ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠭᠤᠷᠪᠠᠨ ᠲᠥᠷᠦᠯ ᠦ᠋ᠨ ᠬᠢᠴᠢᠶᠡᠯ ᠦ᠋ᠨ ᠨᠢᠭᠡᠳᠤᠯᠳᠠᠢ ᠵᠢᠭᠠᠬᠤ ᠮᠠᠲ᠋ᠧᠷᠢᠶᠠᠯ ᠢ᠋ ᠰᠢᠨ᠎ᠡ ᠬᠤᠭᠤᠴᠠᠭ᠎ᠠ ᠡᠴᠡ ᠪᠤᠢ ᠪᠦᠬᠦᠢ ᠣᠨ ᠳ᠋ᠤ᠌ ᠬᠡᠷᠡᠭᠯᠡᠨ᠎ᠠ
2019.09.02

  2019 ᠣᠨ ᠤ᠋ 8 ᠰᠠᠷ᠎ᠠ ᠶ᠋ᠢᠨ 27 ᠤ᠋ ᠡᠳᠦᠷ ᠰᠤᠷᠭᠠᠨ ᠬᠥᠮᠦᠵᠢᠯ ᠦ᠋ᠨ ᠶᠠᠮᠤᠨ ᠡᠴᠡ ᠣᠢᠯᠠᠭᠠᠭᠰᠠᠨ ᠢ᠋ᠶ᠋ᠠᠷ᠂ 2017 ᠣᠨ ᠤ᠋ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠶᠤᠰᠦ ᠰᠤᠷᠳᠠᠬᠤᠨ ᠬᠢᠭᠡᠳ ᠬᠠᠤᠯᠢ ᠪᠠᠷ ᠵᠠᠰᠠᠬᠤᠢ᠂ ᠬᠡᠯᠡ ᠪᠢᠴᠢᠭ᠂ ᠲᠡᠤᠬᠡ ᠶ᠋ᠢᠨ ᠨᠢᠬᠡᠳᠤᠯᠳᠠᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ ᠢ᠋ ᠪᠥᠬᠦ ᠤᠯᠤᠰ ᠤ᠋ᠨ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶ᠋ᠢᠨ ᠳᠤᠮᠳᠠᠳᠦ ᠰᠤᠷᠭᠠᠭᠤᠯᠢ ᠶ᠋ᠢᠨ ᠨᠢᠭᠡᠳᠦᠭᠡᠷ ᠣᠨ ᠡᠴᠡ ᠡᠬᠢᠯᠡᠵᠤ ᠨᠢᠭᠡᠳᠤᠯᠳᠠᠢ ᠬᠡᠷᠡᠭᠯᠡᠪᠠ᠂ ᠡᠨᠡ ᠵᠢᠯ ᠦ᠋ᠨ ᠨᠠᠮᠤᠷ ᠤ᠋ᠨ ᠰᠤᠷᠤᠯᠭ᠎ᠠ ᠶ᠋ᠢᠨ ᠬᠤᠭᠤᠴᠠᠭ᠎ᠠ ᠡᠴᠡ ᠪᠤᠢ ᠪᠦᠬᠦᠢ ᠣᠨ ᠳ᠋ᠤ᠌ ᠬᠡᠷᠡᠭᠯᠡᠨ᠎ᠠ᠃

