800 ᠵᠢᠯ ᠤ᠋ᠨ ᠲᠡᠦᠬᠡ ᠶ᠋ᠢ ᠰᠤᠨᠳᠠᠯᠠᠭᠰᠠᠨ ᠮᠣᠩᠭᠤᠯ ᠤᠳᠭ᠎ᠠ ᠵᠣᠬᠢᠶᠠᠯ ᠤ᠋ᠨ ᠬᠤᠷᠢᠶᠠᠩᠭᠤᠢ
2019.08.20

          |ᠮᠣᠩᠭᠤᠯ ᠤᠷᠠᠨ ᠵᠣᠬᠢᠶᠠᠯ ᠤ᠋ᠨ ᠳᠡᠭᠡᠵᠢᠴᠤᠪᠤᠷᠠᠯ ᠨᠣᠮ (20 ᠪᠣᠳᠢ) ᠢ᠋ ᠠᠩᠬᠠᠯᠠᠨ ᠲᠠᠷᠬᠠᠭᠠᠬᠤ ᠵᠢᠴᠢ ᠰᠤᠳᠤᠯᠤᠨ ᠶᠠᠷᠢᠯᠴᠠᠬᠤ ᠬᠤᠷᠠᠯ ᠠ᠋ᠴᠠ

 

  ᠵᠢᠷᠤᠮᠲᠤ (ᠥᠪᠦᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ ᠶ᠋ᠢᠨ ᠬᠣᠷᠢᠶᠠᠨ ᠳᠠᠷᠤᠭ᠎ᠠ)᠄

  ᠤᠩᠰᠢᠭᠴᠢᠳ ᠤ᠋ᠨ ᠱᠠᠭᠠᠷᠳᠠᠯᠭ᠎ᠠ ᠶ᠋ᠢ ᠬᠠᠩᠭᠠᠬᠤ ᠰᠢᠯᠢᠳᠡᠭ ᠪᠦᠲᠦᠭᠡᠯ ᠢ᠋ ᠬᠡᠪᠯᠡᠭᠦᠯᠦᠨ ᠨᠠᠢᠷᠠᠭᠤᠯᠬᠤ ᠪᠤᠯ ᠮᠠᠨ ᠤ᠋ ᠬᠡᠪᠯᠡᠯ ᠦ᠋ᠨ ᠬᠣᠷᠢᠶ᠎ᠠ ᠶ᠋ᠢᠨ ᠬᠢᠨ ᠤ᠋ ᠡᠭᠦᠷᠭᠡ ᠬᠠᠷᠢᠭᠤᠴᠠᠯᠭ᠎ᠠ ᠮᠥᠨ᠃ ᠲᠤᠰ ᠴᠤᠪᠤᠷᠠᠯ ᠨᠣᠮ ᠢ᠋ ᠨᠠᠢᠷᠠᠭᠤᠯᠬᠤ ᠠ᠋ᠴᠠ ᠡᠮᠦᠨ᠎ᠠ ᠪᠢᠳᠡ ᠲᠤᠰ ᠲᠣᠮᠤ ᠢᠨᠵᠧᠨᠧᠷᠢᠩ ᠢ᠋ ᠡᠷᠬᠢᠯᠡᠵᠦ ᠳᠡᠢᠯᠬᠦ᠂ ᠵᠣᠬᠢᠶᠠᠨ ᠪᠠᠢᠭᠤᠯᠬᠤ ᠴᠢᠳᠠᠪᠦᠷᠢ ᠲᠠᠢ᠂ ᠤᠷᠢᠶᠠᠯᠠᠭ᠎ᠠ ᠶ᠋ᠢᠨ ᠬᠦᠴᠦᠨ ᠲᠠᠢ ᠰᠣᠶᠤᠯ ᠤ᠋ᠨ ᠨᠢᠭᠡᠳᠦᠭᠡᠷ ᠹᠷᠣᠨᠲ᠋ ᠲᠤ᠌ ᠠᠵᠢᠯᠯᠠᠵᠤ ᠪᠠᠢᠭ᠎ᠠ ᠰᠤᠳᠤᠯᠭᠠᠲᠠᠨ ᠰᠡᠴᠡᠨᠮᠥ᠋ᠩᠬᠡ ᠫᠷᠣᠹᠧᠰᠰᠣᠷ ᠢ᠋ ᠡᠷᠢᠭᠰᠡᠨ ᠶᠤᠮ᠃ ᠲᠡᠭᠡᠭᠡᠳ ᠲᠡᠭᠦᠨ ᠢ᠋ᠶ᠋ᠡᠷ ᠭᠣᠣᠯ ᠨᠠᠢᠷᠠᠭᠤᠯᠤᠭᠴᠢ ᠶ᠋ᠢᠨ ᠠᠵᠢᠯ ᠢ᠋ ᠬᠠᠷᠢᠭᠤᠴᠠᠭᠤᠯᠵᠤ᠂ᠮᠣᠩᠭᠤᠯ ᠤᠷᠠᠨ ᠵᠣᠬᠢᠶᠠᠯ ᠤ᠋ᠨ ᠳᠡᠭᠡᠵᠢ ᠶ᠋ᠢᠨ ᠲᠥᠷᠦᠯ ᠵᠦᠢᠯ ᠢ᠋ ᠲᠥᠰᠦᠪᠯᠡᠵᠦ ᠮᠡᠳᠡᠭᠦᠯᠬᠦ ᠪᠡᠷ ᠡᠴᠦᠰ ᠲᠤ᠌ ᠪᠠᠨ ᠰᠠᠨᠠᠯ ᠨᠢᠭᠡᠳᠪᠡ᠃ ᠲᠥᠰᠦᠪᠯᠡᠵᠦ ᠮᠡᠳᠡᠭᠦᠯᠬᠦ ᠪᠡᠷ ᠡᠴᠦᠰ ᠳᠡᠭᠡᠨ ᠰᠠᠨᠠᠯ ᠨᠢᠭᠡᠳᠪᠡ᠃

  ᠲᠤᠰ ᠲᠥᠷᠦᠯ ᠵᠦᠢᠯ ᠢ᠋ ᠮᠡᠳᠡᠭᠦᠯᠬᠦ ᠪᠠ ᠬᠡᠷᠡᠭᠵᠢᠭᠦᠯᠬᠦ ᠳᠤᠮᠳᠠ᠂ ᠰᠡᠴᠡᠨᠮᠥ᠋ᠩᠬᠡ ᠫᠷᠣᠹᠧᠰᠰᠣᠷ ᠨᠠᠢᠷᠠᠭᠤᠯᠤᠭᠴᠢ ᠶ᠋ᠢᠨ ᠡᠩᠨᠡᠭᠡ ᠪᠠᠢᠭᠤᠯᠤᠨ᠂ ᠳᠤᠮᠳᠠᠳᠤ᠂ ᠮᠣᠩᠭᠤᠯ᠂ ᠣᠷᠤᠰ ᠵᠡᠷᠭᠡ ᠤᠯᠤᠰ ᠤ᠋ᠨ ᠲᠤᠰᠭᠠᠢ ᠮᠡᠷᠭᠡᠵᠢᠯᠲᠡᠨ ᠰᠤᠳᠤᠯᠭᠠᠲᠠᠳ ᠢ᠋ ᠴᠤᠭᠯᠠᠭᠤᠯᠵᠤ᠂ ᠬᠦᠳᠦᠯᠪᠦᠷᠢ ᠨᠠᠢᠷᠠᠭᠤᠯᠤᠨ᠂ ᠨᠠᠢᠷᠠᠭᠤᠯᠬᠤ ᠠᠵᠢᠯ ᠪᠠ ᠬᠠᠷᠭᠤᠭᠤᠯᠬᠤ ᠠᠵᠢᠯ ᠤ᠋ᠨ ᠲᠠᠯ᠎ᠠ ᠪᠠᠷ ᠶᠡᠬᠡ ᠬᠡᠮᠵᠢᠶᠡᠨ ᠤ᠋ ᠠᠵᠢᠯ ᠢ᠋ ᠬᠠᠷᠢᠭᠤᠴᠠᠵᠤ᠂ ᠠᠬᠢᠴᠠ ᠶ᠋ᠢ ᠲᠦᠷᠭᠡᠳᠭᠡᠨ᠂ ᠶᠠᠰᠤ ᠴᠢᠨᠠᠷ ᠢ᠋ ᠳᠡᠭᠡᠭᠰᠢᠯᠡᠭᠦᠯᠵᠦ᠂ ᠢᠳᠡᠪᠬᠢ ᠴᠢᠷᠮᠠᠢᠯᠭ᠎ᠠ ᠭᠠᠷᠭᠠᠭᠰᠠᠨ ᠪᠢᠯᠡ᠃

  ᠲᠥᠷᠦᠯ ᠵᠦᠢᠯ ᠦ᠋ᠨ ᠠᠵᠢᠯ ᠢ᠋ ᠬᠡᠷᠡᠭᠵᠢᠭᠦᠯᠬᠦ ᠳᠤᠮᠳᠠ ᠪᠠᠨ ᠪᠢᠳᠡ᠂ ᠤᠯᠤᠰ ᠤ᠋ᠨ ᠨᠣᠮ ᠪᠢᠴᠢᠭ ᠬᠡᠪᠯᠡᠯ ᠤ᠋ᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦ ᠶ᠋ᠢᠨ ᠬᠠᠮᠢᠶᠠᠷᠤᠯᠲᠠ ᠶ᠋ᠢᠨ ᠲᠣᠭᠲᠠᠭᠠᠯ ᠢ᠋ ᠦᠨᠳᠦᠰᠦᠯᠡᠨ᠂ ᠬᠠᠮᠢᠶᠠᠷᠤᠯᠲᠠ ᠶ᠋ᠢᠨ ᠺᠣᠮᠢᠰ᠂ ᠨᠠᠢᠷᠠᠭᠤᠯᠬᠤ ᠺᠣᠮᠢᠰ ᠪᠠᠢᠭᠤᠯᠵᠤ᠂ ᠤᠯᠤᠰ ᠤ᠋ᠨ ᠳᠤᠲᠤᠭᠠᠲᠤ ᠭᠠᠳᠠᠭᠠᠲᠤ ᠶ᠋ᠢᠨ ᠨᠡᠷᠡᠲᠤ ᠲᠤᠰᠭᠠᠢ ᠮᠡᠷᠭᠡᠵᠢᠯᠲᠡᠨ ᠰᠤᠳᠤᠯᠭᠠᠲᠠᠳ᠂ ᠵᠣᠬᠢᠶᠠᠯᠴᠢᠳ ᠢ᠋ᠶ᠋ᠠᠷ ᠪᠦᠷᠢᠯᠳᠦᠭᠰᠡᠨ ᠲᠤᠰᠭᠠᠢ ᠮᠡᠷᠭᠡᠵᠢᠯᠲᠡᠳ ᠦ᠋ᠨ ᠺᠣᠮᠢᠰ ᠢ᠋ ᠪᠠᠢᠭᠤᠯᠵᠤ᠂ ᠬᠠᠮᠢᠶ᠎ᠠ ᠪᠦᠬᠦᠢ ᠳᠦᠷᠢᠮ ᠲᠣᠭᠲᠠᠭᠠᠯ ᠲᠣᠭᠲᠠᠭᠠᠵᠤ᠂ ᠠᠷᠭ᠎ᠠ ᠠᠪᠴᠠᠯ ᠬᠡᠷᠡᠭᠵᠢᠭᠦᠯᠵᠤ᠂ ᠲᠥᠷᠦᠯ  ᠵᠦᠢᠯ ᠦ᠋ᠨ ᠠᠵᠢᠯ ᠤ᠋ᠨ ᠤᠷᠤᠭᠰᠢᠲᠠᠢ᠂ ᠥᠨᠳᠦᠷ ᠪᠦᠲᠦᠮᠵᠢᠲᠡᠢ ᠪᠡᠷ ᠠᠬᠢᠬᠤ ᠳ᠋ᠤ᠌ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ ᠪᠠ ᠳᠦᠷᠢᠮ ᠦ᠋ᠨ ᠪᠠᠲᠤᠯᠠᠭ᠎ᠠ ᠬᠠᠩᠭᠠᠵᠠᠢ᠃

