ᠪᠦᠬᠦ ᠣᠷᠤᠨ ᠤ᠋ ᠰᠠᠭᠤᠷᠢ ᠰᠤᠷᠭᠠᠨ ᠬᠥᠮᠦᠵᠢᠯ ᠦ᠋ᠨ ᠠᠵᠢᠯ ᠢ᠋ ᠠᠬᠢᠭᠤᠯᠬᠤ ᠬᠤᠷᠠᠯ ᠬᠤᠷᠠᠯᠳᠤᠪᠠ
2019.09.20

  ᠪᠦ ᠰᠢᠶᠣᠣ ᠯᠢᠨ ᠴᠤᠬᠤᠯᠠᠪᠦᠷᠢ ᠦᠭᠴᠠᠢ

  ᠲᠤᠰ ᠰᠣᠨᠢᠨ ᠤ᠋ ᠮᠡᠳᠡᠭᠡ (ᠰᠤᠷᠪᠤᠯᠵᠢᠯᠠᠭᠴᠢ ᠨᠠᠪᠴᠢ ᠳᠠᠳᠤᠯᠭ᠎ᠠ ᠶ᠋ᠢᠨ ᠰᠤᠷᠤᠭᠴᠢ ᠴᠠᠢᠯᠭᠠᠨ  ᠲᠡᠷᠭᠡᠯ) 9 ᠰᠠᠷ᠎ᠠ 11 ᠤ᠋ ᠡᠳᠦᠷ᠂ ᠪᠦᠬᠦ ᠣᠷᠤᠨ ᠤ᠋ ᠰᠠᠭᠤᠷᠢ ᠰᠤᠷᠭᠠᠨ ᠬᠥᠮᠦᠵᠢᠯ ᠦ᠋ᠨ ᠠᠵᠢᠯ ᠢ᠋ ᠠᠬᠢᠭᠤᠯᠬᠤ ᠬᠤᠷᠠᠯ ᠬᠥᠬᠡᠬᠣᠲᠠ ᠳ᠋ᠤ᠌ ᠶᠠᠪᠤᠭᠳᠠᠪᠠ᠃ ᠬᠤᠷᠠᠯ ᠠ᠋ᠴᠠ ᠪᠦᠬᠦ ᠤᠯᠤᠰ ᠤ᠋ᠨ ᠰᠤᠷᠭᠠᠨ ᠬᠥᠮᠦᠵᠢᠯ ᠦ᠋ᠨ ᠶᠡᠬᠡ ᠬᠤᠷᠠᠯ᠂ ᠪᠦᠬᠦ ᠤᠯᠤᠰ ᠤ᠋ᠨ ᠰᠠᠭᠤᠷᠢ ᠰᠤᠷᠭᠠᠨ ᠬᠥᠮᠦᠵᠢᠯ ᠦ᠋ᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠤᠨ ᠤ᠋ ᠰᠠᠭᠤᠷᠢ ᠰᠤᠷᠭᠠᠨ ᠬᠥᠮᠦᠵᠢᠯ ᠦ᠋ᠨ ᠨᠡᠩ ᠭᠣᠣᠯᠴᠢ ᠨᠡᠩ ᠴᠢᠨᠠᠷ ᠰᠠᠢᠲᠠᠢ ᠬᠥᠭᠵᠢᠯᠲᠡ ᠶ᠋ᠢ ᠪᠡᠶᠡᠯᠡᠭᠦᠯᠬᠦ ᠶ᠋ᠢ ᠠᠬᠢᠭᠤᠯᠪᠠ᠃

  ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ᠋ ᠲᠡᠷᠢᠭᠦᠯᠡᠭᠴᠢ ᠪᠦ ᠰᠢᠶᠣᠣ ᠯᠢᠨ ᠴᠤᠬᠤᠯᠠᠪᠦᠷᠢ ᠥᠭᠪᠡ᠃ ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠵᠸᠩ ᠬᠣᠩ ᠹᠠᠨ ᠬᠤᠷᠠᠯ ᠳ᠋ᠤ᠌ ᠣᠷᠤᠯᠴᠠᠵᠤ ᠶᠠᠷᠢᠶ᠎ᠠ ᠲᠠᠯᠪᠢᠪᠠ᠃