  ᠰᠤᠷᠭᠠᠨ ᠬᠥᠮᠦᠵᠢᠯ ᠦ᠋ᠨ ᠶᠠᠮᠤᠨ ᠤ᠋ ᠵᠢᠭᠠᠬᠤ ᠮᠠᠲ᠋ᠧᠷᠢᠶᠠᠯ ᠤ᠋ᠨ ᠲᠣᠪᠴᠢᠶᠠᠨ ᠤ᠋ ᠳᠡᠳ᠋ ᠳᠠᠷᠤᠭ᠎ᠠ ᠯᠢᠤ ᠬᠣᠩ ᠵᠢᠶᠸ ᠶ᠋ᠢᠨ ᠲᠠᠨᠢᠯᠴᠠᠭᠤᠯᠤᠭᠰᠠᠨ ᠢ᠋ᠶ᠋ᠠᠷ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠦ᠋ᠨ ᠭᠤᠷᠪᠠᠨ ᠲᠥᠷᠦᠯ ᠦ᠋ᠨ ᠬᠢᠴᠢᠶᠡᠯ ᠦ᠋ᠨ ᠵᠢᠭᠠᠬᠤ ᠮᠠᠲ᠋ᠧᠷᠢᠶᠠᠯ ᠢ᠋ ᠡᠬᠢᠯᠡᠵᠤ ᠬᠡᠷᠡᠭᠵᠢᠭᠦᠯᠦᠭᠰᠡᠨ ᠦ᠌ ᠳᠠᠷᠠᠭ᠎ᠠ᠂ ᠰᠤᠷᠭᠠᠨ ᠬᠥᠮᠦᠵᠢᠯ ᠦ᠋ᠨ ᠶᠠᠮᠤᠨ ᠪᠥᠬᠦ ᠶᠠᠪᠤᠴᠠ᠂ ᠥᠷᠭᠡᠨ ᠬᠡᠪᠴᠢᠶᠡᠨ ᠳ᠋ᠦ᠍ ᠵᠢᠭᠠᠬᠤ ᠮᠠᠲ᠋ᠧᠷᠢᠶᠠᠯ ᠤ᠋ᠨ ᠬᠡᠷᠡᠭᠯᠡᠯᠳᠠ ᠶ᠋ᠢ ᠮᠥᠷᠳᠡᠨ ᠣᠢᠯᠠᠭᠠᠬᠤ ᠳᠤᠭᠳᠠᠴᠠ ᠶ᠋ᠢ ᠪᠠᠢᠭᠤᠯᠪᠠ᠃ ᠨᠢᠭᠡ ᠲᠠᠯ᠎ᠠ ᠪᠠᠷ᠂ ᠰᠤᠷᠤᠯᠭ᠎ᠠ ᠶ᠋ᠢᠨ ᠬᠤᠭᠤᠴᠠᠭ᠎ᠠ ᠪᠦᠷᠢ ᠳ᠋ᠤ᠌ ᠨᠠᠢᠷᠠᠭᠤᠯᠤᠨ ᠪᠢᠴᠢᠬᠦ ᠳᠤᠭᠤᠢᠯᠠᠩ ᠢ᠋ ᠵᠣᠬᠢᠶᠠᠨ ᠪᠠᠢᠭᠤᠯᠵᠤ ᠡᠮᠦᠨ᠎ᠠ ᠹᠷᠣᠨᠲ᠋ ᠲᠤ᠌ ᠬᠦᠷᠴᠦ ᠮᠥᠷᠳᠡᠯ ᠰᠤᠷᠪᠤᠯᠵᠢᠯᠠᠭ᠎ᠠ ᠬᠢᠵᠤ᠂ ᠬᠢᠴᠢᠶᠡᠯ ᠦ᠋ᠨ ᠲᠠᠩᠬᠢᠮ ᠳ᠋ᠤ᠌ ᠬᠢᠴᠢᠶᠡᠯ ᠰᠣᠨᠤᠰᠬᠤ᠂ ᠪᠠᠭᠰᠢ ᠰᠤᠷᠤᠭᠴᠢᠳ ᠲᠠᠢ ᠶᠠᠷᠢᠯᠴᠠᠬᠤ᠂ ᠪᠠᠢᠴᠠᠭᠠᠨ ᠠᠰᠠᠭᠤᠬᠤ ᠵᠡᠷᠭᠡ ᠬᠡᠯᠪᠡᠷᠢ ᠪᠡᠷ ᠵᠢᠭᠠᠬᠤ ᠮᠠᠲ᠋ᠧᠷᠢᠶᠠᠯ ᠤ᠋ᠨ ᠬᠡᠷᠡᠭᠯᠡᠯᠲᠡ ᠶ᠋ᠢᠨ ᠪᠠᠢᠳᠠᠯ ᠢ᠋ ᠪᠤᠳᠠᠳᠠᠢ ᠣᠢᠯᠠᠭᠠᠪᠠ ; ᠨᠥᠭᠥᠭᠡ ᠲᠠᠯ᠎ᠠ ᠪᠠᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠡᠴᠡ ᠭᠠᠳᠠᠭᠤᠷᠬᠢ ᠰᠠᠨᠠᠯ ᠬᠤᠷᠢᠶᠠᠬᠤ ᠳᠠᠪᠴᠠᠩ ᠢ᠋ᠶ᠋ᠠᠷ ᠳᠠᠮᠵᠢᠭᠤᠯᠵᠤ᠂ ᠡᠯ᠎ᠠ ᠲᠠᠯ᠎ᠠ ᠶ᠋ᠢᠨ ᠰᠠᠨᠠᠯ ᠰᠠᠨᠠᠭᠤᠯᠭ᠎ᠠ ᠶ᠋ᠢ ᠬᠦᠯᠢᠶᠡᠨ ᠠᠪᠴᠠᠢ᠃