  ᠲᠤᠰ ᠴᠤᠪᠤᠷᠠᠯ ᠪᠢᠴᠢᠭ ᠤ᠋ᠨ ᠠᠭᠤᠯᠭ᠎ᠠ ᠶ᠋ᠢᠨ ᠬᠣᠯᠪᠤᠭᠳᠠᠬᠤ ᠬᠦᠷᠢᠶ᠎ᠡ ᠬᠡᠪᠴᠢᠶ᠎ᠡ ᠥᠷᠭᠡᠨ᠂ ᠴᠠᠭ ᠤ᠋ᠨ ᠠᠯᠤᠰᠯᠠᠯ ᠤᠷᠲᠤ᠂ ᠮᠣᠩᠭᠤᠯ ᠤᠷᠠᠨ ᠵᠣᠬᠢᠶᠠᠯ ᠤ᠋ᠨ ᠲᠡᠦᠬᠡᠨ ᠳ᠋ᠡᠬᠢ ᠬᠥᠰᠢᠶ᠎ᠡ ᠳᠤᠷᠠᠰᠭᠠᠯ ᠪᠣᠯᠬᠤᠢᠴᠠ ᠲᠣᠮᠤ ᠢᠨᠵᠧᠨᠧᠷᠢᠩ ᠮᠥᠨ᠃ ᠪᠤᠲᠠᠲᠠᠢ ᠬᠡᠷᠡᠭᠵᠢᠭᠦᠯᠬᠦ ᠶᠠᠪᠤᠴᠠ ᠳ᠋ᠤ᠌ ᠪᠠᠨ ᠪᠢᠳᠡ ᠡᠬᠡ ᠪᠢᠴᠢᠭ ᠦ᠋ᠨ ᠠᠭᠤᠯᠭ᠎ᠠ ᠶ᠋ᠢᠨ ᠪᠣᠭᠤᠮᠲᠠ ᠪᠠ ᠨᠠᠢᠷᠠᠭᠤᠯᠵᠤ ᠬᠠᠷᠭᠤᠭᠤᠯᠬᠤ ᠶᠠᠰᠤ ᠴᠢᠨᠠᠷ ᠤ᠋ᠨ ᠪᠣᠭᠤᠮᠲᠠ ᠶ᠋ᠢ ᠴᠢᠩᠭ᠎ᠠ ᠰᠠᠬᠢᠵᠤ᠂ ᠭᠤᠷᠪᠠᠨ ᠬᠢᠨᠠᠯᠲᠠ ᠶ᠋ᠢᠨ ᠳᠦᠷᠢᠮ ᠢ᠋ᠶ᠋ᠡᠷ ᠠᠵᠢᠯᠯᠠᠵᠤ᠂ ᠠᠭᠤᠯᠭ᠎ᠠ ᠶ᠋ᠢᠨ ᠶᠠᠰᠤ ᠴᠢᠨᠠᠷ ᠢ᠋ ᠪᠠᠲᠤᠲᠠᠢ ᠳᠡᠭᠡᠭᠰᠢᠯᠡᠭᠦᠯᠵᠡᠢ᠃

  ᠬᠠᠷᠭᠤᠭᠤᠯᠬᠤ ᠠᠵᠢᠯ ᠳᠤᠮᠳᠠ ᠪᠠᠨ ᠪᠢᠳᠡᠮᠣᠩᠭᠤᠯ ᠵᠥᠪ ᠪᠢᠴᠢᠯᠭᠡ ᠶ᠋ᠢᠨ ᠲᠣᠯᠢᠶ᠋ᠢ ᠴᠢᠩᠭ᠎ᠠ ᠵᠢᠷᠤᠮᠯᠠᠨ᠂ ᠬᠤᠪᠢᠶᠠᠵᠤ ᠬᠠᠷᠭᠤᠭᠤᠯᠬᠤ᠂ ᠰᠣᠯᠢᠵᠤ ᠬᠠᠷᠭᠤᠭᠤᠯᠬᠤ᠂ ᠮᠠᠰᠢᠨ ᠢ᠋ᠶ᠋ᠠᠷ ᠬᠠᠷᠭᠤᠭᠤᠯᠬᠤ ᠵᠡᠷᠭᠡ ᠤᠯᠠᠨ ᠵᠦᠢᠯ ᠦ᠋ᠨ ᠠᠷᠭ᠎ᠠ ᠠᠪᠴᠠᠯ ᠢ᠋ᠶ᠋ᠠᠷ ᠡᠬᠡ ᠪᠢᠴᠢᠭ ᠪᠦᠷᠢ ᠶ᠋ᠢ 5 ᠤᠳᠠᠭ᠎ᠠ ᠬᠠᠷᠭᠤᠭᠤᠯᠤᠭᠰᠠᠨ ᠪᠠᠢᠨ᠎ᠠ᠃

  ᠪᠠᠷ ᠬᠡᠪᠯᠡᠯ ᠢ᠋ᠶ᠋ᠡᠨ ᠲᠣᠭᠲᠠᠭᠠᠵᠤ᠂ ᠴᠢᠮᠡᠭᠯᠡᠵᠤ ᠲᠥᠰᠦᠪᠯᠡᠬᠦ᠂ ᠮᠠᠲ᠋ᠧᠷᠢᠶᠠᠯ ᠰᠣᠩᠭᠤᠨ ᠬᠡᠷᠡᠭᠯᠡᠬᠦ ᠳ᠋ᠤ᠌ ᠪᠠᠨ ᠪᠦᠷ ᠤᠷᠠᠨ ᠵᠣᠬᠢᠶᠠᠯ ᠤ᠋ᠨ ᠪᠦᠲᠦᠭᠡᠯ ᠦ᠋ᠨ ᠣᠨᠴᠠᠯᠢᠭ ᠢ᠋ ᠳᠣᠪᠤᠢᠯᠭᠠᠭᠰᠠᠨ ᠤ᠋ ᠬᠠᠮᠲᠤ ᠠᠯᠢ ᠴᠢᠳᠠᠬᠤ ᠪᠠᠷ ᠵᠠᠷᠤᠳᠠᠯ ᠢ᠋ᠶ᠋ᠠᠨ ᠠᠷᠪᠢᠯᠠᠵᠤ᠂ ᠥᠪᠡᠷ ᠦ᠋ᠨ ᠦᠷᠳᠡᠭ ᠢ᠋ᠶ᠋ᠡᠨ ᠪᠠᠭᠤᠷᠠᠭᠤᠯᠤᠨ᠂ ᠰᠠᠭᠤᠷᠢ ᠮᠥᠩᠭᠦᠨ ᠤ᠋ ᠳᠡᠮᠵᠢᠯᠭᠡ ᠶ᠋ᠢᠨ ᠲᠥᠷᠦᠯ ᠵᠦᠢᠯ ᠦ᠋ᠨ ᠨᠡᠢᠲᠡ ᠶ᠋ᠢᠨ ᠠᠰᠠᠷᠠᠮᠵᠢ ᠶ᠋ᠢᠨ ᠰᠢᠨᠵᠢ ᠶ᠋ᠢ ᠦᠨᠡᠨ ᠬᠦ᠌ ᠢᠯᠡᠷᠡᠭᠦᠯᠦᠭᠰᠡᠨ ᠪᠠᠢᠨ᠎ᠠ᠃

  ᠲᠥᠷᠦᠯ ᠵᠦᠢᠯ ᠢ᠋ ᠬᠡᠷᠡᠭᠵᠢᠭᠦᠯᠬᠦ ᠶᠠᠪᠤᠴᠠ ᠳ᠋ᠤ᠌᠂ ᠬᠡᠪᠯᠡᠯ ᠦ᠋ᠨ ᠪᠦᠯᠦᠭᠯᠡᠯ᠂ ᠥᠪᠡᠷᠲᠡᠭᠡᠨ ᠵᠠᠰᠠᠬᠤ ᠣᠷᠤᠨ ᠤ᠋ ᠰᠣᠨᠢᠨ ᠮᠡᠳᠡᠭᠡ ᠬᠡᠪᠯᠡᠯ ᠦ᠋ᠨ ᠲᠣᠪᠴᠢᠶ᠎ᠠ ᠪᠠ ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦᠨ ᠤ᠋ ᠬᠠᠮᠢᠶᠠᠷᠤᠯᠲᠠ ᠶ᠋ᠢᠨ ᠠᠯᠪᠠᠨ ᠭᠡᠷ ᠦ᠋ᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠨᠠᠷᠢᠨ ᠨᠢᠭᠲᠠ ᠵᠢᠯᠤᠭᠤᠳᠴᠤ᠂ ᠬᠠᠯᠠᠭᠤᠨ ᠳᠡᠮᠵᠢᠯᠭᠡ ᠬᠦᠷᠲᠡᠭᠡᠭᠰᠡᠨ ᠪᠠᠢᠨ᠎ᠠ᠂ ᠡᠭᠦᠨ ᠳ᠋ᠤ᠌ ᠪᠢᠳᠡ ᠴᠢᠩ ᠰᠡᠳᠭᠢᠯ ᠦ᠋ᠨ ᠲᠠᠯᠠᠷᠬᠠᠯ ᠢ᠋ᠶ᠋ᠠᠨ ᠳᠡᠪᠰᠢᠭᠦᠯᠦᠶ᠎ᠡ᠃ ᠡᠭᠦᠨ ᠠ᠋ᠴᠠ ᠭᠠᠳᠠᠨ᠎ᠠ᠂ ᠲᠤᠰ ᠲᠥᠷᠦᠯ ᠵᠦᠢᠯ ᠳ᠋ᠤ᠌ ᠣᠷᠤᠯᠴᠠᠭᠰᠠᠨ ᠭᠣᠣᠯ ᠨᠠᠢᠷᠠᠭᠤᠯᠤᠭᠴᠢ ᠲᠡᠷᠢᠭᠦᠲᠡᠢ ᠬᠠᠮᠢᠶ᠎ᠠ ᠪᠦᠬᠦᠢ ᠲᠤᠰᠭᠠᠢ ᠮᠡᠷᠭᠡᠵᠢᠯᠲᠡᠨ᠂ ᠰᠤᠳᠤᠯᠭᠠᠲᠠᠨ᠂ ᠵᠣᠬᠢᠶᠠᠯᠴᠢ ᠵᠢᠴᠢ ᠨᠠᠢᠷᠠᠭᠤᠯᠤᠭᠴᠢ᠂ ᠬᠡᠪᠯᠡᠯ ᠦ᠋ᠨ ᠪᠠᠷᠯᠠᠭᠴᠢᠳ ᠲᠤ᠌ ᠪᠠᠨ ᠭᠦᠨ ᠲᠠᠯᠠᠷᠬᠠᠯ ᠢ᠋ᠶ᠋ᠠᠨ ᠳᠡᠪᠰᠢᠭᠦᠯᠦᠶ᠎ᠡ᠂ ᠲᠠ ᠨᠠᠷ ᠤ᠋ᠨ ᠠᠷᠢᠭᠤᠨ ᠬᠥᠳᠡᠯᠮᠦᠷᠢ ᠶ᠋ᠢᠨ ᠠᠴᠢ ᠪᠠᠷ ᠡᠨᠡ ᠬᠦ᠌ ᠲᠥᠷᠦᠯ ᠵᠦᠢᠯ ᠤᠷᠤᠭᠰᠢᠲᠠᠢ ᠶᠠᠪᠤᠭᠳᠠᠵᠤ᠂ ᠴᠢᠨᠠᠷ ᠰᠠᠢᠲᠠᠢ ᠪᠦᠲᠦᠭᠡᠯ ᠪᠣᠯᠤᠭᠰᠠᠨ ᠪᠠᠢᠨ᠎ᠠ᠃

