《ᠯᠢ ᠱᠢ ᠵᠸᠨ ᠦ᠌ ᠦᠯᠢᠭᠡᠷ》《ᠯᠢ ᠰᠧ ᠭᠤᠸᠠᠩ ᠤ᠋ᠨ ᠦᠯᠢᠭᠡᠷ》ᠤ᠋ᠨ ᠺᠢᠷᠢᠯ ᠮᠣᠩᠭᠤᠯ ᠬᠡᠪᠯᠡᠯ ᠦ᠋ᠨ ᠡᠷᠬᠡ ᠶ᠋ᠢ ᠮᠣᠩᠭᠤᠯ ᠤᠯᠤᠰ ᠲᠤ᠌ ᠭᠠᠷᠭᠠᠬᠤ ᠭᠡᠷ᠎ᠡ ᠳᠤᠬᠳᠠᠬᠤ ᠶᠣᠰᠣᠯᠠᠯ
2019.08.24

  8 ᠰᠠᠷ᠎ᠠ ᠶ᠋ᠢᠨ 22 ᠤ᠋ᠨ ᠡᠳᠥᠷ ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ ᠶ᠋ᠢᠨᠯᠢ ᠱᠢ ᠵᠸᠨ ᠦ᠌ ᠦᠯᠢᠭᠡᠷ》《ᠯᠢ ᠰᠧ ᠭᠤᠸᠠᠩ ᠤ᠋ᠨ ᠦᠯᠢᠭᠡᠷᠤ᠋ᠨ ᠺᠢᠷᠢᠯ ᠮᠣᠩᠭᠤᠯ ᠬᠡᠪᠯᠡᠯ ᠦ᠋ᠨ ᠡᠷᠬᠡ ᠶ᠋ᠢ ᠮᠣᠩᠭᠤᠯ ᠤᠯᠤᠰ ᠲᠤ᠌ ᠭᠠᠷᠭᠠᠬᠤ ᠭᠡᠷ᠎ᠡ ᠳᠤᠬᠳᠠᠬᠤ ᠶᠣᠰᠣᠯᠠᠯ ᠢ᠋ ᠳᠤᠮᠳᠠᠳᠤ ᠤᠯᠤᠰ ᠤ᠋ᠨ ᠤᠯᠠᠨ ᠤᠯᠤᠰ ᠤ᠋ᠨ ᠦᠵᠡᠰᠭᠦᠯᠡᠩ ᠦ᠋ᠨ ᠲᠥᠪ ᠲᠦ᠍ ᠶᠠᠪᠤᠭᠳᠠᠭᠤᠯᠪᠠ᠃

  ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ ᠪᠣᠯᠤᠨ ᠮᠣᠩᠭᠤᠯ ᠤᠯᠤᠰ ᠤ᠋ᠨ Bizway LLCᠯᠢ ᠱᠢ ᠵᠸᠨ ᠦ᠌ ᠦᠯᠢᠭᠡᠷ》《ᠯᠢ ᠰᠧ ᠭᠤᠸᠠᠩ ᠤ᠋ᠨ ᠦᠯᠢᠭᠡᠷᠤ᠋ᠨ ᠬᠡᠪᠯᠡᠯ ᠦ᠋ᠨ ᠡᠷᠬᠡ ᠶ᠋ᠢ ᠭᠠᠳᠠᠭᠰᠢ ᠭᠠᠷᠭᠠᠬᠤ ᠳᠤᠬᠠᠢ ᠭᠡᠷ᠎ᠡ ᠳᠤᠬᠳᠠᠵᠦ ᠪᠠᠢᠨ᠎ᠠ᠃

  ᠥᠪᠦᠷ ᠮᠣᠩᠭᠤᠯ ᠤ᠋ᠨ ᠦᠪᠡᠷᠳᠡᠬᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠳᠡᠰ ᠦ᠋ᠨ ᠳᠡᠳ᠋ ᠳᠠᠷᠤᠭ᠎ᠠ᠂ ᠺᠢᠨᠣ᠋ ᠶ᠋ᠢᠨ ᠳᠤᠪᠴᠢᠶᠠᠨ ᠤ᠋ ᠳᠠᠷᠤᠭ᠎ᠠ ᠦᠨᠡᠨᠴᠢ; ᠥᠪᠦᠷ ᠮᠣᠩᠭᠤᠯ ᠤ᠋ᠨ ᠦᠪᠡᠷᠳᠡᠬᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠳᠡᠰ ᠦ᠋ᠨ ᠬᠡᠪᠯᠡᠯ ᠳᠠᠷᠤᠮᠠᠯᠯᠠᠯ ᠳᠠᠷᠬᠠᠭᠠᠯᠳᠠ ᠶ᠋ᠢᠨ ᠬᠡᠯᠳᠡᠰ ᠦ᠋ᠨ ᠳᠠᠷᠤᠭ᠎ᠠ ᠸᠠᠩ ᠶᠢᠩ ᠵᠦᠩ; ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ; ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠨᠠᠢᠷᠠᠭᠤᠯᠤᠭᠴᠢ ᠴᠡᠴᠡᠭ; ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠪᠠᠢᠩᠭᠤ ᠶ᠋ᠢᠨ ᠳᠡᠳ᠋ ᠶᠡᠷᠦᠩᠬᠡᠢ ᠳᠠᠭᠠᠭᠠᠮᠠᠯ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠳᠠᠷᠤᠭ᠎ᠠ ᠰᠣᠶᠤᠯ; ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠨᠠᠢᠷᠠᠭᠤᠯᠤᠭᠴᠢ ᠶ᠋ᠢᠨ ᠳᠤᠰᠠᠯᠠᠬᠴᠢ᠂ ᠶᠡᠷᠦᠩᠬᠡᠢ ᠠᠵᠢᠯ ᠶᠠᠪᠤᠳᠠᠯ ᠤ᠋ᠨ ᠬᠡᠯᠳᠡᠰ ᠦ᠋ᠨ ᠡᠷᠬᠢᠯᠡᠭᠴᠢ ᠬᠤᠸᠠᠩ ᠲᠤᠤ; ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠠᠵᠢᠯ ᠶᠠᠪᠤᠳᠠᠯ ᠤ᠋ᠨ ᠬᠡᠯᠳᠡᠰ ᠦ᠋ᠨ ᠳᠡᠳ᠋ ᠡᠷᠬᠢᠯᠡᠭᠴᠢ ᠯᠢᠦ ᠱᠢ ᠰᠠᠨ; ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠨᠠᠮ ᠤ᠋ᠨ ᠶᠡᠷᠦᠩᠬᠡᠢ ᠡᠭᠦᠷ ᠦ᠋ᠨ ᠱᠦᠵᠢ ᠰᠠᠢᠯᠤᠩᠬᠤᠸᠠᠷ; ᠥᠪᠦᠷ ᠮᠣᠩᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠡᠪᠯᠡᠯ ᠦ᠋ᠨ ᠬᠣᠷᠢᠶᠠᠨ ᠤ᠋ ᠳᠠᠷᠤᠭ᠎ᠠ ᠪᠠᠳᠤᠪᠠᠶᠠᠷ; ᠠᠯᠤᠰ ᠤ᠋ᠨ ᠪᠠᠷ᠎ᠠ ᠬᠡᠪᠯᠡᠯ ᠦ᠋ᠨ ᠬᠣᠷᠢᠶᠠᠨ ᠤ᠋ ᠳᠠᠷᠤᠭ᠎ᠠ ᠭᠦᠸᠸ ᡁᠢ ᠴᠤᠤ; ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠳᠡᠳ᠋ ᠳᠠᠷᠤᠭ᠎ᠠ ᠢᠪᠡᠭᠡᠯᠳᠦ; ᠮᠣᠩᠭᠤᠯ ᠤᠯᠤᠰ ᠤ᠋ᠨ Bizway ᠪᠦᠷᠢᠨ ᠪᠤᠰᠤ ᠬᠠᠷᠢᠭᠤᠴᠠᠯᠭᠠᠳᠤ ᠺᠣᠮᠫᠠᠨᠢ ᠶ᠋ᠢᠨ ᠶᠡᠷᠦᠩᠬᠡᠢ ᠳᠠᠭᠠᠭᠠᠮᠠᠯ ᠪ᠊·ᠴᠢᠩᠪᠠᠭᠠᠳᠤᠷ; ᠮᠣᠩᠭᠤᠯ ᠤᠯᠤᠰ ᠤ᠋ᠨ Bizway ᠪᠦᠷᠢᠨ ᠪᠤᠰᠤ ᠬᠠᠷᠢᠭᠤᠴᠠᠯᠭᠠᠳᠤ ᠺᠣᠮᠫᠠᠨᠢ ᠶ᠋ᠢᠨ ᠵᠢᠷᠤᠭ ᠳᠦᠰᠦᠪᠯᠡᠯ ᠦ᠋ᠨ ᠬᠡᠯᠳᠡᠰ ᠦ᠋ᠨ ᠳᠠᠷᠤᠭ᠎ᠠ ᠊ᠪ᠊·ᠡᠩᠬᠡᠳᠦᠰᠢᠭ ᠨᠠᠷ ᠭᠡᠷ᠎ᠡ ᠳᠤᠬᠳᠠᠬᠤ ᠠᠵᠢᠯᠯᠠᠭᠠᠨ ᠳ᠋ᠤ᠌ ᠣᠷᠤᠯᠴᠠᠪᠠ᠃

  ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠨᠠᠢᠷᠠᠭᠤᠯᠤᠭᠴᠢ ᠶ᠋ᠢᠨ ᠳᠤᠰᠠᠯᠠᠬᠴᠢ᠂ ᠶᠡᠷᠦᠩᠬᠡᠢ ᠠᠵᠢᠯ ᠶᠠᠪᠤᠳᠠᠯ ᠤ᠋ᠨ ᠬᠡᠯᠳᠡᠰ ᠦ᠋ᠨ ᠡᠷᠬᠢᠯᠡᠭᠴᠢ ᠬᠤᠸᠠᠩ ᠲᠤᠤ ᠬᠤᠷᠠᠯ ᠢ᠋ ᠡᠷᠬᠢᠯᠡᠪᠡ᠃

  ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ ᠣᠢᠷ᠎ᠠ ᠶ᠋ᠢᠨ ᠵᠢᠯ ᠡᠴᠡ ᠨᠠᠭᠠᠰᠢ ᠳᠤᠮᠳᠠᠳᠤ ᠤᠯᠤᠰ ᠤ᠋ᠨ ᠰᠣᠶᠤᠯ ᠢ᠋ ᠭᠠᠳᠠᠭᠰᠢ ᠭᠠᠷᠭᠠᠬᠤ ᠳ᠋ᠤ᠌ ᠬᠦᠴᠦᠯᠡᠨ ᠴᠢᠷᠮᠠᠢᠵᠦ᠂ ᠤᠯᠤᠰ ᠤ᠋ᠨᠭᠠᠳᠠᠭᠰᠢ ᠭᠠᠷᠭᠠᠬᠤᠪᠠᠢᠯᠳᠤᠬᠤ ᠪᠣᠳᠤᠯᠭ᠎ᠠ ᠶ᠋ᠢᠨ ᠳᠤᠭᠤᠷᠢᠨ ᠳ᠋ᠤ᠌ᠨᠢᠭᠡ ᠪᠦᠰᠡ ᠨᠢᠭᠡ ᠵᠠᠮᠤ᠋ᠨ ᠰᠠᠨᠠᠭᠠᠴᠢᠯᠠᠭ᠎ᠠ ᠶ᠋ᠢ ᠦᠢᠯᠡᠳᠦᠯᠭᠡᠵᠢᠭᠦᠯᠦᠨ᠂ ᠦᠨᠳᠦᠰᠦᠳᠡᠨ ᠦ᠌ ᠰᠣᠶᠤᠯ᠂ ᠠᠮᠢ ᠠᠬᠤᠢ ᠶ᠋ᠢᠨ ᠰᠣᠶᠤᠯ᠂ ᠰᠢᠯᠢᠳᠡᠭ ᠬᠥᠮᠦᠰ ᠦ᠋ᠨ ᠦᠢᠯᠡ ᠠᠵᠢᠯᠯᠠᠭ᠎ᠠ ᠵᠡᠷᠭᠡ ᠳᠤᠮᠳᠠᠳᠤ ᠶ᠋ᠢᠨ ᠦᠨᠳᠦᠰᠦᠳᠡᠨ ᠦ᠌ ᠣᠨᠴᠠᠯᠢᠭ ᠪᠦᠬᠦᠢ ᠰᠣᠶᠤᠯ ᠤ᠋ᠨ ᠰᠢᠯᠢᠳᠡᠭ ᠬᠡᠪᠯᠡᠯ ᠦ᠋ᠨ ᠡᠬᠢ ᠪᠠᠶᠠᠯᠢᠭ ᠢ᠋ ᠦᠷᠭᠦᠯᠵᠢᠯᠡᠨ ᠬᠦᠨᠵᠡᠬᠡᠢ ᠠᠭᠤᠳᠠᠯᠤᠨ᠂ ᠦᠵᠡᠯᠳᠡ ᠣᠢᠯᠠᠭᠠᠭᠳᠠᠬᠤᠨ ᠢ᠋ᠶ᠋ᠠᠨ ᠰᠢᠨᠡᠴᠢᠯᠠᠨ᠂ ᠤᠯᠠᠨ ᠲᠠᠯ᠎ᠠ ᠶ᠋ᠢᠨ ᠠᠷᠭ᠎ᠠ ᠬᠡᠮᠵᠢᠶ᠎ᠡ ᠠᠪᠴᠤ᠂ ᠰᠢᠯᠢᠳᠡᠭ ᠪᠦᠳᠦᠬᠡᠯ ᠦ᠋ᠨ ᠬᠡᠪᠯᠡᠯ ᠦ᠋ᠨ ᠡᠷᠬᠡ ᠶ᠋ᠢ ᠳᠠᠳᠠᠨ ᠣᠷᠤᠭᠤᠯᠬᠤ ᠪᠠ ᠭᠠᠳᠠᠭᠰᠢ ᠭᠠᠷᠭᠠᠬᠤ ᠠᠵᠢᠯ ᠢ᠋ ᠳᠦᠯᠬᠢᠨ ᠠᠬᠢᠭᠤᠯᠵᠦ᠂ ᠤᠮᠠᠷᠠᠰᠢ ᠨᠡᠭᠡᠭᠡᠬᠦᠬᠥᠭᠦᠷᠭᠡᠨ ᠪᠡᠬᠢᠯᠡᠯᠳᠡᠶ᠋ᠢᠨ ᠦᠢᠯᠡᠳᠦᠯ ᠢ᠋ ᠪᠠᠳᠠᠷᠠᠭᠤᠯᠬᠤ ᠳ᠋ᠤ᠌ ᠢᠳᠡᠪᠬᠢᠳᠡᠢ ᠣᠷᠤᠯᠴᠠᠨ ᠵᠢᠳᠭᠦᠵᠦ ᠪᠤᠢ᠃

  ᠡᠨᠡ ᠤᠳᠠᠭᠠᠨ ᠤ᠋ ᠭᠡᠷ᠎ᠡ ᠲᠤᠬᠳᠠᠬᠤ ᠳ᠋ᠤ᠌ ᠰᠣᠩᠭᠤᠨ ᠣᠷᠤᠭᠤᠯᠤᠭᠰᠠᠨ ᠪᠦᠳᠦᠬᠡᠯᠯᠢ ᠱᠢ ᠵᠸᠨ ᠦ᠌ ᠦᠯᠢᠭᠡᠷ》《ᠯᠢ ᠰᠧ ᠭᠤᠸᠠᠩ ᠤ᠋ᠨ ᠦᠯᠢᠭᠡᠷ ᠪᠣᠯᠳᠤᠮᠳᠠᠳᠤ ᠶ᠋ᠢᠨ ᠰᠢᠯᠢᠳᠡᠭ ᠦᠯᠢᠭᠡᠷᠳᠤᠳᠤᠷᠠᠬᠢ ᠭᠠᠷᠮᠠᠭᠠᠢ ᠳᠦᠯᠦᠭᠡᠯᠡᠭᠴᠢ ᠪᠦᠳᠦᠬᠡᠯ ᠦ᠋ᠳ ᠪᠣᠯᠤᠨ᠎ᠠ᠃ ᠳᠡᠳᠡᠨ ᠦ᠌ ᠦᠯᠢᠭᠡᠷ ᠪᠠ ᠳᠦᠯᠦᠭᠡᠯᠡᠭᠴᠢ ᠪᠦᠳᠦᠬᠡᠯ ᠨᠢ ᠳᠤᠮᠳᠠᠳᠤ ᠶ᠋ᠢᠨ ᠦᠨᠳᠦᠰᠦᠳᠡᠨ ᠦ᠌ ᠰᠢᠯᠢᠳᠡᠭ ᠤᠯᠠᠮᠵᠢᠯᠠᠯᠳᠤ ᠰᠣᠶᠤᠯ ᠢ᠋ ᠬᠤᠷᠢᠶᠠᠩᠭᠤᠢᠯᠠᠨ ᠳᠤᠰᠬᠠᠵᠦ᠂ ᠠᠭᠤᠯᠭ᠎ᠠ ᠶ᠋ᠢᠨ ᠬᠤᠪᠢ ᠳ᠋ᠤ᠌ ᠬᠥᠮᠦᠰ ᠢ᠋ ᠤᠷᠮᠠᠰᠢᠭᠤᠯᠤᠨ ᠤᠷᠤᠭᠰᠢ ᠳᠠᠪᠰᠢᠭᠤᠯᠳᠠᠭ ᠵᠥᠪ ᠡᠨᠧᠷᠬᠢ ᠪᠡᠷ ᠳᠦᠭᠦᠷᠡᠩ ᠪᠣᠯᠬᠣᠷ ᠬᠥᠮᠦᠰ ᠦ᠋ᠨ ᠰᠡᠳᠭᠢᠯ ᠳ᠋ᠤ᠌ ᠬᠠᠳᠠᠩᠰᠢᠭᠰᠠᠨ ᠴᠠᠭ ᠦᠶ᠎ᠡ ᠶ᠋ᠢᠨ ᠰᠣᠩᠭᠤᠳᠠᠭ ᠪᠦᠳᠦᠬᠡᠯ ᠪᠣᠯᠵᠠᠢ᠃ ᠶᠡᠷᠦᠩᠬᠡᠢ ᠱᠦᠵᠢ ᠰᠢ ᠵᠢᠨ ᠫᠢᠩᠨᠢᠭᠡ ᠪᠦᠰᠡ ᠨᠢᠭᠡ ᠵᠠᠮᠤ᠋ᠨ ᠤᠯᠠᠨ ᠤᠯᠤᠰ ᠤ᠋ᠨ ᠬᠠᠮᠳᠤᠷᠠᠨ ᠠᠵᠢᠯᠯᠠᠬᠤ ᠳᠦᠷᠥᠬᠦᠴᠦᠳ ᠦ᠋ᠨ ᠶᠠᠷᠢᠯᠴᠠᠭᠠᠨ ᠤ᠋ ᠲᠠᠪᠴᠠᠩ ᠳ᠋ᠤ᠌ ᠢᠯᠡᠳᠭᠡᠯ ᠬᠢᠬᠦ ᠳ᠋ᠤ᠌ ᠪᠠᠨ᠄ᠤᠯᠤᠰ ᠤ᠋ᠨ ᠬᠠᠷᠢᠯᠴᠠᠭ᠎ᠠ ᠠᠨᠤ ᠠᠷᠠᠳ ᠤ᠋ᠨ ᠢᠳᠡᠬᠡᠯᠴᠡᠯ ᠳ᠋ᠤᠨᠢ ᠠᠮᠤᠢ᠂ ᠠᠷᠠᠳ ᠤ᠋ᠨ ᠢᠳᠡᠬᠡᠯᠴᠡᠯ ᠢᠨᠦ ᠰᠡᠳᠭᠢᠯ ᠦ᠋ᠨ ᠨᠡᠪᠳᠡᠷᠡᠯᠴᠡᠯ ᠳ᠋ᠦ᠍ᠷ ᠠᠮᠤᠢᠭᠡᠪᠡ᠃ ᠠᠷᠠᠳ ᠤᠯᠠᠨ ᠤ᠋ ᠰᠡᠳᠭᠢᠯ ᠦ᠋ᠨ ᠨᠡᠪᠳᠡᠷᠡᠯᠴᠡᠯ᠂ ᠰᠣᠶᠤᠯ ᠤ᠋ᠨ ᠣᠢᠯᠠᠭᠠᠯᠴᠠᠯ ᠪᠣᠯ ᠵᠠᠩᠭᠢᠯᠠᠭ᠎ᠠ ᠪᠣᠯᠤᠨ᠎ᠠ᠃

