ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ《ᠮᠡᠳᠡᠭᠡ ᠵᠠᠩᠭᠢᠴᠢᠯᠠᠯᠳᠠ ᠳ᠋ᠢᠭᠢᠲ᠋ᠴᠢᠯᠡᠯᠳᠡ ᠶ᠋ᠢᠨ ᠠᠵᠢᠯ ᠢ᠋ ᠲᠦᠯᠬᠢᠨ ᠠᠬᠢᠭᠤᠯᠬᠤ ᠬᠤᠷᠠᠯ》ᠬᠤᠷᠠᠯᠳᠤᠭᠤᠯᠪᠠ
2019.09.03

  7 ᠰᠠᠷ᠎ᠠ ᠶ᠋ᠢᠨ 25 ᠤ᠋ ᠦᠳᠡ ᠶ᠋ᠢᠨ ᠬᠣᠢᠨ᠎ᠠ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠬᠡᠪᠯᠡᠯ ᠦ᠋ᠨ ᠪᠦᠯᠦᠭᠯᠡᠯ ᠦ᠋ᠨ ᠮᠡᠳᠡᠭᠡ ᠵᠠᠩᠭᠢᠴᠢᠯᠠᠯᠳᠠ ᠳ᠋ᠢᠭᠢᠲ᠋ᠴᠢᠯᠡᠯᠳᠡ ᠶ᠋ᠢᠨ ᠠᠵᠢᠯ ᠢ᠋ ᠲᠦᠯᠬᠢᠨ ᠠᠬᠢᠭᠤᠯᠬᠤ ᠬᠤᠷᠠᠯᠢ᠋ ᠡᠷᠬᠢᠯᠡᠨ ᠬᠤᠷᠠᠯᠳᠤᠭᠤᠯᠵᠦ᠂ ᠪᠦᠯᠦᠭᠯᠡᠯ ᠦ᠋ᠨ ᠡᠵᠡᠩᠨᠡᠯᠳᠡ ᠶ᠋ᠢᠨ ᠤᠳᠤᠷᠢᠳᠬᠤ ᠪᠠᠭ ᠬᠢᠭᠡᠳ ᠬᠠᠮᠢᠶ᠎ᠠ ᠪᠦᠬᠦᠢ ᠬᠥᠮᠦᠰ᠂ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠡᠵᠡᠩᠨᠡᠯᠳᠡ ᠶ᠋ᠢᠨ ᠤᠳᠤᠷᠢᠳᠬᠤ ᠪᠠᠭ ᠬᠢᠭᠡᠳ ᠬᠠᠮᠢᠶ᠎ᠠ ᠪᠦᠬᠦᠢ ᠬᠥᠮᠦᠰ ᠨᠡᠢᠳᠡ 80 ᠭᠠᠷᠤᠢ ᠬᠥᠮᠦᠨ ᠬᠤᠷᠠᠯ ᠳ᠋ᠤ᠌ ᠣᠷᠤᠯᠴᠠᠪᠠ᠃

  ᠬᠤᠷᠠᠯ ᠳᠡᠭᠡᠷ᠎ᠡ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠬᠡᠪᠯᠡᠯ ᠦ᠋ᠨ ᠪᠦᠯᠦᠭᠯᠡᠯ ᠪᠣᠯᠤᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠮᠡᠳᠡᠭᠡ ᠵᠠᠩᠭᠢᠴᠢᠯᠠᠯᠳᠠ ᠳ᠋ᠢᠭᠢᠲ᠋ᠴᠢᠯᠡᠯᠳᠡ ᠤ᠋ᠨ ᠠᠵᠢᠯ ᠢ᠋ ᠡᠷᠭᠢᠴᠡᠭᠦᠯᠦᠨ ᠳ᠋ᠦᠩᠨᠡᠵᠦ᠂ ᠠᠵᠢᠯ ᠳᠥᠷᠦᠯ ᠤ᠋ᠨ ᠬᠦᠭᠵᠢᠯᠳᠠ ᠶ᠋ᠢᠨ ᠬᠠᠨᠳᠤᠰᠢ ᠶ᠋ᠢ ᠵᠠᠳᠠᠯᠤᠨ᠂ ᠳ᠋ᠢᠭᠢᠲ᠋ᠴᠢᠯᠡᠨ ᠬᠡᠯᠪᠡᠷᠢ ᠰᠣᠯᠢᠬᠤ ᠠᠵᠢᠯ ᠲᠤᠯᠭᠠᠮ ᠪᠠᠢᠭ᠎ᠠ ᠪᠠᠢᠳᠠᠯ ᠳ᠋ᠤ᠌ ᠴᠢᠭᠯᠡᠭᠦᠯᠵᠦ᠂ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠭᠤᠷᠪᠠᠳᠠᠬᠢ ᠦᠢᠯᠡᠰ ᠪᠦᠳᠦᠬᠡᠯᠳᠡ ᠲᠠᠢ ᠤᠶᠠᠯᠳᠤᠭᠤᠯᠤᠨ᠂ ᠬᠡᠪᠯᠡᠯ ᠦ᠋ᠨ ᠪᠦᠯᠦᠭᠯᠡᠯ ᠦ᠋ᠨ ᠤᠯᠠᠨ ᠵᠢᠯ ᠤ᠋ᠨ ᠮᠡᠳᠡᠭᠡ ᠵᠠᠩᠭᠢᠴᠢᠯᠠᠯᠳᠠ ᠶ᠋ᠢᠨ ᠠᠵᠢᠯ ᠤ᠋ᠨ ᠬᠤᠷᠠᠮᠳᠤᠭᠤᠯᠭ᠎ᠠ ᠳ᠋ᠤ᠌ ᠰᠠᠭᠤᠷᠢᠯᠠᠵᠦ ᠪᠦᠯᠦᠭᠯᠡᠯ ᠦ᠋ᠨ ᠮᠡᠳᠡᠭᠡ ᠵᠠᠩᠭᠢ ᠶ᠋ᠢᠨ ᠲᠥᠪ᠂ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠵᠢᠴᠢ ᠬᠠᠷᠢᠶᠠᠯᠠᠭᠳᠠᠬᠤ ᠬᠠᠮᠢᠶ᠎ᠠ ᠪᠦᠬᠦᠢ ᠺᠣᠮᠫᠠᠨᠢ ᠨᠤᠭᠤᠳ ᠰᠡᠳᠭᠢᠯ ᠨᠢᠭᠡᠳᠦᠨ ᠬᠦᠴᠦᠨ ᠬᠠᠮᠳᠤᠳᠬᠠᠵᠦ᠂ ᠳ᠋ᠢᠭᠢᠲ ᠰᠤᠷᠬᠤ ᠪᠢᠴᠢᠭ᠂ ᠳ᠋ᠢᠭᠢᠲ ᠳᠤᠰᠠᠯᠠᠬᠤ ᠮᠠᠲ᠋ᠧᠷᠢᠶᠠᠯ ᠪᠠ ᠰᠡᠳᠦᠪ ᠤ᠋ᠨ ᠬᠥᠮᠦᠷᠭᠡ ᠪᠠᠢᠭᠤᠯᠬᠤ ᠠᠵᠢᠯ ᠢ᠋ ᠪᠦᠬᠦ ᠲᠠᠯ᠎ᠠ ᠪᠡᠷ ᠳᠦᠯᠬᠢᠨ ᠠᠬᠢᠭᠤᠯᠵᠦ᠂ ᠬᠡᠯᠪᠡᠷᠢ ᠰᠣᠯᠢᠬᠤ ᠶᠠᠪᠤᠴᠠ ᠳ᠋ᠤ᠌ ᠠᠰᠢᠭ ᠤᠯᠬᠤ ᠰᠢᠨ᠎ᠡ ᠬᠡᠪ ᠵᠠᠭᠪᠤᠷ ᠢ᠋ ᠬᠠᠢᠨ ᠰᠦᠪᠡᠭᠴᠢᠯᠡᠵᠦ᠂ ᠨᠡᠢᠯᠡᠭ ᠬᠦᠭᠵᠢᠯᠳᠠ ᠶ᠋ᠢᠨ ᠰᠢᠨ᠎ᠡ ᠡᠵᠡᠩᠨᠡᠯᠳᠡ ᠶ᠋ᠢᠨ ᠪᠠᠢᠳᠠᠯ ᠢ᠋ ᠪᠤᠢ ᠪᠣᠯᠭᠠᠬᠤ ᠬᠡᠷᠡᠭᠳᠡᠢ ᠭᠡᠵᠦ ᠱᠠᠭᠠᠷᠳᠠᠪᠠ᠃

  ᠡᠨᠡ ᠤᠳᠠᠭᠠᠨ ᠤ᠋ ᠳᠦᠯᠬᠢᠨ ᠠᠬᠢᠭᠤᠯᠬᠤ ᠬᠤᠷᠠᠯ ᠳᠡᠭᠡᠷ᠎ᠡ ᠰᠤᠳᠤᠯᠤᠨ ᠶᠠᠷᠢᠯᠴᠠᠬᠤ ᠪᠡᠷ ᠳᠠᠮᠵᠢᠨ ᠳ᠋ᠢᠭᠢᠲ ᠰᠤᠷᠬᠤ ᠪᠢᠴᠢᠭ ᠪᠦᠲᠦᠭᠡᠨ ᠪᠠᠢᠭᠤᠯᠬᠤ ᠠᠵᠢᠯ ᠢ᠋ ᠶᠠᠪᠤᠭᠳᠠᠭᠤᠯᠬᠤ ᠳᠤᠭᠤᠢᠯᠠᠩ ᠢ᠋ ᠪᠠᠢᠭᠤᠯᠪᠠ᠃ ᠳᠤᠰ ᠳᠤᠭᠤᠢᠯᠠᠩ ᠨᠢ ᠳ᠋ᠢᠭᠢᠲ ᠰᠤᠷᠬᠤ ᠪᠢᠴᠢᠭ ᠦᠢᠯᠡᠳᠬᠦ ᠪᠠ ᠪᠣᠰᠤᠭ᠎ᠠ ᠴᠤᠬᠴᠠᠳᠤ ᠳᠤᠰᠠᠯᠠᠬᠤ ᠮᠠᠲ᠋ᠧᠷᠢᠶᠠᠯ ᠤ᠋ᠨ ᠳᠦᠰᠦᠯ ᠭᠠᠷᠭᠠᠬᠤ ᠠᠵᠢᠯ ᠢ᠋ ᠬᠠᠷᠢᠭᠤᠴᠠᠵᠦ᠂ ᠨᠡᠢᠳᠡᠮ ᠦ᠋ᠨ ᠬᠡᠷᠡᠭᠯᠡᠭᠡᠨ ᠦ᠌ ᠴᠢᠳᠠᠪᠬᠢᠳᠤ ᠬᠡᠰᠡᠭᠯᠡᠯ ᠪᠠ ᠬᠡᠪ ᠶᠠᠩᠵᠦ ᠶ᠋ᠢ ᠳᠦᠰᠦᠪᠯᠡᠨ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲ᠋ᠧᠷᠢᠶᠠᠯ ᠤ᠋ᠨ ᠪᠦᠬᠦᠯᠢ ᠴᠣᠭᠴᠠ ᠶ᠋ᠢᠨ ᠦᠷ᠎ᠡ ᠪᠦᠳᠦᠮᠵᠢ ᠶ᠋ᠢ ᠪᠠᠳᠤᠯᠠᠵᠦ᠂ ᠡᠯ᠎ᠡ ᠪᠠᠭ᠎ᠠ ᠳᠤᠭᠤᠢᠯᠠᠩ ᠢ᠋ ᠨᠢᠭᠡᠳᠦᠯᠳᠡᠢ ᠬᠠᠮᠢᠶᠠᠷᠤᠨ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲ᠋ᠧᠷᠢᠶᠠᠯ ᠤ᠋ᠨ ᠬᠠᠮᠢᠶ᠎ᠠ ᠪᠦᠬᠦᠢ ᠬᠡᠷᠡᠭ ᠶᠠᠪᠤᠳᠠᠯ ᠢ᠋ ᠳᠦᠯᠦᠪᠵᠢᠬᠦᠯᠦᠨ ᠰᠢᠢᠳᠪᠦᠷᠢ ᠭᠠᠷᠭᠠᠨ᠎ᠠ᠃ ᠳᠤᠭᠤᠢᠯᠠᠩ ᠤ᠋ᠨ ᠳᠣᠣᠷ᠎ᠠ ᠶᠡᠷᠦᠩᠬᠡᠢ ᠠᠯᠪᠠᠨ ᠭᠡᠷ᠂ ᠡᠳ᠋ ᠦ᠋ᠨ ᠶᠠᠪᠤᠳᠠᠯ ᠬᠠᠤᠯᠢ ᠶ᠋ᠢᠨ ᠶᠠᠪᠤᠳᠠᠯ ᠤ᠋ᠨ ᠪᠠᠭ᠎ᠠ ᠳᠤᠭᠤᠢᠯᠠᠩ᠂ ᠵᠢᠭᠠᠨ ᠰᠤᠷᠭᠠᠯᠳᠠ ᠶ᠋ᠢ ᠰᠤᠳᠤᠯᠬᠤ ᠪᠠᠭ᠎ᠠ ᠳᠤᠭᠤᠢᠯᠠᠩ᠂ ᠳᠡᠪᠴᠡᠩ ᠦ᠋ᠨ ᠮᠡᠷᠭᠡᠵᠢᠯ ᠬᠠᠩᠭᠠᠬᠤ ᠪᠠᠭ᠎ᠠ ᠳᠤᠭᠤᠢᠯᠠᠩ᠂ ᠳ᠋ᠢᠭᠢᠲ ᠰᠤᠷᠬᠤ ᠪᠢᠴᠢᠭ ᠪᠣᠯᠤᠨ ᠪᠣᠰᠤᠭ᠎ᠠ ᠴᠤᠭᠴᠠᠳᠤ ᠳᠤᠰᠠᠯᠠᠬᠤ ᠮᠠᠲ᠋ᠧᠷᠢᠶᠠᠯ ᠦᠢᠯᠡᠳᠬᠦ ᠪᠠᠭ᠎ᠠ ᠳᠤᠭᠤᠢᠯᠠᠩ᠂ ᠬᠢᠴᠢᠶᠡᠯ ᠳᠥᠷᠦᠯ ᠤ᠋ᠨ ᠡᠬᠢ ᠪᠠᠶᠠᠯᠢᠭ  ᠪᠠᠢᠭᠤᠯᠬᠤ ᠪᠠᠭ᠎ᠠ ᠳᠤᠭᠤᠢᠯᠠᠩ᠂ ᠡᠵᠡᠩᠨᠡᠯᠳᠡ ᠳᠡᠯᠭᠡᠷᠡᠬᠦᠯᠦᠯᠳᠡ ᠶ᠋ᠢᠨ ᠪᠠᠭ᠎ᠠ ᠳᠤᠭᠤᠢᠯᠠᠩ ᠵᠡᠷᠭᠡ ᠳᠣᠯᠤᠭᠠᠨ ᠪᠠᠭ᠎ᠠ ᠳᠤᠭᠤᠢᠯᠠᠩ ᠳᠤᠬᠢᠷᠠᠭᠤᠯᠵᠦ᠂ ᠳ᠋ᠢᠭᠢᠲ ᠰᠤᠷᠬᠤ ᠪᠢᠴᠢᠭ ᠳᠤᠰᠠᠯᠠᠬᠤ ᠮᠠᠲ᠋ᠧᠷᠢᠶᠠᠯ ᠤ᠋ᠨ ᠡᠯ᠎ᠡ ᠲᠠᠯ᠎ᠠ ᠶ᠋ᠢᠨ ᠠᠵᠢᠯ ᠢ᠋ ᠳᠦᠯᠬᠢᠨ ᠠᠬᠢᠭᠤᠯᠤᠨ᠎ᠠ᠃

  ᠰᠤᠳᠤᠯᠤᠨ ᠶᠠᠷᠢᠯᠴᠠᠬᠤ ᠶᠠᠪᠤᠴᠠ ᠳ᠋ᠤ᠌ ᠬᠠᠮᠢᠶ᠎ᠠ ᠪᠦᠬᠦᠢ ᠤᠳᠤᠷᠢᠳᠤᠯᠭ᠎ᠠ ᠪᠠ ᠬᠣᠯᠪᠤᠭᠳᠠᠬᠤ ᠡᠯ᠎ᠡ ᠨᠢᠭᠡᠴᠢ ᠶ᠋ᠢᠨ ᠬᠠᠷᠢᠭᠤᠴᠠᠯᠭᠠᠳᠠᠨ᠂ ᠨᠠᠢᠷᠠᠭᠤᠯᠤᠭᠴᠢ ᠶ᠋ᠢᠨ ᠳᠦᠯᠦᠭᠡᠯᠡᠭᠴᠢ ᠨᠠᠷ ᠲᠤᠰ ᠲᠤᠰ ᠦᠭᠡ ᠶᠠᠷᠢᠵᠦ᠂ ᠳᠤᠰ ᠤᠳᠠᠭᠠᠨ ᠤ᠋ ᠬᠤᠷᠠᠯ ᠪᠠ ᠳ᠋ᠢᠭᠢᠲ ᠰᠤᠷᠬᠤ ᠪᠢᠴᠢᠭ ᠳᠤᠰᠠᠯᠠᠬᠤ ᠮᠠᠲ᠋ᠧᠷᠢᠶᠠᠯ ᠤ᠋ᠨ ᠠᠵᠢᠯ ᠢ᠋ ᠥᠨᠳᠦᠷ ᠦᠨᠡᠯᠡᠨ᠂ ᠡᠨᠡ ᠪᠣᠯ ᠴᠠᠭ ᠦᠶ᠎ᠡ ᠶ᠋ᠢ ᠵᠠᠭᠠᠭᠯᠠᠭᠰᠠᠨ ᠬᠤᠷᠠᠯ᠂ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠡᠯᠪᠡᠷᠢ ᠰᠣᠯᠢᠨ ᠳᠡᠰ ᠳᠠᠪᠰᠢᠬᠤ ᠪᠠ ᠰᠤᠷᠭᠠᠨ ᠬᠥᠮᠦᠵᠢᠯ ᠦ᠋ᠨ ᠤᠳᠤᠬᠢᠴᠢᠯᠠᠯᠳᠠ ᠳ᠋ᠤ᠌ ᠬᠥᠰᠢᠶ᠎ᠡ ᠳᠡᠮᠳᠡᠭ ᠪᠦᠬᠦᠢ ᠠᠴᠢ ᠬᠣᠯᠪᠤᠭᠳᠠᠯ ᠲᠠᠢ ᠬᠡᠮᠡᠨ ᠰᠠᠨᠠᠯ ᠨᠢᠬᠡᠳᠡᠢ ᠵᠥᠪᠰᠢᠶᠡᠷᠡᠭᠦ ᠶ᠋ᠢᠨ ᠬᠠᠮᠳᠤ ᠬᠠᠮᠤᠭ ᠬᠦᠴᠦᠨ ᠢ᠋ᠶ᠋ᠠᠷ ᠬᠠᠮᠵᠢᠯᠴᠠᠨ ᠳ᠋ᠢᠭᠢᠲ ᠰᠤᠷᠬᠤ ᠪᠢᠴᠢᠭ ᠳᠤᠰᠠᠯᠠᠬᠤ ᠮᠠᠲ᠋ᠧᠷᠢᠶᠠᠯ ᠤ᠋ᠨ ᠪᠦᠳᠦᠬᠡᠨ ᠪᠠᠢᠭᠤᠯᠤᠯᠳᠠ ᠶ᠋ᠢᠨ ᠠᠵᠢᠯ ᠢ᠋ ᠤᠷᠤᠭᠰᠢ ᠠᠬᠢᠭᠤᠯᠤᠨ᠎ᠠ ᠭᠡᠵᠦ ᠢᠯᠡᠷᠬᠡᠢᠯᠡᠭᠰᠡᠨ ᠪᠠᠢᠨ᠎ᠠ᠃

  ᠡᠨᠡ ᠤᠳᠠᠭᠠᠨ ᠤ᠋ ᠬᠤᠷᠠᠯ ᠨᠢ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠤ᠋ᠨ ᠬᠣᠷᠢᠶᠠᠨ ᠤ᠋ ᠳ᠋ᠢᠭᠢᠲ ᠰᠤᠷᠬᠤ ᠪᠢᠴᠢᠭ ᠳᠤᠰᠠᠯᠠᠬᠤ ᠮᠠᠲ᠋ᠧᠷᠢᠶᠠᠯ ᠤ᠋ᠨ ᠠᠵᠢᠯ ᠵᠢᠩᠬᠢᠨᠢ ᠪᠡᠷ ᠡᠬᠢᠯᠡᠭᠰᠡᠨ ᠢ᠋ ᠬᠠᠷᠠᠭᠤᠯᠵᠦ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