  ᠰᠡᠴᠡᠨᠮᠥ᠋ᠩᠬᠡ (ᠳᠤᠮᠳᠠᠳᠤ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠠᠺᠠᠳᠧᠮᠢ ᠶ᠋ᠢᠨ ᠦᠨᠳᠦᠰᠦᠲᠡᠨ ᠤ᠋ ᠤᠳᠭ᠎ᠠ ᠵᠣᠬᠢᠶᠠᠯ ᠰᠤᠳᠤᠯᠬᠤ ᠬᠦᠷᠢᠶᠡᠯᠡᠩ ᠦ᠋ᠨ ᠰᠤᠳᠤᠯᠤᠭᠴᠢ᠂ ᠪᠦᠬᠦ ᠤᠯᠤᠰ ᠤ᠋ᠨᠭᠡᠰᠡᠷᠤ᠋ᠨ ᠠᠵᠢᠯ ᠢ᠋ ᠤᠳᠤᠷᠢᠳᠬᠤ ᠳᠤᠭᠤᠢᠯᠠᠩ ᠤ᠋ᠨ ᠨᠠᠷᠢᠨ ᠪᠢᠴᠢᠭ ᠤ᠋ᠨ ᠳᠠᠷᠤᠭ᠎ᠠ)᠄

  《ᠮᠣᠩᠭᠤᠯ ᠤᠷᠠᠨ ᠵᠣᠬᠢᠶᠠᠯ ᠤ᠋ᠨ ᠳᠡᠭᠡᠵᠢᠭᠡᠬᠦ ᠨᠣᠮ ᠪᠤᠯ ᠤᠯᠤᠰ ᠤ᠋ᠨ ᠬᠡᠪᠯᠡᠯ ᠦ᠋ᠨ ᠰᠠᠭᠤᠷᠢ ᠮᠥᠩᠭᠦ ᠶ᠋ᠢᠨ ᠲᠥᠰᠦᠪ ᠢ᠋ᠶ᠋ᠡᠷ ᠬᠢᠭᠰᠡᠨ ᠨᠣᠮ ᠪᠣᠯᠬᠤ ᠶᠤᠮ᠃ ᠲᠤᠰ ᠨᠣᠮ ᠪᠤᠯ ᠤᠯᠠᠨ ᠤᠯᠤᠰ ᠤ᠋ᠨ ᠵᠢᠱ᠌ᠢᠭ ᠪᠣᠯᠤᠭᠰᠠᠨ ᠠᠷᠭ᠎ᠠ ᠪᠠᠷ ᠲᠥᠷᠦᠯ ᠬᠤᠪᠢᠶᠠᠭᠰᠠᠨ᠂ ᠨᠡᠢᠲᠡ 26 ᠲᠥᠷᠦᠯ ᠢ᠋ᠶ᠋ᠡᠷ ᠠᠩᠭᠢᠯᠠᠭᠰᠠᠨ᠂ ᠰᠢᠠᠲ᠋ᠸᠮᠵᠢᠬᠦᠯᠵᠦ ᠬᠤᠷᠢᠶᠠᠩᠭᠤᠢᠯᠠᠵᠤ ᠬᠢᠭᠰᠡᠨ ᠨᠣᠮ ᠪᠣᠯᠤᠨ᠎ᠠ᠃ ᠲᠤᠰ ᠨᠣᠮ ᠨᠢ  ᠬᠦᠨᠴᠡ ᠪᠡᠷ ᠢ᠋ᠶ᠋ᠡᠨ 800 ᠵᠢᠯ ᠤ᠋ᠨ ᠤᠷᠲᠦ ᠤᠳᠠᠭᠠᠨ ᠲᠡᠦᠬᠡᠨ ᠶᠠᠪᠤᠴᠠ ᠳ᠋ᠡᠬᠢ ᠮᠣᠩᠭᠤᠯ ᠤᠷᠠᠨ ᠵᠣᠬᠢᠶᠠᠯ ᠢ᠋ ᠬᠠᠮᠤᠷᠴᠤ᠂ ᠥᠷᠭᠡᠴᠡ ᠪᠡᠷ ᠢ᠋ᠶ᠋ᠡᠨ ᠳᠤᠮᠳᠠᠳᠤ᠂ ᠮᠣᠩᠭᠤᠯ᠂ ᠣᠷᠤᠰ ᠲᠤ᠌ ᠣᠷᠤᠰᠢᠨ ᠠᠮᠢᠳᠤᠷᠠᠵᠤ ᠪᠠᠢᠭ᠎ᠠ ᠮᠣᠩᠭᠤᠯ ᠦᠨᠳᠦᠰᠦᠲᠡᠨ ᠤ᠋ ᠪᠢᠴᠢᠭ ᠤ᠋ᠨ ᠵᠣᠬᠢᠶᠠᠯ ᠪᠣᠯᠤᠨ ᠠᠮᠠᠨ ᠵᠣᠬᠢᠶᠠᠯ ᠠ᠋ᠴᠠ ᠰᠢᠭᠰᠢᠨ ᠰᠣᠩᠭᠤᠯᠲᠠ ᠬᠢᠵᠤ ᠬᠡᠪᠯᠡᠯ ᠳ᠋ᠤ᠌ ᠪᠠᠨ ᠬᠠᠮᠤᠷᠤᠭᠤᠯᠤᠭᠰᠠᠨ ᠪᠠᠢᠨ᠎ᠠ᠃ ᠡᠭᠦᠨ ᠢ᠋ᠶ᠋ᠡᠷ ᠪᠠᠷᠠᠬᠤ ᠦᠭᠡᠢ᠂ ᠠᠯᠲᠠᠢ ᠢᠵᠠᠭᠤᠷ ᠬᠡᠯᠡᠲᠡᠨ ᠤ᠋ ᠳᠤᠮᠳᠠ ᠨᠡᠢᠳᠡᠮ ᠲᠠᠷᠬᠠᠭᠰᠠᠨᠠᠮᠠᠨ ᠴᠠᠭᠠᠨ ᠪᠢᠷᠠᠭᠤᠵᠡᠷᠭᠡ ᠪᠦᠲᠦᠭᠡᠯ ᠢ᠋ ᠴᠤ᠌ ᠪᠦᠷ ᠲᠤᠰ ᠨᠣᠮ ᠳ᠋ᠤ᠌ ᠪᠠᠨ ᠣᠷᠤᠭᠤᠯᠵᠤ ᠬᠡᠪᠯᠡᠭᠦᠯᠦᠭᠰᠡᠨ ᠪᠠᠢᠨ᠎ᠠ᠃

  ᠡᠢᠮᠦ ᠪᠣᠯᠬᠣᠷ ᠲᠤᠰ ᠴᠤᠪᠤᠷᠠᠯ ᠪᠢᠴᠢᠭ ᠢ᠋ ᠪᠢᠳᠡ ᠡᠮᠦᠨᠡᠬᠢ ᠨᠣᠮ ᠤ᠋ᠳ ᠠ᠋ᠴᠠ ᠳᠠᠪᠠᠭᠰᠠᠨ᠂ ᠰᠢᠨ᠎ᠡ ᠴᠠᠭ ᠦᠶ᠎ᠡ ᠶ᠋ᠢ ᠬᠠᠷᠠᠭᠤᠯᠤᠭᠰᠠᠨ᠂ ᠮᠣᠩᠭᠤᠯ ᠤᠷᠠᠨ ᠵᠣᠬᠢᠶᠠᠯ ᠤ᠋ᠨ ᠬᠥᠭᠵᠢᠯᠲᠡ ᠶ᠋ᠢ ᠬᠠᠷᠠᠭᠤᠯᠤᠭᠰᠠᠨ ᠨᠣᠮ ᠪᠦᠲᠦᠭᠡᠯ ᠪᠣᠯᠭᠠᠬᠤ ᠪᠠᠷ ᠴᠢᠷᠮᠠᠢᠭᠰᠠᠨ᠃ ᠶᠡᠷᠦᠩᠬᠡᠢᠯᠡᠭᠡᠳ ᠭᠡᠯᠡᠪᠡᠯ᠂ ᠲᠤᠰ ᠪᠦᠲᠦᠭᠡᠯ ᠢ᠋ ᠪᠢᠳᠡ ᠮᠣᠩᠭᠤᠯ ᠤᠷᠠᠨ ᠵᠣᠬᠢᠶᠠᠯ ᠤ᠋ᠨ ᠶᠡᠷᠦᠩᠬᠡᠢ ᠳᠦᠷᠢ ᠳᠦᠷᠬᠦ ᠶ᠋ᠢ ᠬᠠᠷᠠᠭᠤᠯᠵᠤ ᠴᠢᠳᠠᠭᠰᠠᠨ ᠪᠦᠲᠦᠭᠡᠯ ᠪᠣᠯᠭᠠᠬᠤ ᠪᠠᠷ ᠲᠦᠯᠦᠪᠯᠡᠵᠤ ᠬᠢᠭᠰᠡᠨ᠂ ᠴᠢᠷᠮᠠᠢᠵᠤ ᠬᠢᠭᠰᠡᠨ᠃

  ᠮᠡᠳᠡᠭᠡᠵᠢ ᠪᠡᠷ᠂ ᠡᠢᠮᠦ ᠲᠣᠮᠤ ᠨᠣᠮ ᠢ᠋ ᠬᠢᠬᠦ ᠳ᠋ᠤ᠌ ᠠᠯᠳᠠᠭ᠎ᠠ ᠮᠠᠳᠠᠭ ᠲᠠᠢ ᠵᠦᠢᠯ ᠭᠠᠷᠬᠤ ᠦᠭᠡᠢ ᠭᠡᠵᠤ ᠪᠠᠢᠬᠤ ᠦᠭᠡᠢ᠃ ᠡᠭᠦᠨ ᠢ᠋ ᠬᠣᠵᠢᠮ ᠤ᠋ᠨ ᠵᠠᠯᠠᠭᠤᠴᠤᠳ ᠤᠯᠠᠮ ᠢ᠋ᠶ᠋ᠠᠷ ᠲᠡᠭᠦᠯᠳᠡᠷᠵᠢᠬᠦᠯᠵᠤ᠂ ᠡᠭᠦᠨ ᠢ᠋ᠶ᠋ᠡᠷ ᠰᠠᠭᠤᠷᠢ ᠪᠣᠯᠭᠠᠵᠤ᠂ ᠡᠭᠦᠨ ᠡᠴᠡ ᠨᠡᠩ ᠶᠡᠬᠡ ᠰᠠᠢᠬᠠᠨ ᠨᠣᠮ᠂ ᠲᠣᠮᠤ ᠪᠦᠲᠦᠭᠡᠯ ᠢ᠋ ᠬᠡᠪᠯᠡᠭᠦᠯᠬᠦ ᠶ᠋ᠢ ᠬᠦᠰᠡᠵᠤ ᠪᠠᠢᠨ᠎ᠠ᠃

  ᠡᠷᠬᠢᠮᠪᠠᠶᠠᠷ (ᠥᠪᠦᠷ ᠮᠣᠩᠭᠤᠯ ᠤ᠋ᠨ ᠶᠡᠬᠡ ᠰᠤᠷᠭᠠᠭᠤᠯᠢ ᠶ᠋ᠢᠨ ᠫᠷᠣᠹᠧᠰᠰᠣᠷ)᠄

  《ᠮᠣᠩᠭᠤᠯ ᠤᠷᠠᠨ ᠵᠣᠬᠢᠶᠠᠯ ᠤ᠋ᠨ ᠳᠡᠭᠡᠵᠢᠬᠡᠪᠯᠡᠭᠳᠡᠭᠰᠡᠨ ᠨᠢ ᠮᠣᠩᠭᠤᠯ ᠰᠤᠳᠤᠯᠤᠯ ᠤ᠋ᠨ ᠬᠦᠷᠢᠶᠡᠨ ᠤ᠋ ᠬᠢᠨ ᠵᠢᠴᠢ ᠶᠡᠬᠡ ᠳᠡᠭᠡᠲᠦ ᠰᠤᠷᠭᠠᠭᠤᠯᠢ ᠶ᠋ᠢᠨ ᠵᠢᠭᠠᠨ ᠰᠤᠷᠭᠠᠯᠲᠠ ᠪᠠ ᠰᠤᠳᠤᠯᠭᠠᠨ ᠤ᠋ ᠠᠵᠢᠯ ᠤ᠋ᠨ ᠨᠢᠭᠡᠨ ᠪᠠᠶᠠᠷᠯᠠᠭᠤᠰᠢᠲᠠᠢ ᠶᠠᠪᠤᠳᠠᠯ ᠪᠣᠯᠬᠤ ᠶᠤᠮ᠃

