《ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠬᠤ》ᠰᠢᠷᠢᠰ ᠨᠣᠮ ᠭᠣᠣᠯ ᠰᠠᠳᠤᠪᠲᠦ ᠳᠠᠭᠤᠤ ᠬᠥᠭᠵᠢᠮ ᠪᠥᠵᠢᠭ ᠦ᠋ᠨ ᠡᠮᠬᠢᠳᠭᠡᠯ ᠵᠢᠴᠢ ᠤᠷᠠᠯᠢᠭ ᠤ᠋ᠨ ᠢᠯᠡ ᠵᠠᠬᠢᠳᠠᠯ ᠤ᠋ᠨ ᠠᠩᠬ᠎ᠠ ᠲᠠᠷᠬᠠᠭᠠᠪᠠ
2019.08.20

      8 ᠰᠠᠷ᠎ᠠ ᠶ᠋ᠢᠨ 19 ᠤ᠋ ᠡᠳᠦᠷᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠬᠤᠰᠢᠷᠢᠰ ᠨᠣᠮ᠂ ᠭᠣᠣᠯ ᠰᠡᠳᠦᠪᠲᠦ ᠳᠠᠭᠤᠤ ᠭᠦᠭᠵᠢᠮ ᠪᠥᠵᠢᠭ ᠦ᠋ᠨ ᠡᠮᠬᠢᠳᠭᠡᠯ ᠵᠢᠴᠢ ᠤᠷᠠᠯᠢᠭ ᠤ᠋ᠨ ᠢᠯᠡ ᠵᠠᠬᠢᠳᠠᠯ ᠤ᠋ᠨ ᠠᠩᠬ᠎ᠠ ᠲᠠᠷᠬᠠᠭᠠᠬᠤ ᠶᠣᠰᠣᠯᠠᠯ ᠥᠪᠤᠷ ᠮᠣᠩᠭᠤᠯ ᠤ᠋ᠨ ᠰᠢᠩᠬᠤᠸᠠ ᠨᠣᠮ ᠤ᠋ᠨ ᠳᠡᠯᠭᠡᠭᠦᠷ ᠲᠦ᠍ ᠶᠠᠪᠤᠭᠳᠠᠪᠠ᠃

      ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠤᠨ᠂ ᠥᠪᠡᠷᠳᠡᠭᠡᠨ ᠵᠠᠰᠠᠬᠤ ᠣᠷᠤᠨ ᠤ᠋ ᠠᠳᠤᠭᠤᠨ ᠤ᠋ ᠦᠢᠯᠠᠰ ᠤ᠋ᠨ ᠤᠯᠠᠮᠵᠢᠯᠠᠯ ᠬᠢᠭᠡᠳ ᠡᠬᠢ ᠪᠠᠶᠠᠯᠢᠭ ᠤ᠋ᠨ ᠳᠠᠪᠠᠭᠤᠯᠢᠭ ᠢ᠋ ᠬᠦᠢᠴᠡᠳ ᠠᠰᠢᠭᠯᠠᠵᠤ᠂ ᠪᠠᠲᠦ ᠪᠡᠬᠢ ᠰᠣᠶᠤᠯ ᠤ᠋ᠨ ᠰᠠᠭᠤᠷᠢ ᠬᠢᠭᠡᠳ ᠣᠶᠤᠨ ᠰᠠᠨᠠᠭᠠᠨ ᠤ᠋ ᠲᠤᠯᠭᠠᠭᠤᠷᠢᠯᠠᠯ ᠲᠠᠯᠪᠢᠬᠤ ᠶ᠋ᠢᠨ ᠲᠥᠯᠦᠭᠡ᠂ ᠡᠨᠡ ᠵᠢᠯ ᠦ᠋ᠨ 4 ᠰᠠᠷ᠎ᠠ ᠡᠴᠡ ᠡᠬᠢᠯᠡᠨ ᠥᠪᠡᠷᠳᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠡᠴᠡ ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠥᠪᠤᠷ ᠮᠣᠩᠭᠤᠯ ᠤ᠋ᠨ ᠺᠢᠨᠣ᠋ ᠶ᠋ᠢᠨ ᠪᠦᠯᠦᠭᠯᠡᠯ᠂ ᠳᠤᠮᠳᠠᠳᠦ ᠤᠯᠤᠰ ᠤ᠋ᠨ ᠰᠢᠤᠳᠠᠨ ᠤ᠋ ᠶᠠᠪᠤᠳᠠᠯ ᠤ᠋ᠨ ᠥᠪᠤᠷ ᠮᠣᠩᠭᠤᠯ ᠤ᠋ᠨ ᠬᠤᠪᠢᠶᠠᠷᠢ ᠺᠣᠮᠫᠠᠨᠢ ᠶ᠋ᠢ ᠵᠣᠬᠢᠶᠠᠨ ᠪᠠᠢᠭᠤᠯᠵᠤ᠂ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠬᠤ ᠰᠢᠷᠢᠰ ᠨᠣᠮ᠂ ᠭᠣᠣᠯ ᠰᠡᠳᠦᠪᠲᠦ ᠳᠠᠭᠤᠤ ᠬᠥᠭᠵᠢᠮ ᠪᠥᠵᠢᠭ ᠦ᠋ᠨ ᠡᠮᠬᠢᠳᠭᠡᠯ ᠵᠢᠴᠢ ᠤᠷᠠᠯᠢᠭ ᠤ᠋ᠨ ᠢᠯᠡ ᠵᠠᠬᠢᠳᠠᠯ ᠢ᠋ ᠬᠡᠪᠯᠡᠨ ᠲᠠᠷᠬᠠᠭᠠᠬᠤ ᠠᠵᠢᠯ ᠤ᠋ᠨ ᠲᠤᠬᠠᠢ ᠲᠥᠯᠦᠪᠯᠡᠭᠡ ᠬᠢᠵᠤ᠂ 4 ᠰᠠᠷ᠎ᠠ ᠶ᠋ᠢᠨ ᠬᠤᠭᠤᠴᠠᠭ᠎ᠠ ᠪᠠᠷ ᠳᠠᠮᠵᠢᠨ ᠲᠤᠰ ᠰᠢᠷᠢᠰ ᠪᠦᠳᠦᠭᠡᠯ ᠨᠢ ᠦᠵᠡᠭᠴᠢᠳ ᠲᠠᠢ ᠵᠣᠯᠭᠠᠭᠰᠠᠨ ᠪᠠᠢᠨ᠎ᠠ᠃

   《ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠬᠤᠰᠢᠷᠢᠰ ᠪᠦᠲᠦᠭᠡᠯ ᠳ᠋ᠤ᠌ ᠥᠪᠤᠷ ᠮᠣᠩᠭᠤᠯ ᠤ᠋ᠨ ᠠᠷᠠᠳ ᠤ᠋ᠨ ᠬᠡᠪᠯᠡᠯ ᠦ᠋ᠨ ᠬᠣᠷᠢᠶ᠎ᠠ᠂ ᠥᠪᠤᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ᠂ ᠥᠪᠤᠷ ᠮᠣᠩᠭᠤᠯ ᠤ᠋ᠨ ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ ᠡᠴᠡ ᠬᠡᠪᠯᠡᠭᠦᠯᠦᠭᠰᠡᠨᠠᠳᠤᠭᠤᠨ ᠰᠣᠶᠤᠯ ᠬᠢᠭᠡᠳ ᠠᠳᠤᠭᠤᠨ ᠤ᠋ ᠠᠵᠤ ᠦᠢᠯᠠᠰ ᠤ᠋ᠨ ᠰᠤᠳᠤᠯᠭᠠᠨ ᠤ᠋ ᠴᠤᠪᠤᠷᠠᠯ ᠪᠢᠴᠢᠭ(6 ᠲᠡᠪᠳᠡᠷ)ᠠᠳᠤᠭᠤᠨ ᠰᠣᠶᠤᠯ ᠬᠢᠭᠡᠳ ᠠᠳᠤᠭᠤᠨ ᠤ᠋ ᠠᠵᠤ ᠦᠢᠯᠠᠰ ᠤ᠋ᠨ ᠰᠤᠳᠤᠯᠭᠠᠨ ᠤ᠋ ᠴᠤᠪᠤᠷᠠᠯ ᠪᠢᠴᠢᠭ( ᠵᠢᠵᠢᠭ ᠲᠡᠪᠳᠡᠷ᠂ 6 ᠳᠡᠪᠲᠡᠷ)ᠳᠤᠮᠳᠠᠳᠦ ᠶ᠋ᠢᠨ ᠠᠳᠤᠭᠤᠨ ᠰᠣᠶᠤᠯ ᠤ᠋ᠨ ᠰᠢᠷᠢᠰ ᠴᠤᠪᠤᠷᠠᠯ ᠪᠢᠴᠢᠭ(6 ᠳᠡᠪᠲᠡᠷ)ᠳᠤᠮᠳᠠᠳᠦ ᠤᠯᠤᠰ ᠤ᠋ᠨ ᠠᠳᠤᠭᠤᠨ ᠰᠣᠶᠤᠯ ᠤ᠋ᠨ ᠬᠥᠬᠡ ᠭᠠᠳᠠᠷᠲᠦ ᠪᠢᠴᠢᠭᠮᠣᠩᠭᠤᠯ ᠠᠳᠤᠭᠤ ᠬᠢᠭᠡᠳ ᠲᠠᠯ᠎ᠠ ᠨᠤᠳᠤᠭ ᠤ᠋ᠨ ᠰᠣᠶᠤᠯᠥᠪᠤᠷ ᠮᠣᠩᠭᠤᠯ ᠤ᠋ᠨ ᠰᠢᠯᠢᠳᠡᠭ ᠦᠯᠢᠭᠡᠷᠮᠣᠷᠢᠨ ᠨᠢᠷᠤᠭᠤᠨ ᠳᠡᠭᠡᠷᠡᠬᠢ ᠦᠨᠳᠦᠰᠦᠳᠡᠨᠰᠠᠬᠢᠭᠤᠯᠰᠤᠨ ᠬᠦᠯᠦᠭ ᠵᠡᠷᠭᠡ 27 ᠲᠥᠷᠦᠯ ᠦ᠋ᠨ ᠨᠣᠮ ᠪᠢᠴᠢᠭ ᠬᠢᠭᠡᠳ ᠮᠣᠷᠢ ᠪᠠᠷ ᠰᠠᠳᠤᠪᠯᠡᠭᠰᠡᠨ ᠤᠷᠠᠯᠢᠭ ᠤ᠋ᠨ ᠢᠯᠡ ᠵᠠᠬᠢᠳᠠᠯ᠂ᠲᠦᠮᠡᠨ ᠠᠭᠳᠠ ᠶ᠋ᠢᠨ ᠲᠦᠪᠡᠷᠭᠡᠨ —­­ ᠮᠣᠩᠭᠤᠯ ᠮᠣᠷᠢᠨ ᠤ᠋ ᠭᠣᠣᠯ ᠰᠡᠳᠦᠪᠲᠦ ᠳᠠᠭᠤᠤ᠂ ᠬᠥᠭᠵᠢᠮ᠂ ᠪᠥᠵᠢᠭ ᠦ᠋ᠨ ᠴᠣᠮᠤᠭᠵᠡᠷᠭᠡ ᠶ᠋ᠢ ᠪᠠᠭᠳᠠᠭᠠᠭᠰᠠᠨ ᠪᠠᠢᠨ᠎ᠠ᠃