  ᠮᠥᠷᠳᠡᠨ ᠣᠢᠯᠠᠭᠠᠭᠰᠠᠨ ᠪᠠᠢᠳᠠᠯ ᠡᠴᠡ ᠦᠵᠡᠪᠡᠯ᠂ ᠪᠠᠭᠰᠢ ᠰᠤᠷᠤᠭᠴᠢᠳ ᠵᠢᠭᠠᠬᠤ ᠮᠠᠲ᠋ᠧᠷᠢᠶᠠᠯ ᠤ᠋ᠨ ᠪᠦᠬᠦᠯᠢ ᠴᠣᠭᠴᠠ ᠳ᠋ᠤ᠌ ᠨᠠᠯᠢᠶᠡᠳ ᠰᠠᠳᠬᠢᠯ ᠬᠠᠨᠤᠮᠵᠢᠲᠠᠢ ᠪᠠᠢᠨ᠎ᠠ᠂ 90% ᠰᠢᠬᠠᠮ ᠤ᠋ᠨ ᠰᠤᠷᠤᠭᠴᠢ ᠰᠢᠨ᠎ᠡ ᠵᠢᠭᠠᠬᠤ ᠮᠠᠲ᠋ᠧᠷᠢᠶᠠᠯ ᠢ᠋ ᠬᠦᠷᠢᠶᠡᠯᠡᠵᠤ᠂ ᠵᠢᠭᠠᠬᠤ ᠮᠠᠲ᠋ᠧᠷᠢᠶᠠᠯ ᠤ᠋ᠨ ᠠᠭᠤᠯᠭ᠎ᠠ ᠨᠢ ᠪᠠᠶᠠᠯᠢᠭ ᠪᠥᠭᠡᠳ ᠰᠣᠨᠢᠷᠬᠠᠯ ᠲᠠᠢ᠂ ᠬᠡᠯᠡ ᠬᠡᠯᠡᠯᠭᠡ ᠨᠢ ᠢᠷᠠᠭᠤ ᠰᠠᠢᠬᠠᠨ᠂ ᠵᠢᠷᠤᠭ ᠦᠰᠦᠭ ᠢ᠋ ᠬᠣᠣᠰᠯᠠᠭᠤᠯᠵᠤ᠂ ᠰᠡᠩᠬᠡᠷᠡᠭᠦᠯᠦᠨ ᠪᠤᠳᠤᠯᠬᠢᠯᠠᠭᠤᠯᠤᠨ᠎ᠠ ᠬᠡᠵᠤ ᠦᠵᠠᠪᠠ; ᠪᠠᠭᠰᠢ ᠨᠠᠷ ᠤ᠋ᠨ ᠵᠢᠭᠠᠬᠤ ᠮᠠᠲ᠋ᠧᠷᠢᠶᠠᠯ ᠳ᠋ᠤ᠌ ᠬᠠᠨᠤᠮᠵᠢᠳᠠᠢ ᠪᠠᠢᠬᠤ ᠬᠡᠮᠵᠢᠶ᠎ᠠ ᠨᠢ 92% ᠲᠤ᠌ ᠬᠦᠷᠴᠦ᠂ ᠵᠢᠭᠠᠬᠤ ᠮᠠᠲ᠋ᠧᠷᠢᠶᠠᠯ ᠤ᠋ᠨ ᠦᠵᠡᠯ ᠰᠠᠨᠠᠭ᠎ᠠ ᠵᠤᠷᠢᠯᠳᠠ ᠨᠢ ᠥᠨᠳᠦᠷ᠂ ᠥᠷᠳᠡᠭ ᠤ᠋ᠨ ᠵᠢᠯᠤᠭᠤᠳᠤᠮᠵᠢ ᠪᠠᠷ ᠴᠢᠩᠭ᠎ᠠ᠂ ᠠᠭᠤᠯᠭ᠎ᠠ ᠶ᠋ᠢᠨ ᠰᠢᠯᠢᠯᠳᠠ ᠨᠢᠮᠪᠠᠢ ᠪᠥᠭᠡᠳ ᠵᠤᠬᠢᠰᠳᠠᠢ᠂ ᠢᠯᠡᠷᠡᠭᠦᠯᠬᠦ ᠠᠷᠭ᠎ᠠ ᠬᠡᠯᠪᠡᠷᠢ ᠨᠢ ᠠᠮᠢᠳᠤᠯᠢᠭ᠂ ᠵᠢᠷᠤᠵᠤ ᠲᠥᠯᠦᠪᠯᠡᠭᠰᠡᠨ ᠨᠢ ᠰᠢᠨ᠎ᠡ ᠰᠡᠪᠡᠬᠦᠨ᠂ ᠵᠢᠭᠠᠬᠤ ᠳ᠋ᠤ᠌ ᠳᠤᠬᠢᠷᠠᠮᠵᠢᠳᠠᠢ ᠰᠤᠷᠤᠯᠴᠠᠬᠤ ᠳ᠋ᠤ᠌ ᠠᠰᠢᠭᠲᠠᠢ ᠬᠡᠵᠤ ᠦᠵᠡᠪᠠ᠃

 

 

              ᠥᠪᠤᠷ ᠮᠣᠩᠭᠤᠯ ᠤ᠋ᠨ ᠡᠳᠦᠷ ᠦ᠋ᠨ ᠰᠣᠨᠢᠨ ᠡᠴᠡ ᠰᠢᠯᠵᠢᠭᠦᠯᠦᠨ ᠨᠡᠢᠲᠡᠯᠡᠪᠡ

              ᠰᠤᠷᠪᠤᠯᠵᠢᠯᠠᠭᠴᠢ ᠨᠠᠢᠷᠠᠭᠤᠯᠤᠭᠴᠢ᠄ ᠬᠤ᠌ ᠬᠤᠤ (ᠥᠪᠤᠷ ᠮᠣᠩᠭᠤᠯ ᠤ᠋ᠨ ᠡᠳᠦᠷ ᠦ᠋ᠨ ᠰᠣᠨᠢᠨ)

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