  ᠲᠤᠰ ᠪᠦᠲᠦᠭᠡᠯ ᠢ᠋ ᠬᠡᠪᠯᠡᠵᠤ ᠲᠠᠷᠬᠠᠭᠠᠬᠤ ᠠᠵᠢᠯ ᠪᠤᠯ ᠨᠢᠭᠡᠨ ᠲᠣᠮᠤ ᠢᠨᠵᠧᠨᠧᠷᠢᠩ ᠪᠣᠯᠤᠨ᠎ᠠ᠃ ᠲᠤᠰ ᠨᠣᠮ ᠤ᠋ᠨ ᠬᠡᠪᠯᠡᠭᠳᠡᠭᠰᠡᠨ ᠨᠢ ᠮᠣᠩᠭᠤᠯ ᠰᠣᠶᠤᠯ᠂ ᠢᠯᠠᠩᠭᠤᠶ᠎ᠠ ᠮᠣᠩᠭᠤᠯ ᠤᠷᠠᠨ ᠵᠣᠬᠢᠶᠠᠯ ᠤ᠋ᠨ ᠰᠤᠳᠤᠯᠭᠠᠨ᠂ ᠵᠢᠭᠠᠨ ᠰᠤᠷᠭᠠᠯᠲᠠ ᠪᠠ ᠪᠦᠬᠦᠢᠯᠡ ᠮᠣᠩᠭᠤᠯ ᠰᠤᠳᠤᠯᠤᠯ ᠤ᠋ᠨ ᠠᠵᠢᠯ ᠳ᠋ᠤ᠌ ᠪᠦᠷ ᠴᠢᠬᠤᠯᠠ ᠠᠴᠢ ᠬᠣᠯᠪᠤᠭᠳᠠᠯ ᠲᠠᠢ᠃

  ᠨᠢᠭᠡ ᠳ᠋ᠤ᠌᠂ ᠮᠣᠩᠭᠤᠯ ᠤᠷᠠᠨ ᠵᠣᠬᠢᠶᠠᠯ ᠤ᠋ᠨ ᠰᠤᠳᠤᠯᠤᠯ ᠢ᠋ ᠲᠦᠯᠬᠢᠨ ᠠᠬᠢᠭᠤᠯᠤᠭᠰᠠᠨ ᠪᠠᠢᠨ᠎ᠠ᠃ ᠲᠤᠰ ᠨᠣᠮ ᠨᠢ ᠮᠣᠩᠭᠤᠯ ᠤᠷᠠᠨ ᠵᠣᠬᠢᠶᠠᠯ ᠤ᠋ᠨ ᠰᠤᠳᠤᠯᠤᠯ ᠳ᠋ᠤ᠌ ᠵᠠᠩᠭᠢᠯᠠᠭ᠎ᠠ ᠶ᠋ᠢᠨ ᠦᠢᠯᠡᠳᠦᠯ ᠦᠵᠡᠬᠦᠯᠵᠤ᠂ ᠮᠣᠩᠭᠤᠯ ᠤᠷᠠᠨ ᠵᠣᠬᠢᠶᠠᠯ ᠢ᠋ ᠪᠦᠬᠦ ᠲᠠᠯ᠎ᠠ ᠠ᠋ᠴᠠ ᠬᠠᠷᠠᠭᠤᠯᠵᠤ᠂ ᠮᠣᠩᠭᠤᠯ ᠤᠷᠠᠨ ᠵᠣᠬᠢᠶᠠᠯ ᠢ᠋ ᠪᠦᠬᠦ ᠲᠠᠯ᠎ᠠ ᠪᠠᠷ ᠡᠵᠡᠮᠰᠢᠬᠦ ᠳ᠋ᠤ᠌ ᠠᠰᠢᠭᠲᠠᠢ ᠮᠠᠲ᠋ᠧᠷᠢᠶᠠᠯ ᠬᠠᠩᠭᠠᠭᠰᠠᠨ ᠪᠠᠢᠨ᠎ᠠ᠃

  ᠬᠤᠶᠠᠷ ᠲᠤ᠌᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠢᠨᠵᠢᠯᠡᠭᠡᠨ ᠤ᠋ ᠰᠠᠯᠠᠭ᠎ᠠ ᠶ᠋ᠢ ᠲᠦᠯᠬᠢᠨ ᠠᠬᠢᠭᠤᠯᠬᠤ ᠳ᠋ᠤ᠌ ᠠᠰᠢᠭᠲᠠᠢ᠃ ᠣᠳᠣᠬᠠᠨ ᠳ᠋ᠤ᠌ ᠪᠦᠬᠦ ᠤᠯᠤᠰ ᠲᠤ᠌ ᠨᠡᠢᠲᠡ 12 ᠵᠢᠩᠬᠢᠨᠢ ᠠᠩᠭᠢ ᠶ᠋ᠢᠨ ᠶᠡᠬᠡ ᠳᠡᠭᠡᠳᠦ ᠰᠤᠷᠭᠠᠭᠤᠯᠢ ᠨᠢ ᠮᠣᠩᠭᠤᠯ ᠬᠡᠯᠡ ᠤᠳᠭ᠎ᠠ ᠵᠣᠬᠢᠶᠠᠯ ᠤ᠋ᠨ ᠲᠤᠰᠭᠠᠢ ᠮᠡᠷᠭᠡᠵᠢᠯ ᠦ᠋ᠨ ᠰᠤᠷᠤᠭᠴᠢ ᠡᠯᠰᠡᠵᠤ ᠪᠤᠢ᠂ ᠡᠭᠦᠨ ᠳ᠋ᠤ᠌ 4 ᠶᠡᠬᠡ ᠳᠡᠭᠡᠲᠦ ᠰᠤᠷᠭᠠᠭᠤᠯᠢ ᠨᠢ ᠮᠣᠩᠭᠤᠯ ᠬᠡᠯᠡ ᠤᠳᠭ᠎ᠠ ᠵᠣᠬᠢᠶᠠᠯ ᠤ᠋ᠨ ᠲᠤᠰᠭᠠᠢ ᠮᠡᠷᠭᠡᠵᠢᠯ ᠦ᠋ᠨ ᠳ᠋ᠤᠺᠲ᠋ᠤᠷᠠᠨᠲ ᠬᠦᠮᠦᠵᠢᠬᠦᠯᠵᠤ ᠪᠤᠢ᠃ ᠡᠨᠡ ᠬᠦ᠌ ᠨᠣᠮ ᠶᠡᠬᠡ ᠲᠡᠭᠡᠳᠦ ᠰᠤᠷᠭᠠᠭᠤᠯᠢ ᠶ᠋ᠢᠨ ᠮᠣᠩᠭᠤᠯ ᠤᠷᠠᠨ ᠵᠣᠬᠢᠶᠠᠯ ᠤ᠋ᠨ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠤ᠋ ᠠᠵᠢᠯ ᠳ᠋ᠤ᠌ ᠲᠦᠯᠬᠢᠴᠡ ᠦᠢᠯᠡᠳᠦᠯ ᠦᠵᠡᠭᠦᠯᠬᠦ ᠨᠢ ᠯᠠᠪᠲᠠᠢ᠂ ᠲᠤᠰ ᠪᠦᠲᠦᠭᠡᠯ ᠡᠴᠡ ᠰᠤᠷᠤᠭᠴᠢᠳ ᠮᠣᠩᠭᠤᠯ ᠤᠷᠠᠨ ᠵᠣᠬᠢᠶᠠᠯ ᠢ᠋ ᠬᠦᠨᠵᠡᠬᠡᠢ ᠣᠢᠯᠠᠭᠠᠵᠤ᠂ ᠪᠠᠭᠰᠢ ᠨᠠᠷ ᠮᠣᠩᠭᠤᠯ ᠤᠷᠠᠨ ᠵᠣᠬᠢᠶᠠᠯ ᠤ᠋ᠨ ᠲᠤᠬᠠᠢ ᠨᠠᠩ ᠬᠦᠨᠵᠡᠭᠡᠢ ᠰᠤᠳᠤᠯᠭᠠᠨ ᠥᠷᠨᠢᠭᠦᠯᠬᠦ ᠪᠣᠯᠤᠨ᠎ᠠ᠃

  ᠭᠤᠷᠪᠠ ᠳ᠋ᠤ᠌᠂ ᠮᠣᠩᠭᠤᠯ ᠰᠤᠳᠤᠯᠤᠯ ᠤ᠋ᠨ ᠤᠯᠠᠨ ᠤᠯᠤᠰ ᠤ᠋ᠨ ᠬᠠᠷᠢᠯᠴᠠᠭ᠎ᠠ ᠶ᠋ᠢ ᠲᠦᠯᠬᠢᠨ ᠠᠬᠢᠭᠤᠯᠬᠤ ᠪᠣᠯᠤᠨ᠎ᠠ᠃ ᠣᠳᠣᠬᠠᠨ ᠳ᠋ᠤ᠌ ᠳᠡᠯᠡᠬᠡᠢ ᠳᠡᠭᠡᠷ᠎ᠡ ᠠᠷᠪᠠᠭᠠᠳ ᠤᠯᠤᠰ ᠲᠤ᠌ ᠮᠣᠩᠭᠤᠯ ᠰᠤᠳᠤᠯᠤᠯ ᠤ᠋ᠨ ᠬᠠᠮᠢᠶ᠎ᠠ ᠪᠦᠬᠦᠢ ᠪᠠᠢᠭᠤᠯᠤᠮᠵᠢ ᠪᠠᠢᠳᠠᠭ᠃ ᠡᠨᠡ ᠬᠦ᠌ ᠨᠣᠮ ᠨᠢ ᠲᠡᠳᠡᠨᠦᠰ ᠤ᠋ᠨ ᠭᠠᠷ ᠠᠪᠤᠯᠭ᠎ᠠ ᠶ᠋ᠢᠨ ᠰᠠᠢᠨ ᠨᠣᠮ ᠪᠣᠯᠬᠤ ᠪᠥᠭᠡᠳ ᠲᠥᠷᠦᠯ ᠠᠩᠭᠢᠯᠠᠯ ᠬᠤᠪᠢᠶᠠᠵᠤ᠂ ᠮᠠᠲ᠋ᠧᠷᠢᠶᠠᠯ ᠴᠤᠭᠯᠠᠭᠤᠯᠬᠤ ᠲᠦᠪᠡᠭ ᠠᠰᠠᠭᠤᠳᠠᠯ ᠢ᠋ ᠢᠯᠭᠤᠮ ᠰᠢᠢᠳᠪᠦᠷᠢᠯᠡᠵᠤ ᠥᠭᠬᠦ ᠪᠣᠯᠤᠨ᠎ᠠ᠃

  ᠳᠥᠷᠪᠡ ᠳ᠋ᠤ᠌᠂ ᠮᠣᠩᠭᠤᠯ ᠤᠷᠠᠨ ᠵᠣᠬᠢᠶᠠᠯ ᠤ᠋ᠨ ᠲᠡᠦᠬᠡ ᠶ᠋ᠢᠨ ᠮᠠᠲ᠋ᠧᠷᠢᠶᠠᠯ ᠤ᠋ᠨ ᠴᠣᠭᠴᠠᠯᠠᠯᠲᠠ ᠶ᠋ᠢ ᠲᠦᠯᠬᠢᠨ ᠠᠬᠢᠭᠤᠯᠤᠨ᠎ᠠ᠃ ᠤᠷᠠᠨ ᠵᠣᠬᠢᠶᠠᠯ ᠤ᠋ᠨ ᠪᠦᠲᠦᠭᠡᠯ ᠲᠤᠰ ᠪᠡᠶ᠎ᠡ ᠪᠡᠷ ᠢ᠋ᠶ᠋ᠠᠨ ᠲᠡᠦᠬᠡ ᠶ᠋ᠢᠨ ᠮᠠᠲ᠋ᠧᠷᠢᠶᠠᠯ ᠤ᠋ᠨ ᠨᠢᠭᠡᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠤᠰ ᠨᠣᠮ ᠤ᠋ᠨ ᠬᠡᠪᠯᠡᠭᠳᠡᠭᠰᠡᠨ ᠨᠢ ᠲᠡᠦᠬᠡ ᠶ᠋ᠢᠨ ᠮᠠᠲ᠋ᠧᠷᠢᠶᠠᠯ ᠤ᠋ᠨ ᠰᠢᠨᠵᠢᠯᠡᠭᠡᠨ ᠤ᠋ ᠲᠥᠷᠦᠯ ᠦ᠋ᠨ ᠬᠥᠭᠵᠢᠯᠲᠡ ᠶ᠋ᠢ ᠪᠦᠲᠦᠮᠵᠢᠲᠡᠢ ᠲᠦᠯᠬᠢᠨ ᠠᠬᠢᠭᠤᠯᠬᠤ ᠪᠣᠯᠤᠨ᠎ᠠ᠃