  ᠪᠦ ᠰᠢᠶᠣᠣ ᠯᠢᠨ ᠴᠤᠬᠤᠯᠠᠪᠤᠷᠢ ᠳ᠋ᠤ᠌ ᠪᠠᠨ᠂ ᠰᠠᠭᠤᠷᠢ ᠰᠤᠷᠭᠠᠨ ᠬᠥᠮᠦᠵᠢᠯ ᠪᠤᠯ ᠤᠯᠤᠰ ᠠᠷᠠᠳ ᠤ᠋ᠨ ᠰᠤᠷᠭᠠᠨ ᠬᠥᠮᠦᠵᠢᠯ ᠦ᠋ᠨ ᠰᠢᠰᠲ᠋ᠧᠮ ᠤ᠋ᠨ ᠳᠣᠲᠤᠷ᠎ᠠ ᠰᠠᠭᠤᠷᠢᠯᠠᠬᠤ ᠴᠢᠨᠠᠷᠲᠠᠢ᠂ ᠤᠳᠤᠷᠢᠳᠤᠮᠵᠢ ᠶ᠋ᠢᠨ ᠴᠢᠨᠠᠷᠲᠠᠢ ᠪᠠᠢᠷᠢ ᠰᠠᠭᠤᠷᠢ ᠲᠠᠢ ᠶᠤᠮ᠃ ᠡᠯ᠎ᠡ ᠱᠠᠲᠤᠨ ᠤ᠋ ᠵᠠᠰᠠᠭ ᠤ᠋ᠨ ᠣᠷᠳᠤᠨ ᠪᠣᠯᠤᠨ ᠰᠤᠷᠭᠠᠨ ᠬᠥᠮᠦᠵᠢᠯ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠳᠠᠯᠠᠵᠤ᠂ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠶ᠋ᠢ ᠴᠢᠩᠭᠠᠳᠭᠠᠵᠤ᠂ ᠪᠡᠯᠡ ᠣᠷᠤᠭᠤᠯᠤᠯᠲᠠ ᠶ᠋ᠢᠨ ᠡᠷᠴᠢᠮ ᠢ᠋ᠶ᠋ᠡᠨ ᠴᠢᠩᠭᠠᠷᠠᠭᠤᠯᠵᠤ᠂ ᠶᠣᠰᠤ ᠰᠤᠷᠲᠠᠬᠤᠨ ᠢ᠋ᠶ᠋ᠠᠷ ᠬᠥᠮᠦᠨ ᠢ᠋ ᠬᠥᠮᠦᠵᠢᠭᠦᠯᠬᠦ ᠶ᠋ᠢ ᠰᠠᠭᠤᠷᠢ ᠰᠤᠷᠭᠠᠨ ᠬᠥᠮᠦᠵᠢᠯ ᠦ᠋ᠨ ᠡᠯ᠎ᠡ ᠭᠣᠭᠴᠤᠭ᠎ᠠ ᠳ᠋ᠤ᠌ ᠣᠷᠤᠭᠤᠯᠵᠤ᠂ ᠰᠠᠭᠤᠷᠢ ᠶ᠋ᠢ ᠠᠳᠭᠤᠵᠤ᠂ ᠲᠤᠳᠠᠭᠤᠳᠠᠯ ᠢ᠋ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠭᠠᠵᠤ᠂ ᠬᠥᠭᠵᠢᠯᠲᠡ ᠶ᠋ᠢᠨ ᠬᠦᠴᠢᠷ ᠠᠰᠠᠭᠤᠳᠠᠯ ᠢ᠋ ᠰᠢᠢᠳᠪᠦᠷᠢᠯᠡᠵᠦ᠂ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ᠂ ᠡᠷᠬᠡ ᠲᠡᠭᠰᠢ ᠪᠠᠢᠬᠤ ᠶ᠋ᠢ ᠠᠬᠢᠭᠤᠯᠬᠤ ᠳᠡᠭᠡᠷ᠎ᠡ ᠬᠦᠴᠦ ᠲᠠᠯᠪᠢᠵᠦ᠂ ᠰᠠᠭᠤᠷᠢ ᠰᠤᠷᠭᠠᠨ ᠬᠥᠮᠦᠵᠢᠯ ᠦ᠋ᠨ ᠴᠢᠨᠠᠷ ᠰᠠᠢᠲᠠᠢ ᠬᠥᠭᠵᠢᠯᠲᠡ ᠶ᠋ᠢ ᠴᠢᠷᠮᠠᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯ ᠠ᠋ᠴᠠ᠂ ᠨᠠᠮ ᠤ᠋ᠨ ᠲᠥᠪ ᠬᠣᠷᠢᠶ᠎ᠠ᠂ ᠲᠥᠷᠦ ᠶ᠋ᠢᠨ ᠶᠠᠪᠤᠳᠠᠯ ᠤ᠋ᠨ ᠬᠣᠷᠢᠶ᠎ᠠ ᠰᠠᠭᠤᠷᠢ ᠰᠤᠷᠭᠠᠨ ᠬᠥᠮᠦᠵᠢᠯ ᠢ᠋ ᠳᠡᠭᠡᠲᠤ ᠬᠡᠮᠵᠢᠶ᠎ᠡ ᠪᠡᠷ ᠴᠢᠬᠤᠯᠠᠴᠢᠯᠠᠵᠤ᠂ ᠰᠤᠷᠬᠤ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠥᠮ ᠦ᠋ᠨ ᠰᠤᠷᠭᠠᠨ ᠬᠥᠮᠦᠵᠢᠯ᠂ ᠡᠩ ᠦ᠋ᠨ ᠳᠡᠭᠡᠳᠦ ᠳᠤᠮᠳᠠᠳᠤ ᠶ᠋ᠢᠨ ᠥᠭᠡᠷᠡᠴᠢᠯᠡᠯᠲᠡ ᠶ᠋ᠢᠨ ᠲᠤᠬᠠᠢ ᠭᠤᠷᠪᠠᠨ ᠪᠢᠴᠢᠭ ᠮᠠᠲ᠋ᠧᠷᠢᠶᠠᠯ ᠢ᠋ ᠳᠠᠷᠤᠮᠠᠯᠯᠠᠨ ᠲᠠᠷᠬᠠᠭᠠᠵᠤ᠂ ᠰᠠᠭᠤᠷᠢ ᠰᠤᠷᠭᠠᠨ ᠬᠥᠮᠦᠵᠢᠯ ᠦ᠋ᠨ ᠠᠵᠢᠯ ᠳ᠋ᠤ᠌ ᠰᠢᠰᠲ᠋ᠧᠮ ᠲᠠᠢ ᠲᠣᠬᠢᠷᠠᠭᠤᠯᠤᠯᠲᠠ ᠪᠠ ᠪᠠᠢᠷᠢᠯᠠᠭᠤᠯᠤᠯᠲᠠ ᠬᠢᠵᠡᠢ᠃ ᠡᠯ᠎ᠡ ᠭᠠᠵᠠᠷ ᠣᠷᠤᠨ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠢᠨ ᠲᠥᠪ ᠦ᠋ᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤ᠋ᠨ ᠵᠣᠷᠢᠭ ᠰᠠᠨᠠᠭ᠎ᠠ ᠶ᠋ᠢ ᠰᠠᠢᠲᠤᠷ ᠰᠤᠷᠤᠯᠴᠠᠨ ᠲᠤᠭᠤᠰᠢᠯᠠᠭᠤᠯᠵᠤ᠂ ᠰᠠᠭᠤᠷᠢ ᠰᠤᠷᠭᠠᠨ ᠬᠥᠮᠦᠵᠢᠯ ᠢ᠋ ᠬᠥᠭᠵᠢᠭᠦᠯᠬᠦ ᠪᠡᠷ ᠴᠢᠬᠤᠯᠠ ᠡᠭᠦᠷᠭᠡ ᠪᠠᠨ ᠪᠣᠯᠭᠠᠵᠤ᠂ ᠳᠣᠪᠤᠢᠮ᠎ᠠ ᠠᠰᠠᠭᠤᠳᠠᠯ ᠢ᠋ ᠰᠤᠳᠤᠯᠤᠨ ᠰᠢᠢᠳᠪᠦᠷᠢᠯᠡᠵᠦ᠂ ᠠᠷᠠᠳ ᠲᠦᠮᠡᠨ ᠤ᠋ ᠬᠠᠨᠤᠮᠵᠢᠲᠠᠢ ᠰᠠᠭᠤᠷᠢ ᠰᠤᠷᠭᠠᠨ ᠬᠥᠮᠦᠵᠢᠯ ᠢ᠋ ᠪᠦᠬᠦ ᠬᠦᠴᠦᠨ ᠢ᠋ᠶ᠋ᠡᠷ ᠰᠠᠢᠲᠤᠷ ᠡᠷᠬᠢᠯᠡᠬᠦ ᠬᠡᠷᠡᠭᠲᠡᠢ ᠬᠡᠵᠦ ᠵᠢᠭᠠᠵᠤ ᠭᠠᠷᠭᠠᠪᠠ᠃