      ᠡᠳᠡᠭᠡᠷ ᠨᠣᠮ ᠪᠢᠴᠢᠭ ᠨᠢ ᠤᠯᠤᠰ ᠤ᠋ᠨ ᠳᠤᠳᠤᠭᠠᠳᠤᠬᠢ ᠠᠩᠬᠠᠳᠠᠭᠴᠢ ᠠᠳᠤᠭᠤᠨ ᠤ᠋ ᠰᠤᠳᠤᠯᠤᠯ᠂ ᠠᠳᠤᠭᠤᠨ ᠤ᠋ ᠠᠵᠤ ᠦᠢᠯᠠᠰ ᠬᠢᠭᠡᠳ ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠰᠢᠰᠲ᠋ᠧᠮ ᠲᠠᠢ ᠰᠤᠳᠤᠯᠤᠨ ᠲᠠᠢᠯᠪᠤᠷᠢᠯᠠᠭᠰᠠᠨ ᠴᠤᠪᠤᠷᠠᠯ ᠪᠢᠴᠢᠭ ᠪᠠᠢᠵᠤ᠂ ᠠᠳᠤᠭᠤᠨ ᠤ᠋ ᠰᠤᠳᠤᠯᠤᠯ ᠤ᠋ᠨ ᠬᠦᠷᠢᠶᠡᠨ ᠳ᠋ᠡᠬᠢ ᠬᠣᠭᠤᠰᠤᠨ ᠢ᠋ ᠨᠦᠬᠦᠪᠦᠷᠢᠯᠠᠪᠠ᠃ ᠠᠳᠤᠭᠤᠨ ᠰᠣᠶᠤᠯᠰᠢᠷᠢᠰ ᠨᠣᠮ ᠪᠢᠴᠢᠭ ᠤ᠋ᠨ ᠬᠡᠪᠯᠡᠭᠳᠡᠭᠰᠡᠨ ᠨᠢ ᠮᠠᠨ ᠤ᠋ ᠣᠷᠤᠨ ᠤ᠋ ᠮᠣᠩᠭᠤᠯ ᠮᠣᠷᠢᠨ ᠤ᠋ ᠵᠣᠷᠢᠭ ᠰᠠᠨᠠᠭ᠎ᠠᠶ᠋ᠢ ᠰᠢᠨᠵᠢᠯᠡᠨ ᠰᠤᠳᠤᠯᠤᠭᠰᠠᠨ ᠪᠤᠳᠠᠳᠠᠢ ᠦᠷ᠎ᠠ ᠪᠦᠳᠦᠭᠡᠯ ᠪᠠᠢᠵᠤ᠂ᠮᠣᠩᠭᠤᠯ ᠮᠣᠷᠢᠨ ᠤ᠋ ᠵᠣᠷᠢᠭ ᠰᠠᠨᠠᠭ᠎ᠠ ᠶ᠋ᠢ ᠪᠠᠳᠠᠷᠠᠭᠤᠯᠤᠨ ᠬᠥᠭᠵᠢᠭᠦᠯᠬᠦ ᠳ᠋ᠦ᠍ ᠣᠨᠤᠯ ᠤ᠋ᠨ ᠪᠠ ᠪᠤᠳᠠᠳᠦ ᠪᠠᠷᠢᠮᠳᠠ ᠬᠠᠩᠭᠠᠭᠰᠠᠨ ᠪᠠᠢᠨ᠎ᠠ᠃

 

 

 

                                                                      ᠥᠪᠤᠷ ᠮᠣᠩᠭᠤᠯ ᠤ᠋ᠨ ᠡᠳᠦᠷ ᠦ᠋ᠨ ᠰᠣᠨᠢᠨ ᠡᠴᠡ ᠰᠢᠯᠵᠢᠭᠦᠯᠦᠨ ᠨᠡᠢᠲᠡᠯᠡᠪᠡ

                                                                      ᠰᠤᠷᠪᠤᠯᠵᠢᠯᠠᠭᠴᠢ ᠨᠠᠢᠷᠠᠭᠤᠯᠤᠭᠴᠢ᠄ ᠪᠤᠤ ᠰᠠᠷᠠᠭᠤᠯ (ᠥᠪᠤᠷ ᠮᠣᠩᠭᠤᠯ ᠤ᠋ᠨ ᠡᠳᠦᠷ ᠦ᠋ᠨ ᠰᠣᠨᠢᠨ)

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