  ᠳᠤᠯᠠᠭᠠᠨ (ᠪᠡᠭᠡᠵᠢᠩ ᠶᠡᠬᠡ ᠰᠤᠷᠭᠠᠭᠤᠯᠢ ᠶ᠋ᠢᠨ ᠳᠣᠷᠤᠨᠠᠳᠠᠬᠢᠨ ᠤ᠋ ᠤᠳᠭ᠎ᠠ ᠵᠣᠬᠢᠶᠠᠯ ᠰᠤᠳᠤᠯᠤᠯ ᠤ᠋ᠨ ᠲᠥᠪ ᠦ᠋ᠨ ᠫᠷᠣᠹᠧᠰᠰᠣᠷ)᠄

  ᠰᠡᠴᠡᠨᠮᠥ᠋ᠩᠬᠡ ᠫᠷᠣᠹᠧᠰᠰᠣᠷ ᠤ᠋ᠨ ᠡᠷᠬᠢᠯᠡᠵᠤ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ ᠤ᠋ᠨ ᠳᠡᠭᠡᠵᠢᠭᠡᠬᠦ ᠴᠤᠪᠤᠷᠠᠯ ᠨᠣᠮ ᠤ᠋ᠨ 20 ᠪᠣᠳᠢ ᠶ᠋ᠢ ᠪᠢ ᠳᠣᠣᠷᠠᠬᠢ ᠭᠤᠷᠪᠠᠨ ᠲᠠᠯ᠎ᠠ ᠠ᠋ᠴᠠ ᠠᠮᠵᠢᠯᠲᠠ ᠲᠠᠢ ᠪᠣᠯᠤᠯ᠎ᠠ ᠭᠡᠵᠤ ᠦᠵᠡᠵᠤ ᠪᠠᠢᠨ᠎ᠠ᠃

  ᠨᠢᠭᠡ ᠳ᠋ᠤ᠌᠂ ᠰᠡᠴᠡᠨᠮᠥ᠋ᠩᠬᠡ ᠫᠷᠣᠹᠧᠰᠰᠣᠷ ᠲᠡᠷᠢᠭᠦᠲᠡᠢ ᠨᠠᠢᠷᠠᠭᠤᠯᠬᠤ ᠺᠣᠮᠢᠰ ᠤ᠋ᠨ ᠬᠢᠨ ᠲᠤᠰ ᠨᠣᠮ ᠢ᠋ ᠨᠠᠢᠷᠠᠭᠤᠯᠬᠤ ᠳ᠋ᠤ᠌ ᠪᠠᠨ ᠮᠣᠩᠭᠤᠯ ᠤᠷᠠᠨ ᠵᠣᠬᠢᠶᠠᠯ ᠤ᠋ᠨ ᠲᠡᠦᠬᠡ᠂ ᠮᠣᠩᠭᠤᠯ ᠤᠷᠠᠨ ᠵᠣᠬᠢᠶᠠᠯ ᠤ᠋ᠨ ᠰᠤᠳᠤᠯᠭᠠᠨ ᠤ᠋ ᠦᠵᠡᠯᠲᠡ ᠪᠠ ᠤᠷᠠᠨ ᠵᠣᠬᠢᠶᠠᠯ ᠰᠤᠳᠤᠯᠭᠠᠨ ᠤ᠋ ᠪᠠᠷᠢᠮᠵᠢᠶ᠎ᠠ ᠪᠡᠷ ᠵᠣᠬᠢᠶᠠᠯ ᠪᠦᠲᠦᠭᠡᠯ ᠢ᠋ ᠰᠣᠩᠭᠤᠭᠰᠠᠨ ᠪᠠᠢᠨ᠎ᠠ᠃ ᠨᠠᠢᠷᠠᠭᠤᠯᠬᠤ ᠺᠣᠮᠢᠰ ᠤ᠋ᠨ ᠡᠷᠳᠡᠮᠲᠡᠳ ᠲᠤᠰ ᠪᠦᠲᠦᠭᠡᠯ ᠦ᠋ᠨ ᠵᠣᠬᠢᠶᠠᠯ ᠢ᠋ ᠰᠣᠩᠭᠤᠵᠤ ᠨᠠᠢᠷᠠᠭᠤᠯᠬᠤ ᠳ᠋ᠤ᠌ ᠪᠠᠨ ᠵᠢᠷᠠᠭᠠᠳ ᠵᠢᠯ ᠤ᠋ᠨ ᠲᠤᠷᠰᠢᠲᠠ ᠬᠡᠪᠯᠡᠭᠳᠡᠵᠤ ᠭᠠᠷᠤᠭᠰᠠᠨ ᠮᠣᠩᠭᠤᠯ ᠤᠷᠠᠨ ᠵᠣᠬᠢᠶᠠᠯ ᠤ᠋ᠨ ᠲᠡᠦᠬᠡ᠂ ᠠᠷᠠᠳ ᠤ᠋ᠨ ᠠᠮᠠᠨ ᠵᠣᠬᠢᠶᠠᠯ ᠤ᠋ᠨ ᠲᠡᠤᠬᠡ᠂ ᠪᠢᠴᠢᠭ ᠤ᠋ᠨ ᠤᠷᠠᠨ ᠵᠣᠬᠢᠶᠠᠯ ᠤ᠋ᠨ ᠣᠨᠤᠯ ᠪᠣᠯᠤᠨ ᠤᠬᠠᠭᠳᠠᠬᠤᠨ ᠢ᠋ ᠰᠠᠢᠬᠠᠨ ᠡᠵᠡᠮᠰᠢᠵᠤ᠂ ᠤᠷᠠᠨ ᠵᠣᠬᠢᠶᠠᠯ ᠰᠤᠳᠤᠯᠭᠠᠨ ᠤ᠋ ᠰᠢᠨᠵᠢᠯᠡᠬᠦ ᠤᠬᠠᠭᠠᠨᠴᠢ ᠪᠠᠷᠢᠮᠵᠢᠶ᠎ᠠ ᠪᠠᠷᠳᠡᠭᠡᠵᠢᠪᠣᠯᠬᠤᠢᠴᠠ ᠪᠦᠲᠦᠭᠡᠯ ᠦ᠋ᠳ ᠢ᠋ ᠰᠣᠩᠭᠤᠭᠰᠠᠨ ᠪᠠᠢᠨ᠎ᠠ᠃

  ᠬᠤᠶᠠᠷ ᠲᠤ᠌᠂ ᠳᠤᠮᠳᠠᠳᠤ ᠤᠯᠤᠰ ᠤ᠋ᠨ ᠮᠣᠩᠭᠤᠯ ᠤᠷᠠᠨ ᠵᠣᠬᠢᠶᠠᠯ ᠤ᠋ᠨ ᠠᠮᠵᠢᠯᠲᠠ᠂ ᠣᠨᠴᠠᠭᠠᠢᠯᠠᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ᠋ ᠳᠠᠷᠠᠭᠠᠬᠢ ᠮᠣᠩᠭᠤᠯ ᠦᠨᠳᠦᠰᠦᠲᠡᠨ ᠤ᠋ ᠤᠷᠠᠨ ᠵᠣᠬᠢᠶᠠᠯ ᠤ᠋ᠨ ᠨᠡᠩ ᠥᠨᠳᠦᠷ ᠠᠮᠵᠢᠯᠲᠠ ᠶ᠋ᠢ ᠲᠤᠰᠭᠠᠭᠰᠠᠨ ᠪᠠᠢᠨ᠎ᠠ᠃ 20 ᠪᠣᠳᠢ ᠨᠣᠮ ᠳ᠋ᠤ᠌ ᠣᠷᠤᠭᠰᠠᠨ ᠪᠦᠲᠦᠭᠡᠯ ᠦ᠋ᠳ ᠢ᠋ ᠦᠵᠡᠪᠡᠯ᠂ ᠤᠯᠤᠰ ᠪᠠᠢᠭᠤᠯᠤᠭᠳᠠᠭᠰᠠᠨ ᠠ᠋ᠴᠠ ᠨᠠᠭᠠᠰᠢᠬᠢ ᠣᠳᠣ ᠦᠶ᠎ᠡ ᠶ᠋ᠢᠨ ᠤᠷᠠᠨ ᠵᠣᠬᠢᠶᠠᠯ ᠨᠡᠩ ᠶᠡᠬᠡ ᠬᠤᠪᠢ ᠶ᠋ᠢᠨ ᠵᠢᠩ ᠢ᠋ ᠡᠵᠡᠯᠡᠭᠰᠡᠨ ᠪᠠᠢᠨ᠎ᠠ᠃ ᠡᠨᠡ ᠨᠢ ᠣᠳᠣ ᠦᠶ᠎ᠡ ᠶ᠋ᠢᠨ ᠤᠷᠠᠨ ᠵᠣᠬᠢᠶᠠᠯ ᠨᠢ ᠪᠦᠲᠦᠭᠡᠯ ᠦ᠋ᠨ ᠲᠠᠯ᠎ᠠ ᠪᠠᠷ᠂ ᠠᠭᠤᠯᠭ᠎ᠠ ᠶ᠋ᠢᠨ ᠲᠠᠯ᠎ᠠ ᠪᠠᠷ ᠨᠡᠩ ᠥᠨᠳᠦᠷ ᠠᠮᠵᠢᠯᠲᠠ ᠣᠯᠤᠯ᠎ᠠ ᠭᠡᠳᠡᠭ ᠢ᠋ ᠬᠠᠷᠠᠭᠤᠯᠵᠤ ᠪᠠᠢᠨ᠎ᠠ᠃

  ᠭᠤᠷᠪᠠ ᠳ᠋ᠤ᠌᠂ ᠮᠣᠩᠭᠤᠯ ᠦᠨᠳᠦᠰᠦᠲᠡᠨ ᠤ᠋ ᠤᠷᠠᠨ ᠵᠣᠬᠢᠶᠠᠯ ᠤ᠋ᠨ ᠲᠡᠦᠬᠡ ᠶ᠋ᠢ ᠰᠢᠨ᠎ᠡ ᠪᠠᠢᠳᠠᠯ ᠳᠣᠣᠷ᠎ᠠ ᠨᠡᠮᠡᠵᠤ ᠪᠢᠴᠢᠬᠦ᠂ ᠵᠠᠰᠠᠵᠤ ᠪᠢᠴᠢᠬᠦ᠂ ᠲᠡᠭᠦᠯᠳᠡᠷᠵᠢᠭᠦᠯᠬᠦ᠂ ᠳᠠᠬᠢᠵᠤ ᠪᠢᠴᠢᠬᠦ ᠳ᠋ᠤ᠌ ᠡᠯᠪᠡᠭ ᠪᠠᠶᠠᠯᠢᠭ ᠮᠠᠲ᠋ᠧᠷᠢᠶᠠᠯ ᠬᠠᠩᠭᠠᠭᠰᠠᠨ ᠪᠠᠢᠨ᠎ᠠ᠃ ᠶᠡᠷᠦᠩᠬᠡᠢᠯᠡᠭᠡᠳ ᠬᠡᠯᠡᠪᠡᠯ᠂ ᠲᠤᠰ ᠨᠣᠮ ᠨᠢ ᠤᠩᠰᠢᠭᠴᠢᠳ᠂ ᠮᠣᠩᠭᠤᠯ ᠤᠷᠠᠨ ᠵᠣᠬᠢᠶᠠᠯ ᠤ᠋ᠨ ᠰᠤᠳᠤᠯᠭᠠᠨ ᠤ᠋ ᠡᠷᠳᠡᠮᠳᠡᠳ ᠲᠤ᠌ ᠮᠠᠰᠢ ᠶᠡᠬᠡ ᠣᠶᠤᠨ ᠤ᠋ ᠥᠪ ᠬᠥᠷᠦᠩᠭᠡ ᠶ᠋ᠢ ᠪᠦᠳᠦᠭᠡᠵᠤ ᠥᠭᠭᠦᠯ᠎ᠡ ᠭᠡᠵᠤ ᠪᠣᠳᠤᠵᠤ ᠪᠠᠢᠨ᠎ᠠ᠃

