠨ ᠬᠠᠢ ( ᠥᠪᠤᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠦ᠋ᠨ ᠳᠡᠳ᠋ ᠵᠠᠬᠢᠷᠤᠯ᠂ ᠰᠤᠳᠤᠯᠤᠭᠠᠴᠢ)᠄

       ᠮᠣᠩᠭᠤᠯ ᠤᠷᠠᠨ ᠵᠣᠬᠢᠶᠠᠯ ᠤ᠋ᠨ ᠲᠡᠤᠬᠡ ᠰᠤᠳᠤᠯᠤᠯ ᠤ᠋ᠨ ᠰᠢᠨᠵᠢᠯᠡᠭᠡᠨ ᠦ᠌ ᠰᠠᠯᠠᠭᠠᠨ ᠤ᠋ ᠪᠥᠳᠦᠭᠡᠨ ᠪᠠᠢᠭᠤᠯᠤᠯᠳᠠ ᠳ᠋ᠤ᠌ ᠴᠢᠬᠤᠯᠠ ᠠᠴᠢ ᠬᠣᠯᠪᠤᠭᠳᠠᠯ ᠲᠠᠢ᠃ ᠲᠤᠰ ᠪᠥᠳᠦᠭᠡᠯ ᠪᠣᠯ ᠰᠠᠭᠤᠷᠢ ᠴᠤᠭᠴᠠᠯᠠᠯᠳᠠ ᠲᠠᠢ ᠬᠣᠯᠪᠤᠭᠳᠠᠨ᠎ᠠ᠂ ᠪᠦᠷᠢᠨ ᠲᠡᠭᠦᠯᠳᠡᠷ᠂ ᠰᠡᠭᠦᠯ ᠦ᠋ᠨ ᠦᠶ᠎ᠠ ᠶ᠋ᠢᠨ ᠤᠷᠠᠨ ᠵᠣᠬᠢᠶᠠᠯ ᠤ᠋ᠨ ᠳᠡᠤᠬᠡ ᠶ᠋ᠢᠨ ᠮᠠᠲ᠋ᠧᠷᠢᠶᠠᠯ ᠤ᠋ᠨ ᠴᠤᠭᠴᠠᠯᠠᠯᠳᠠ᠂ ᠪᠦᠬᠦᠢᠯᠡ ᠤᠷᠠᠨ ᠵᠣᠬᠢᠶᠠᠯ ᠤ᠋ᠨ ᠰᠢᠨᠵᠢᠯᠡᠭᠡᠨ ᠦ᠌ ᠰᠠᠯᠠᠭᠠᠨ ᠤ᠋ ᠪᠠᠢᠭᠤᠯᠤᠯᠳᠠ ᠶ᠋ᠢ ᠠᠬᠢᠭᠤᠯᠬᠤ᠂ ᠦᠨᠳᠦᠰᠦᠳᠠᠨ ᠤ᠋ ᠬᠥᠮᠦᠨᠯᠢᠭ ᠬᠡᠪ ᠴᠢᠨᠠᠷ ᠢ᠋ ᠳᠡᠭᠡᠭᠰᠢᠯᠡᠭᠦᠯᠬᠦ᠂ ᠰᠣᠶᠤᠯ ᠤ᠋ᠨ ᠢᠲᠡᠭᠡᠯ ᠢ᠋ ᠳᠡᠭᠡᠭᠰᠢᠯᠡᠭᠦᠯᠬᠦ᠂ ᠦᠨᠳᠦᠰᠦᠳᠡᠨ ᠦ᠌ ᠰᠣᠶᠤᠯ ᠤ᠋ᠨ ᠢᠳᠡᠭᠡᠯ ᠢ᠋ ᠴᠢᠩᠭ᠋ᠠᠷᠠᠭᠤᠯᠬᠤ᠂ ᠳᠤᠮᠳᠠᠳᠦ ᠶ᠋ᠢᠨ ᠰᠣᠶᠤᠯ ᠤ᠋ᠨ ᠬᠦᠴᠦᠨ᠂ ᠰᠣᠶᠤᠯ ᠤ᠋ᠨ ᠨᠥᠯᠦᠭᠡ ᠶ᠋ᠢ ᠳᠡᠯᠡᠬᠡᠢ ᠳᠠᠶᠠᠭᠠᠷ ᠲᠤ᠌ ᠥᠷᠭᠡᠳᠭᠡᠬᠦ ᠳ᠋ᠦ᠍ ᠴᠢᠬᠤᠯᠠ ᠠᠴᠢ ᠬᠣᠯᠪᠤᠭᠳᠠᠯ ᠲᠠᠢ᠃

 

        ᠤᠩᠰᠢᠪᠤᠷᠢ᠄

      《ᠮᠣᠩᠭᠤᠯ ᠤᠷᠠᠨ ᠵᠣᠬᠢᠶᠠᠯ ᠤ᠋ᠨ ᠳᠡᠭᠡᠵᠢ ᠴᠤᠪᠤᠷᠠᠯ ᠨᠣᠮ 20 ᠪᠣᠳᠢ

      1. ᠰᠢᠳᠢᠳᠦ ᠦᠯᠢᠭᠡᠷ᠂ ᠳᠣᠮᠤᠭ ᠶᠠᠷᠢᠶ᠎ᠠ

      2. ᠢᠷᠦᠭᠡᠯ ᠮᠠᠭᠳᠠᠭᠠᠯ᠂ ᠳᠣᠮ ᠰᠢᠪᠰᠢᠯᠭᠡ᠂ ᠳᠠᠢᠯᠭ᠎ᠠ ᠳᠠᠬᠢᠯᠭ᠎ᠠ ᠶ᠋ᠢᠨ ᠦᠭᠡ

      3. ᠤᠷᠲᠦ ᠲᠤᠤᠯᠢ

      4. ᠣᠬᠤᠷ ᠲᠤᠤᠯᠢ

      5. ᠠᠮᠠᠨ ᠦᠯᠢᠭᠡᠷ

      6. ᠵᠦᠢᠷ ᠰᠠᠴᠡᠨ ᠦᠭᠡ᠂ ᠣᠨᠢᠰᠤᠭ᠎ᠠ᠂ ᠠᠷᠠᠳ ᠤ᠋ᠨ ᠳᠠᠭᠤᠤ ᠶ᠋ᠢᠨ ᠦᠭᠡ

      7. ᠬᠤᠭᠤᠷ ᠤ᠋ᠨ ᠦᠯᠢᠭᠡᠷ (ᠨᠢᠭᠡ)

      8. ᠬᠤᠭᠤᠷ ᠤ᠋ᠨ ᠦᠯᠢᠭᠡᠷ (ᠬᠤᠶᠠᠷ)

      9. ᠰᠢᠯᠦᠭ (ᠨᠢᠭᠡ)

      10. ᠰᠢᠯᠦᠭ (ᠬᠤᠶᠠᠷ)

      11. ᠨᠠᠮᠳᠠᠷ ᠤ᠋ᠨ ᠴᠠᠳᠢᠭ (ᠨᠢᠭᠡ)

      12. ᠨᠠᠮᠳᠠᠷ ᠤ᠋ᠨ ᠴᠠᠳᠢᠭ (ᠬᠤᠶᠠᠷ)

      13. ᠥᠭᠦᠯᠡᠯᠭᠡ (ᠨᠢᠭᠡ)

      14. ᠥᠭᠦᠯᠡᠯᠭᠡ (ᠬᠤᠶᠠᠷ)

      15. ᠳᠤᠭᠤᠵᠢ (ᠨᠢᠭᠡ)

      16. ᠳᠤᠭᠤᠵᠢ (ᠬᠤᠶᠠᠷ)

      17. ᠷᠣᠮᠠᠨ (ᠨᠢᠭᠡ)

      18. ᠷᠣᠮᠠᠨ (ᠬᠤᠶᠠᠷ)

      19. ᠷᠣᠮᠠᠨ (ᠭᠤᠷᠪᠠ)

      20. ᠷᠣᠮᠠᠨ (ᠳᠦᠷᠪᠠ)

 

 

                                                          ᠥᠪᠤᠷ ᠮᠣᠩᠭᠤᠯ ᠤ᠋ᠨ ᠡᠳᠦᠷ ᠦ᠋ᠨ ᠰᠣᠨᠢᠨ ᠡᠴᠡ ᠰᠢᠯᠵᠢᠭᠦᠯᠦᠨ ᠨᠡᠢᠳᠡᠯᠡᠪᠠ

 

                                                          ᠨᠠᠢᠷᠠᠭᠤᠯᠤᠭᠴᠢ᠄ ᠰᠢᠯᠢᠨᠭᠡᠷᠡᠯ(ᠥᠪᠤᠷ ᠮᠣᠩᠭᠤᠯ ᠤ᠋ᠨ ᠡᠳᠦᠷ ᠦ᠋ᠨ ᠰᠣᠨᠢᠨ ᠤ᠋ ᠨᠠᠢᠷᠠᠭᠤᠯᠤᠭᠴᠢ)

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604