  ᠬᠤᠷᠠᠯ ᠠ᠋ᠴᠠ᠂ ᠰᠠᠭᠤᠷᠢ ᠰᠤᠷᠭᠠᠨ ᠬᠥᠮᠦᠵᠢᠯ ᠢ᠋ ᠦᠨᠡᠨ ᠬᠦ᠌ ᠤᠷᠢᠳ ᠢ᠋ᠶ᠋ᠠᠷ ᠬᠥᠭᠵᠢᠭᠦᠯᠬᠦ ᠪᠠᠢᠷᠢᠨ ᠳ᠋ᠤ᠌ ᠲᠠᠯᠪᠢᠵᠤ᠂ ᠨᠡᠢᠭᠡᠮ ᠵᠢᠷᠤᠮ ᠤ᠋ᠨ ᠰᠢᠨᠵᠢ ᠴᠢᠨᠠᠷ ᠲᠠᠢ᠂ ᠰᠤᠷᠭᠠᠨ ᠬᠥᠮᠦᠵᠢᠯ ᠦ᠋ᠨ ᠡᠷᠬᠡ ᠲᠡᠭᠰᠢ ᠶ᠋ᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ ᠢ᠋ ᠤᠷᠢᠳ ᠢ᠋ᠶ᠋ᠠᠷ ᠬᠥᠭᠵᠢᠭᠦᠯᠬᠦ᠂ ᠪᠦᠬᠦ ᠲᠠᠯ᠎ᠠ ᠪᠡᠷ ᠬᠥᠮᠦᠵᠢᠭᠦᠯᠬᠦ ᠪᠦᠬᠦ ᠲᠠᠯ᠎ᠠ ᠶ᠋ᠢᠨ ᠬᠥᠭᠵᠢᠯᠲᠡ ᠶ᠋ᠢᠨ ᠵᠠᠷᠴᠢᠮ ᠢ᠋ ᠪᠠᠷᠢᠮᠳᠠᠯᠠᠵᠤ᠂ ᠮᠠᠨ ᠤ᠋ ᠣᠷᠤᠨ ᠤ᠋ ᠰᠠᠭᠤᠷᠢ ᠰᠤᠷᠭᠠᠨ ᠬᠥᠮᠦᠵᠢᠯ ᠦ᠋ᠨ ᠠᠵᠢᠯ ᠳ᠋ᠤ᠌ ᠣᠷᠤᠰᠢᠵᠤ ᠪᠠᠢᠭ᠎ᠠ ᠳᠣᠪᠤᠢᠮ᠎ᠠ ᠠᠰᠠᠭᠤᠳᠠᠯ ᠢ᠋ ᠴᠢᠬᠤᠯᠠᠴᠢᠯᠠᠨ ᠦᠵᠡᠵᠤ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠭᠠᠵᠤ᠂ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠭᠤᠵᠤ᠂ ᠲᠥᠪ ᠦ᠋ᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳ᠋ᠤ᠌ ᠲᠣᠳᠤᠷᠬᠠᠢᠯᠠᠭᠰᠠᠨ ᠡᠯ᠎ᠡ ᠵᠦᠢᠯ ᠦ᠋ᠨ ᠬᠠᠷᠠᠯᠲᠠ ᠡᠭᠦᠷᠭᠡ ᠶ᠋ᠢ ᠨᠠᠷᠢᠨ ᠬᠢᠨᠠᠮᠠᠭᠠᠢ ᠬᠠᠷᠢᠴᠠᠭᠤᠯᠤᠨ ᠬᠠᠷᠭᠤᠭᠤᠯᠵᠤ᠂ ᠭᠣᠣᠯᠳᠠᠯᠭ᠎ᠠ ᠶ᠋ᠢ ᠠᠳᠭᠤᠵᠤ᠂ ᠲᠥᠷᠦᠯ ᠵᠦᠢᠯ ᠢ᠋ ᠳᠠᠷᠠᠭᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠤᠨ ᠤ᠋ ᠰᠠᠭᠤᠷᠢ ᠰᠤᠷᠭᠠᠨ ᠬᠥᠮᠦᠵᠢᠯ ᠦ᠋ᠨ ᠬᠥᠭᠵᠢᠯᠲᠡ ᠶ᠋ᠢᠨ ᠴᠢᠨᠠᠷ ᠴᠢᠨᠰᠠᠭ᠎ᠠ ᠪᠣᠯᠤᠨ ᠲᠦᠪᠰᠢᠨ ᠢ᠋ ᠦᠨᠡᠨ ᠬᠦ᠌ ᠳᠡᠭᠡᠭᠰᠢᠯᠡᠭᠦᠯᠵᠦ᠂ ᠠᠷᠠᠳ ᠤᠯᠠᠨ ᠤ᠋ ᠰᠤᠷᠭᠠᠨ ᠬᠥᠮᠦᠵᠢᠯ ᠦ᠋ᠨ ᠬᠦᠷᠲᠡᠮᠵᠢ ᠶ᠋ᠢᠨ ᠲᠥᠷᠦᠭᠳᠡᠯ ᠪᠣᠯᠤᠨ ᠵᠢᠷᠭᠠᠯᠲᠤ ᠲᠥᠷᠦᠭᠳᠡᠯ ᠢ᠋ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

                        ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ ᠨᠠᠪᠴᠢ

                        ᠳᠠᠳᠤᠯᠭ᠎ᠠ ᠶ᠋ᠢᠨ ᠰᠤᠷᠤᠭᠴᠢ ᠴᠠᠢᠯᠭᠠᠨ   ᠲᠡᠷᠭᠡᠯ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604