  ᠵᠢᠨ ᠬᠠᠢ (ᠥᠪᠦᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠦ᠋ᠨ ᠳᠡᠳ᠋ ᠳᠠᠷᠤᠭ᠎ᠠ)᠄

  ᠰᠡᠴᠡᠨᠮᠥ᠋ᠩᠬᠡ ᠫᠷᠣᠹᠧᠰᠰᠣᠷ ᠤ᠋ᠨ ᠭᠣᠣᠯᠯᠠᠨ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ ᠤ᠋ᠨ ᠳᠡᠭᠡᠵᠢᠶ᠋ᠢ ᠤᠷᠪᠠᠭᠤᠯᠤᠨ ᠦᠵᠡᠭᠰᠡᠨ ᠤ᠋ ᠳᠠᠷᠠᠭ᠎ᠠ ᠳᠣᠣᠷᠠᠬᠢ ᠬᠡᠳᠦᠨ ᠰᠡᠳᠭᠢᠭᠳᠡᠯ ᠲᠠᠢ᠄

  ᠨᠢᠭᠡ ᠳ᠋ᠤ᠌᠂ ᠬᠦᠷᠢᠶ᠎ᠠ ᠬᠡᠪᠴᠢᠶ᠎ᠠ ᠪᠠᠷ ᠶᠡᠬᠡ᠃ ᠲᠤᠰ ᠨᠣᠮ ᠨᠢ ᠬᠦᠷᠢᠶ᠎ᠡ ᠬᠡᠪᠴᠢᠶ᠎ᠡ᠂ ᠠᠭᠤᠯᠭ᠎ᠠ᠂ ᠡᠰᠡᠭᠦᠯ᠎ᠡ ᠰᠢᠰᠲ᠋ᠸᠮᠲᠤ ᠴᠢᠨᠠᠷ ᠤ᠋ᠨ ᠲᠠᠯ᠎ᠠ ᠪᠡᠷ ᠪᠦᠷ ᠤᠤᠯ ᠤ᠋ᠨ ᠶᠠᠮᠠᠷᠪᠠ ᠪᠦᠳᠦᠬᠡᠯ ᠡᠴᠡ ᠳᠠᠪᠠᠭᠰᠠᠨ ᠪᠠᠢᠨ᠎ᠠ᠃

  ᠬᠤᠶᠠᠷ ᠲᠤ᠌᠂ ᠠᠭᠤᠯᠭ᠎ᠠ ᠪᠡᠷ ᠪᠦᠷᠢᠨ ᠪᠦᠲᠦᠨ᠃ ᠴᠠᠭ ᠬᠤᠭᠤᠴᠠᠭᠠᠨ ᠤ᠋ ᠲᠠᠯ᠎ᠠ ᠪᠠᠷ ᠮᠣᠩᠭᠤᠯ ᠤᠷᠠᠨ ᠵᠣᠬᠢᠶᠠᠯ ᠤ᠋ᠨ ᠲᠡᠦᠬᠡᠨ ᠬᠦᠭᠵᠢᠯᠲᠠ ᠶ᠋ᠢ ᠬᠠᠷᠠᠭᠤᠯᠵᠤ᠂ ᠠᠳᠠᠯᠢ ᠪᠤᠰᠤ ᠲᠡᠦᠬᠡᠨ ᠴᠠᠭ ᠦᠶ᠎ᠡ ᠶ᠋ᠢᠨ ᠪᠦᠲᠦᠭᠡᠯ ᠢ᠋ ᠬᠠᠮᠤᠷᠤᠭᠰᠠᠨ ᠪᠠᠢᠨ᠎ᠠ᠃ ᠣᠷᠤᠨ ᠵᠠᠢ ᠶ᠋ᠢᠨ ᠲᠠᠯ᠎ᠠ ᠪᠠᠷ ᠮᠣᠩᠭᠤᠯ ᠤᠷᠠᠨ ᠵᠣᠬᠢᠶᠠᠯ ᠤ᠋ᠨ ᠵᠣᠬᠢᠶᠠᠨ ᠪᠦᠲᠦᠭᠡᠯᠭᠡ ᠪᠠ ᠳᠠᠮᠵᠢᠭᠤᠯᠭ᠎ᠠ ᠶ᠋ᠢᠨ ᠪᠦᠬᠦᠢᠯᠡ ᠣᠷᠤᠨ ᠪᠦᠰᠡ ᠶ᠋ᠢ ᠬᠠᠮᠤᠷᠴᠠᠢ᠂ ᠣᠨᠴᠠᠭᠠᠢᠯᠠᠨ ᠠᠷᠠᠳ ᠤ᠋ᠨ ᠤᠳᠭ᠎ᠠ ᠵᠣᠬᠢᠶᠠᠯ ᠤ᠋ᠨ ᠪᠦᠲᠦᠭᠡᠯ ᠢ᠋ ᠰᠤᠩᠭᠤᠬᠤ ᠳ᠋ᠤ᠌ ᠪᠠᠨ ᠳᠤᠮᠳᠠᠳᠤ ᠮᠣᠩᠭᠤᠯ᠂ ᠣᠷᠤᠰ ᠵᠡᠷᠭᠡ ᠳᠡᠯᠡᠬᠡᠢ ᠶ᠋ᠢᠨ ᠬᠡᠪᠴᠢᠶᠡᠨ ᠳ᠋ᠡᠬᠢ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠢ᠋ ᠪᠠᠭᠲᠠᠭᠠᠭᠰᠠᠨ ᠪᠠᠢᠨ᠎ᠠ᠃

  ᠭᠤᠷᠪᠠ ᠳ᠋ᠤ᠌᠂ ᠤᠷᠠᠨ ᠵᠣᠬᠢᠶᠠᠯ ᠤ᠋ᠨ ᠲᠡᠦᠬᠡ ᠶ᠋ᠢᠨ ᠤᠬᠠᠮᠰᠠᠷ ᠴᠢᠩᠭ᠎ᠠ᠃ ᠲᠤᠰ ᠨᠣᠮ ᠨᠢ ᠰᠲ᠋ᠢᠯᠢ ᠪᠦᠷᠢ ᠶ᠋ᠢᠨ ᠠᠳᠠᠯᠢ ᠪᠤᠰᠤ ᠲᠡᠦᠬᠡᠨ ᠱᠠᠲᠤ ᠦᠶ᠎ᠡ ᠳ᠋ᠡᠬᠢ ᠲᠥᠯᠦᠭᠡᠯᠡᠬᠦ ᠴᠢᠨᠠᠷ ᠲᠠᠢ ᠪᠦᠲᠦᠭᠡᠯ ᠢ᠋ ᠰᠣᠩᠭᠤᠨ ᠣᠷᠤᠭᠤᠯᠬᠤ ᠶ᠋ᠢ ᠣᠨᠴᠠᠭᠠᠢᠯᠠᠨ ᠠᠩᠬᠠᠷᠤᠭᠰᠠᠨ ᠪᠠᠢᠨ᠎ᠠ᠃

  ᠳᠥᠷᠪᠡ ᠳ᠋ᠤ᠌᠂ ᠰᠣᠩᠭᠤᠨ ᠨᠠᠢᠷᠠᠭᠤᠯᠬᠤ ᠵᠣᠷᠢᠯᠲᠠ᠂ ᠵᠠᠷᠴᠢᠮ᠂ ᠪᠠᠷᠢᠮᠵᠢᠶ᠎ᠠ ᠨᠢ ᠪᠤᠲᠠᠲᠠᠢ ᠲᠠᠢ ᠨᠡᠢᠴᠡᠪᠡ᠃

  ᠭᠡᠪᠡᠴᠦ ᠲᠤᠰ ᠴᠤᠪᠤᠷᠠᠯ ᠨᠣᠮ ᠨᠢ ᠪᠠᠰᠠ ᠵᠠᠷᠢᠮ ᠲᠠᠯ᠎ᠠ ᠪᠠᠷ ᠵᠢᠭᠠᠬᠠᠨ ᠬᠠᠷᠠᠮᠰᠠᠯ ᠦᠯᠡᠳᠡᠭᠰᠡᠨ ᠪᠠᠢᠨ᠎ᠠ᠃

  ᠨᠢᠭᠡ ᠳ᠋ᠤ᠌᠂ ᠴᠤᠪᠤᠷᠠᠯ ᠨᠣᠮ ᠤ᠋ᠨ ᠨᠡᠷ᠎ᠡ ᠪᠠ ᠠᠭᠤᠯᠭ᠎ᠠ ᠪᠦᠷᠢᠮᠦᠰᠦᠨ ᠶᠠᠪ ᠴᠠᠪ ᠲᠣᠬᠢᠷᠠᠭᠰᠠᠨ ᠦᠭᠡᠢ᠃ ᠮᠣᠩᠭᠤᠯ ᠤᠷᠠᠨ ᠵᠣᠬᠢᠶᠠᠯ ᠤ᠋ᠨ ᠪᠦᠷᠢᠯᠳᠦᠴᠡ ᠮᠠᠰᠢ ᠪᠤᠳᠤᠯᠢᠶᠠᠨᠲᠠᠢ ᠪᠠᠢᠳᠠᠭ᠂ ᠡᠬᠡ ᠬᠡᠯᠡᠨ ᠤ᠋ ᠤᠷᠠᠨ ᠵᠣᠬᠢᠶᠠᠯ ᠠ᠋ᠴᠠ ᠭᠠᠳᠠᠨ᠎ᠠ ᠪᠠᠰᠠ ᠡᠷᠲᠡ ᠦᠶ᠎ᠡ ᠶ᠋ᠢᠨ ᠬᠢᠲᠠᠳ ᠬᠡᠯᠡ᠂ ᠲᠥᠪᠡᠳ ᠬᠡᠯᠡ ᠪᠠ ᠰᠡᠭᠦᠯᠴᠢ ᠶ᠋ᠢᠨ ᠦᠶ᠎ᠡ ᠶ᠋ᠢᠨ ᠣᠷᠤᠰ᠂ ᠶᠠᠫᠤᠨ᠂ ᠠᠩᠭ᠌ᠯᠢ ᠬᠡᠯᠡᠨ ᠤ᠋ ᠪᠦᠲᠦᠭᠡᠯ ᠢ᠋ ᠪᠠᠭᠲᠠᠭᠠᠨ᠎ᠠ᠃ ᠭᠣᠣᠯ ᠨᠠᠢᠷᠠᠭᠤᠯᠤᠭᠴᠢ ᠡᠮᠦᠨᠡᠬᠢ ᠦᠭᠡ ᠳ᠋ᠤ᠌ ᠪᠠᠨ ᠵᠦᠢᠯ ᠵᠦᠢᠯ ᠦ᠋ᠨ ᠰᠢᠯᠲᠠᠭᠠᠨ ᠠ᠋ᠴᠠ ᠡᠬᠡ ᠬᠡᠯᠡᠨ ᠤ᠋ ᠪᠤᠰᠤ ᠪᠦᠲᠦᠭᠡᠯ ᠢ᠋ ᠣᠷᠤᠭᠤᠯᠤᠭᠰᠠᠨ ᠦᠭᠡᠢ ᠬᠡᠰᠡᠨ ᠪᠤᠯᠪᠠᠴᠦ ᠲᠤᠰ ᠴᠤᠪᠤᠷᠠᠯ ᠨᠣᠮ ᠢ᠋ ᠬᠠᠷᠢᠨᠮᠣᠩᠭᠤᠯ ᠤᠷᠠᠨ ᠵᠣᠬᠢᠶᠠᠯ ᠤ᠋ᠨ ᠳᠡᠭᠡᠵᠢᠭᠡᠵᠤ ᠭᠠᠷᠴᠠᠭᠯᠠᠭᠰᠠᠨ ᠪᠠᠢᠨ᠎ᠠ᠃ ᠠᠭᠤᠯᠭ᠎ᠠ ᠶ᠋ᠢ ᠨᠢ ᠦᠨᠳᠦᠰᠦᠯᠡᠪᠡᠯ ᠲᠤᠰ ᠨᠣᠮ ᠢ᠋ᠮᠣᠩᠭᠤᠯ ᠬᠡᠯᠡᠨ ᠤ᠋ ᠤᠷᠠᠨ ᠵᠣᠬᠢᠶᠠᠯ ᠤ᠋ᠨ ᠳᠡᠭᠡᠵᠢᠭᠡᠪᠡᠯ ᠵᠣᠬᠢᠰᠲᠠᠢ ᠰᠢᠭ᠋᠃

  ᠬᠤᠶᠠᠷ ᠲᠤ᠌᠂ ᠠᠭᠤᠯᠭ᠎ᠠ ᠶ᠋ᠢᠨ ᠲᠠᠯ᠎ᠠ ᠪᠠᠷ ᠵᠢᠭᠠᠬᠠᠨ ᠬᠠᠷᠠᠮᠰᠠᠯ ᠲᠠᠢ᠃ ᠵᠢᠱ᠌ᠢᠶᠡᠯᠡᠪᠡᠯ᠄ ᠥᠭᠦᠯᠡᠯᠭᠡ ᠶ᠋ᠢᠨ ᠬᠡᠰᠡᠭ ᠲᠤ᠌ᠮᠣᠩᠭᠤᠯ ᠤ᠋ᠨ ᠨᠢᠭᠤᠴᠠ ᠲᠣᠪᠴᠢᠶᠠᠨᠪᠠᠬᠠᠮᠠᠷ ᠯᠣᠳᠤᠨᠵᠡᠷᠭᠡ ᠨᠥᠯᠦᠭᠡ ᠶᠡᠬᠡᠲᠡᠢ ᠪᠦᠲᠦᠭᠡᠯ ᠢ᠋ ᠣᠷᠤᠭᠤᠯᠤᠭᠰᠠᠨ ᠦᠭᠡᠢ᠃

  ᠭᠤᠷᠪᠠ ᠳ᠋ᠤ᠌᠂ ᠨᠠᠢᠷᠠᠭᠤᠯᠵᠤ ᠪᠠᠷᠯᠠᠭᠰᠠᠨ ᠲᠠᠯ᠎ᠠ ᠪᠠᠷ ᠵᠢᠭᠠᠬᠠᠨ ᠬᠠᠷᠠᠮᠰᠠᠯ ᠲᠠᠢ᠃ ᠨᠠᠢᠷᠠᠭᠤᠯᠤᠯ ᠢ᠋ ᠵᠦᠢᠷ ᠰᠡᠴᠡᠨ ᠦᠭᠡ᠂ ᠣᠨᠢᠰᠤᠭ᠎ᠠ ᠳᠠᠭᠠᠪᠦᠷᠢ᠂ ᠠᠷᠠᠳ ᠤ᠋ᠨ ᠳᠠᠭᠤᠤ ᠶ᠋ᠢᠨ ᠦᠭᠡ ᠶ᠋ᠢᠨ ᠬᠣᠢᠨ᠎ᠠ ᠣᠷᠤᠭᠤᠯᠤᠭᠰᠠᠨ ᠪᠠᠢᠨ᠎ᠠ᠃ ᠭᠡᠪᠡᠴᠤ ᠰᠲ᠋ᠢᠯᠢ ᠶ᠋ᠢᠨ ᠲᠣᠮᠤ ᠠᠩᠭᠢᠯᠠᠯ ᠠ᠋ᠴᠠ ᠠᠪᠴᠤ ᠬᠡᠯᠡᠪᠡᠯ ᠨᠠᠢᠷᠠᠭᠤᠯᠤᠯ ᠨᠢ ᠪᠢᠴᠢᠭ ᠤ᠋ᠨ ᠤᠷᠠᠨ ᠵᠣᠬᠢᠶᠠᠯ ᠳ᠋ᠤ᠌ ᠪᠠᠭᠲᠠᠵᠤ ᠪᠠᠢᠨ᠎ᠠ᠃ ᠡᠢᠮᠦ ᠡᠴᠡ ᠲᠡᠭᠦᠨ ᠢ᠋ ᠥᠭᠦᠯᠡᠯᠭᠡ ᠶ᠋ᠢᠨ ᠬᠣᠢᠨ᠎ᠠ ᠣᠷᠤᠭᠤᠯᠪᠠᠯ ᠵᠣᠬᠢᠰᠲᠠᠢ ᠰᠢᠭ᠋᠃

  ᠰᠡᠴᠡᠨᠪᠠᠲᠤ (ᠳᠤᠮᠳᠠᠳᠤ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠠᠺᠠᠲᠧᠮᠢ ᠶ᠋ᠢᠨ ᠦᠨᠳᠦᠰᠦᠲᠡᠨ ᠤ᠋ ᠤᠳᠭ᠎ᠠ ᠵᠣᠬᠢᠶᠠᠯ ᠰᠤᠳᠤᠯᠬᠤ ᠬᠦᠷᠢᠶᠡᠯᠡᠩ ᠦ᠋ᠨ ᠮᠣᠩᠭᠤᠯ ᠤᠳᠭ᠎ᠠ ᠵᠣᠬᠢᠶᠠᠯ ᠰᠤᠳᠤᠯᠬᠤ ᠰᠠᠯᠪᠦᠷᠢ ᠶ᠋ᠢᠨ ᠡᠷᠬᠢᠯᠡᠭᠴᠢ)᠄

  《ᠮᠣᠩᠭᠤᠯ ᠤᠷᠠᠨ ᠵᠣᠬᠢᠶᠠᠯ ᠤ᠋ᠨ ᠳᠡᠭᠡᠵᠢᠨᠢ ᠮᠣᠩᠭᠤᠯ ᠤᠷᠠᠨ ᠵᠣᠬᠢᠶᠠᠯ ᠤ᠋ᠨ ᠲᠤᠬᠠᠢ ᠦᠵᠡᠯᠲᠡ ᠲᠠᠨᠢᠯᠲᠠ᠂ ᠮᠣᠩᠭᠤᠯ ᠤᠷᠠᠨ ᠵᠣᠬᠢᠶᠠᠯ ᠤ᠋ᠨ ᠰᠤᠳᠤᠯᠤᠯ ᠤ᠋ᠨ ᠠᠳᠠᠯᠢ ᠪᠤᠰᠤ ᠦᠶ᠎ᠡ ᠱᠠᠲᠤ ᠶ᠋ᠢᠨ ᠳᠦᠷᠬᠦ ᠪᠠᠢᠳᠠᠯ᠂ ᠮᠣᠩᠭᠤᠯ ᠤᠷᠠᠨ ᠵᠣᠬᠢᠶᠠᠯ ᠤ᠋ᠨ ᠰᠤᠳᠤᠯᠤᠯ ᠤ᠋ᠨ ᠡᠬᠡ ᠬᠡᠷᠡᠭᠯᠡᠭᠳᠡᠬᠦᠨ ᠢ᠋ ᠠᠭᠤᠳᠠᠯᠤᠨ ᠢᠯᠡᠷᠡᠬᠦᠯᠵᠤ᠂ ᠤᠯᠠᠨ ᠤ᠋ ᠬᠦᠷᠳᠡᠰ ᠪᠣᠯᠭᠠᠨ ᠰᠤᠳᠤᠯᠤᠯ ᠤ᠋ᠨ ᠬᠦᠷᠢᠶᠡᠨ᠎ᠡ ᠣᠷᠤᠭᠤᠯᠵᠤ ᠢᠷᠡᠭᠰᠡᠨ ᠲᠡᠦᠬᠡᠨ ᠬᠥᠭᠵᠢᠯᠲᠡ ᠶ᠋ᠢᠨ ᠪᠠᠢᠳᠠᠯ ᠤ᠋ᠨ ᠶᠡᠷᠦᠩᠬᠡᠢ ᠲᠥᠯᠦᠪ ᠢ᠋ ᠬᠠᠷᠠᠭᠤᠯᠤᠭᠰᠠᠨ ᠶᠤᠮ᠃ ᠡᠢᠮᠦ ᠨᠢᠭᠡᠨ ᠬᠥᠭᠵᠢᠯ ᠦ᠋ᠨ ᠦᠶ᠎ᠡ ᠱᠠᠲᠤ ᠳᠣᠲᠤᠷ᠎ᠠ ᠰᠡᠴᠡᠨᠮᠥ᠋ᠩᠬᠡ ᠫᠷᠣᠹᠧᠰᠰᠣᠷ ᠤ᠋ᠨ ᠭᠣᠣᠯᠯᠠᠨ ᠨᠠᠢᠷᠠᠭᠤᠯᠤᠭᠰᠠᠨᠮᠣᠩᠭᠤᠯ ᠤᠷᠠᠨ ᠵᠣᠬᠢᠶᠠᠯ ᠤ᠋ᠨ ᠳᠡᠭᠡᠵᠢᠶ᠋ᠢ ᠲᠠᠯᠪᠢᠵᠤ ᠬᠠᠷᠢᠴᠠᠭᠤᠯᠵᠤ ᠦᠵᠡᠪᠡᠯ ᠲᠡᠭᠦᠨ ᠤ᠋ ᠣᠨᠴᠠᠯᠢᠭ ᠰᠢᠨᠵᠢ ᠠᠴᠢ ᠬᠣᠯᠪᠤᠭᠳᠠᠯ ᠪᠠᠢᠷᠢ ᠰᠠᠭᠤᠷᠢ ᠨᠢ ᠲᠤᠲᠤᠷᠬᠠᠢ ᠪᠣᠯᠤᠨ᠎ᠠ᠃ ᠣᠨᠴᠠᠯᠢᠭ ᠢ᠋ ᠨᠢ ᠭᠣᠣᠯᠳᠠᠭᠤ ᠳᠥᠷᠪᠡᠨ ᠲᠠᠯ᠎ᠠ ᠪᠠᠷ ᠬᠤᠷᠢᠶᠠᠩᠭᠤᠢᠯᠠᠵᠤ ᠪᠣᠯᠤᠨ᠎ᠠ᠃

  1. ᠨᠡᠢᠲᠡ ᠮᠣᠩᠭᠤᠯ ᠤ᠋ᠨ ᠵᠢᠩᠬᠢᠨᠢ ᠤᠷᠠᠨ ᠵᠣᠬᠢᠶᠠᠯ ᠤ᠋ᠨ ᠪᠦᠬᠦᠢᠯᠡ ᠲᠥᠷᠦᠯ ᠵᠦᠢᠯ ᠢ᠋ ᠬᠠᠮᠤᠷᠤᠭᠰᠠᠨ ᠪᠠ ᠲᠥᠷᠦᠯ ᠵᠦᠢᠯ ᠢ᠋ᠶ᠋ᠡᠷ ᠨᠢ ᠴᠡᠭᠴᠡᠯᠡᠨ ᠦᠵᠡᠭᠦᠯᠦᠭᠰᠡᠨ ᠠᠪᠤᠷᠭᠤ ᠪᠦᠲᠦᠭᠡᠯ ᠪᠣᠯᠵᠠᠢ᠃ 26 ᠲᠣᠮᠤ ᠲᠥᠷᠦᠯ ᠠᠩᠭᠢᠯᠠᠯ ᠠ᠋ᠴᠠ 1000 ᠭᠠᠷᠤᠢ ᠵᠣᠬᠢᠶᠠᠯ ᠢ᠋ ᠰᠣᠩᠭᠤᠨ ᠣᠷᠤᠭᠤᠯᠤᠭᠰᠠᠨ ᠨᠢ ᠵᠠᠭᠤᠨ ᠪᠢᠯᠢᠭ ᠠ᠋ᠴᠠ ᠬᠡᠮᠵᠢᠶ᠎ᠡ ᠪᠡᠷ ᠨᠡᠩ ᠥᠷᠭᠡᠨ᠂ ᠠᠭᠤᠯᠭ᠎ᠠ ᠪᠠᠭᠲᠠᠭᠠᠮᠵᠢ ᠪᠠᠷ ᠨᠡᠩ ᠶᠡᠬᠡ ᠪᠣᠯᠤᠭᠰᠠᠨ ᠶᠤᠮ᠃

  2.ᠮᠣᠩᠭᠤᠯ ᠤᠷᠠᠨ ᠵᠣᠬᠢᠶᠠᠯ ᠤ᠋ᠨ ᠳᠡᠭᠡᠵᠢᠨᠢ ᠳᠤᠮᠳᠠᠳᠤ ᠤᠯᠤᠰ ᠤ᠋ᠨ ᠮᠣᠩᠭᠤᠯ ᠤᠷᠠᠨ ᠵᠣᠬᠢᠶᠠᠯ ᠤ᠋ᠨ ᠪᠠᠢᠳᠠᠯ᠂ ᠢᠯᠠᠩᠭᠤᠶ᠎ᠠ ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ ᠠ᠋ᠴᠠ ᠨᠠᠭᠠᠰᠢᠬᠢ ᠳᠤᠮᠳᠠᠳᠤ ᠤᠯᠤᠰ ᠤ᠋ᠨ ᠮᠣᠩᠭᠤᠯ ᠤᠷᠠᠨ ᠵᠣᠬᠢᠶᠠᠯ ᠤ᠋ᠨ ᠬᠥᠭᠵᠢᠯ ᠦ᠋ᠨ ᠳᠦᠷᠢ ᠲᠥᠯᠦᠪ ᠢ᠋ ᠭᠦᠢᠴᠡᠳ ᠬᠠᠷᠠᠭᠤᠯᠤᠭᠰᠠᠨ ᠤᠴᠢᠷ ᠠ᠋ᠴᠠ ᠣᠨᠴᠠᠯᠢᠭ ᠲᠠᠢ ᠪᠣᠯᠵᠤ ᠪᠠᠢᠨ᠎ᠠ᠃

  3. ᠪᠢᠴᠢᠭ ᠤ᠋ᠨ ᠤᠷᠠᠨ ᠵᠣᠬᠢᠶᠠᠯ ᠪᠣᠯᠤᠨ ᠠᠮᠠᠨ ᠵᠣᠬᠢᠶᠠᠯ ᠤ᠋ᠨ ᠪᠦᠲᠦᠭᠡᠯ ᠦ᠋ᠳ ᠢ᠋ ᠠᠳᠠᠯᠢ ᠬᠡᠮᠵᠢᠶ᠎ᠡ ᠪᠠᠷ ᠣᠷᠤᠭᠤᠯᠤᠭᠰᠠᠨ ᠪᠠᠢᠨ᠎ᠠ᠃

  4. ᠡᠨᠡ ᠬᠦ᠌ ᠪᠦᠲᠦᠭᠡᠯ ᠨᠢ ᠤᠷᠢᠳᠤᠬᠢ ᠠᠳᠠᠯᠢ ᠪᠤᠰᠤ ᠤᠯᠤᠰ ᠣᠷᠤᠨ᠂ ᠠᠳᠠᠯᠢ ᠪᠤᠰᠤ ᠴᠠᠭ ᠦᠶ᠎ᠡ ᠳ᠋ᠤ᠌ ᠬᠡᠪᠯᠡᠭᠳᠡᠨ ᠨᠡᠢᠳᠡᠯᠡᠭᠳᠡᠭᠰᠡᠨ ᠵᠣᠬᠢᠶᠠᠯ ᠢ᠋ ᠲᠡᠭᠦᠪᠦᠷᠢᠯᠡᠨ ᠠᠪᠴᠦ ᠨᠢᠭᠡᠳᠭᠡᠨ ᠬᠡᠪᠯᠡᠭᠰᠡᠨ ᠢ᠋ᠶ᠋ᠡᠷ ᠢ᠋ᠶ᠋ᠡᠨ ᠣᠨᠴᠠᠯᠢᠭ ᠲᠠᠢ ᠶᠤᠮ᠃

  《ᠮᠣᠩᠭᠤᠯ ᠤᠷᠠᠨ ᠵᠣᠬᠢᠶᠠᠯ ᠤ᠋ᠨ ᠳᠡᠭᠡᠵᠢᠶ᠋ᠢᠨ ᠬᠡᠪᠯᠡᠭᠳᠡᠭᠰᠡᠨ ᠨᠢ ᠮᠠᠰᠢ ᠴᠢᠬᠤᠯᠠ ᠠᠴᠢ ᠬᠣᠯᠪᠤᠭᠳᠠᠯ ᠲᠠᠢ᠃

  1. ᠮᠣᠩᠭᠤᠯ ᠤᠷᠠᠨ ᠵᠣᠬᠢᠶᠠᠯ ᠤ᠋ᠨ ᠰᠤᠳᠤᠯᠤᠯ ᠢ᠋ ᠬᠥᠭᠵᠢᠭᠦᠯᠦᠨ ᠠᠬᠢᠭᠤᠯᠬᠤ ᠦᠢᠯᠡᠳᠦᠯ ᠠᠴᠢ ᠬᠣᠯᠪᠤᠭᠳᠠᠯ ᠲᠠᠢ ᠪᠠᠢᠳᠠᠭ᠃ᠮᠣᠩᠭᠤᠯ ᠤᠷᠠᠨ ᠵᠣᠬᠢᠶᠠᠯ ᠤ᠋ᠨ ᠳᠡᠭᠡᠵᠢᠨᠢ ᠰᠢᠨ᠎ᠡ ᠴᠠᠭ ᠦᠶ᠎ᠡ ᠰᠢᠨ᠎ᠡ ᠬᠥᠭᠵᠢᠯ ᠦ᠋ᠨ ᠲᠦᠪᠰᠢᠨ ᠳᠡᠭᠡᠷ᠎ᠡ ᠮᠣᠩᠭᠤᠯ ᠤᠷᠠᠨ ᠵᠣᠬᠢᠶᠠᠯ ᠰᠤᠳᠤᠯᠤᠯ ᠢ᠋ ᠤᠯᠠᠨ ᠥᠨᠳᠦᠷ ᠱᠠᠲᠤᠨ ᠳ᠋ᠤ᠌ ᠲᠦᠯᠬᠢᠨ ᠠᠬᠢᠭᠤᠯᠬᠤ ᠪᠣᠯᠤᠨ᠎ᠠ᠃

  2. ᠲᠤᠰ ᠪᠦᠲᠦᠭᠡᠯ ᠨᠢ ᠲᠤᠮᠳᠠᠳᠤ ᠤᠯᠤᠰ ᠲᠤ᠌ ᠮᠣᠩᠭᠤᠯ ᠤᠷᠠᠨ ᠵᠣᠬᠢᠶᠠᠯ ᠤ᠋ᠨ ᠡᠷᠲᠡᠨ ᠡᠳᠦᠭᠡ ᠳᠤᠲᠤᠭᠠᠲᠤ ᠭᠠᠳᠠᠭᠠᠲᠤ ᠶ᠋ᠢᠨ ᠬᠥᠭᠵᠢᠯ ᠦ᠋ᠨ ᠲᠡᠦᠬᠡ ᠶ᠋ᠢ ᠬᠠᠷᠠᠭᠤᠯᠤᠭᠰᠠᠨᠮᠣᠩᠭᠤᠯ ᠤᠷᠠᠨ ᠵᠣᠬᠢᠶᠠᠯ ᠤ᠋ᠨ ᠳᠡᠭᠡᠵᠢᠶᠡᠷᠦ ᠡᠴᠡ ᠭᠠᠷᠤᠭ᠎ᠠ ᠦᠭᠡᠢ ᠪᠠᠢᠭᠰᠠᠨ ᠬᠣᠭᠤᠰᠤᠨ ᠢ᠋ ᠨᠥᠬᠦᠪᠦᠷᠢᠯᠡᠵᠦ᠂ ᠢᠯᠠᠩᠭᠤᠶ᠎ᠠ ᠲᠤᠮᠳᠠᠳᠤ ᠤᠯᠤᠰ ᠤ᠋ᠨ ᠮᠣᠩᠭᠤᠯ ᠤᠷᠠᠨ ᠵᠣᠬᠢᠶᠠᠯ ᠤ᠋ᠨ ᠬᠥᠭᠵᠢᠯ ᠦ᠋ᠨ ᠪᠠᠢᠳᠠᠯ ᠲᠦᠷᠢ ᠳᠦᠷᠬᠦ ᠶ᠋ᠢ ᠳᠡᠯᠡᠬᠡᠢ ᠳ᠋ᠠᠬᠢᠨ᠎ᠠ ᠬᠠᠷᠠᠭᠤᠯᠤᠭᠰᠠᠨ ᠬᠦᠨᠳᠦ ᠴᠢᠬᠤᠯᠠ ᠠᠴᠢ ᠬᠣᠯᠪᠤᠭᠳᠠᠯ ᠲᠠᠢ ᠶᠤᠮ᠃

  3. ᠲᠤᠰ ᠳᠡᠭᠡᠵᠢ ᠪᠢᠴᠢᠭ ᠨᠢ ᠪᠠᠰᠠ ᠮᠠᠨ ᠤ᠋ ᠨᠠᠮ ᠵᠠᠰᠠᠭ ᠤ᠋ᠨ ᠲᠥᠷᠦ ᠶ᠋ᠢᠨ ᠪᠣᠳᠤᠯᠭ᠎ᠠ ᠶ᠋ᠢᠨ ᠦᠷ᠎ᠠ ᠪᠦᠲᠦᠭᠡᠯ ᠢ᠋ ᠰᠤᠷᠲᠠᠯᠴᠢᠯᠠᠬᠤ᠂ ᠳᠤᠮᠳᠠᠳᠤ ᠶ᠋ᠢᠨ ᠦᠨᠳᠦᠰᠦᠲᠡᠨ ᠤ᠋ ᠰᠣᠶᠤᠯ ᠤ᠋ᠨ ᠬᠠᠮᠲᠤ ᠶ᠋ᠢᠨ ᠲᠠᠨᠢᠯᠲᠠ ᠶ᠋ᠢ ᠳᠡᠭᠡᠭᠰᠢᠯᠡᠭᠦᠯᠬᠦ᠂ ᠡᠭᠦᠨ ᠤ᠋ ᠤᠯᠠᠮ ᠠ᠋ᠴᠠ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠪᠤᠳᠠᠳᠤ ᠠᠵᠢᠯᠯᠠᠭ᠎ᠠ ᠪᠠᠷ ᠲᠤᠭᠤᠰᠢᠯᠠᠭᠤᠯᠤᠨ ᠬᠡᠷᠡᠭᠵᠢᠭᠦᠯᠦᠭᠰᠡᠨ ᠬᠦᠨᠳᠦ ᠴᠢᠬᠤᠯᠠ ᠤᠯᠤᠰ ᠲᠥᠷᠦ ᠶ᠋ᠢᠨ ᠠᠴᠢ ᠬᠣᠯᠪᠤᠭᠳᠠᠯ ᠲᠠᠢ ᠶᠤᠮ᠃

  4.ᠮᠣᠩᠭᠤᠯ ᠤᠷᠠᠨ ᠵᠣᠬᠢᠶᠠᠯ ᠤ᠋ᠨ ᠳᠡᠭᠡᠵᠢᠠᠷᠠᠳ ᠲᠦᠮᠡᠨ ᠤ᠋ ᠬᠡᠷᠡᠭᠴᠡᠭᠡ ᠱᠠᠭᠠᠷᠳᠠᠯᠭ᠎ᠠ ᠶ᠋ᠢ ᠬᠠᠩᠭᠠᠬᠤ᠂ ᠰᠣᠶᠤᠯ ᠤ᠋ᠨ ᠬᠢᠷᠢ ᠲᠦᠪᠰᠢᠨ ᠢ᠋ ᠳᠡᠭᠡᠭᠰᠢᠯᠡᠭᠦᠯᠬᠦ ᠳ᠋ᠤ᠌ ᠴᠢᠬᠤᠯᠠ ᠠᠴᠢ ᠬᠣᠯᠪᠤᠭᠳᠠᠯ ᠲᠠᠢ ᠶᠤᠮ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠳᠡᠯᠡᠪᠡ

                              ᠰᠤᠷᠪᠤᠯᠵᠢᠯᠠᠭᠴᠢ᠄ ᠪᠤᠷᠮ᠎ᠠ

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604