  ᠡᠨᠡ ᠤᠳᠠᠭᠠᠨ ᠤ᠋ ᠠᠯᠤᠰ ᠤ᠋ᠨ ᠪᠠᠷ᠎ᠠ ᠬᠡᠪᠯᠡᠯ ᠦ᠋ᠨ ᠬᠣᠷᠢᠶ᠎ᠠ ᠪᠣᠯᠤᠨ ᠮᠣᠩᠭᠤᠯ ᠤᠯᠤᠰ ᠤ᠋ᠨ Bizway  LLC ᠤ᠋ᠨ ᠬᠠᠮᠳᠤᠷᠠᠨ ᠠᠵᠢᠯᠯᠠᠯᠳᠠ ᠨᠢ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠪᠣᠯᠤᠨ ᠮᠣᠩᠭᠤᠯ ᠤᠯᠤᠰ ᠤ᠋ᠨ ᠬᠡᠪᠯᠡᠯ ᠦ᠋ᠨ ᠬᠢᠨ ᠤ᠋ ᠰᠣᠶᠤᠯ ᠤ᠋ᠨ ᠰᠣᠯᠢᠯᠴᠠᠭ᠎ᠠ ᠪᠠ ᠬᠠᠮᠳᠤᠷᠠᠨ ᠠᠵᠢᠯᠯᠠᠯᠳᠠ ᠶ᠋ᠢ ᠲᠡᠯᠡᠨ ᠬᠥᠭᠵᠢᠭᠦᠯᠬᠦ ᠳ᠋ᠤ᠌ ᠠᠰᠢᠬᠳᠠᠢ ᠨᠥᠬᠦᠴᠡᠯ ᠬᠠᠩᠭᠠᠭᠰᠠᠨ ᠮᠦᠷᠳᠡᠬᠡᠨ ᠳᠤᠮᠳᠠᠳᠤ ᠭᠠᠳᠠᠭᠠᠳᠤ ᠶ᠋ᠢᠨ ᠰᠣᠶᠤᠯ ᠤ᠋ᠨ ᠢᠳᠡᠭᠡᠰᠢᠯ᠂ ᠠᠷᠠᠳ ᠤ᠋ᠨ ᠰᠡᠳᠭᠢᠯ ᠤ᠋ᠨ ᠨᠡᠪᠳᠡᠷᠡᠯᠴᠡᠯ ᠳ᠋ᠤ᠌ ᠰᠢᠨ᠎ᠡ ᠬᠥᠭᠦᠷᠭᠡ ᠬᠣᠯᠪᠤᠭᠠᠰᠤ ᠡᠭᠦᠳᠴᠦ ᠥᠭᠴᠡᠢ᠃ ᠲᠡᠷᠡ ᠨᠢ ᠳᠤᠮᠳᠠᠳᠤ ᠤᠯᠤᠰ ᠤ᠋ᠨ ᠰᠣᠶᠤᠯ ᠢ᠋ᠭᠠᠳᠠᠭᠰᠢ ᠭᠠᠷᠭᠠᠵᠦ᠂ ᠳᠡᠯᠡᠬᠡᠢ ᠶ᠋ᠢᠨ ᠬᠡᠪᠴᠢᠶᠡᠨ᠎ᠡ ᠳᠤᠮᠳᠠᠳᠤ ᠶ᠋ᠢᠨ ᠳᠠᠭᠤᠨ ᠢ᠋ ᠳᠠᠭᠤᠷᠢᠰᠤᠭᠤᠯᠵᠦ᠂ ᠳᠤᠮᠳᠠᠳᠤ ᠶ᠋ᠢᠨ ᠦᠯᠢᠭᠡᠷ ᠢ᠋ ᠰᠠᠢᠬᠠᠨ ᠶᠠᠷᠢᠵᠦ᠂ ᠳᠡᠯᠡᠬᠡᠢ ᠳᠡᠭᠡᠷ᠎ᠡ ᠳᠤᠮᠳᠠᠳᠤ ᠤᠯᠤᠰ ᠤ᠋ᠨ ᠳᠦᠷᠦ ᠶ᠋ᠢᠨ ᠳᠥᠷᠬᠦ ᠶ᠋ᠢ ᠳᠡᠭᠡᠭᠰᠢᠯᠡᠭᠦᠯᠦᠨ᠂ ᠳᠤᠮᠳᠠᠳᠤ ᠤᠯᠤᠰ ᠤ᠋ᠨ ᠰᠣᠶᠤᠯ ᠤ᠋ᠨ ᠵᠥᠭᠡᠯᠡᠨ ᠪᠤᠳᠠᠳᠤ ᠬᠦᠴᠦᠨ ᠢ᠋ ᠳᠡᠭᠡᠭᠰᠢᠯᠡᠭᠦᠯᠬᠦ ᠳ᠋ᠤ᠌ ᠴᠢᠬᠤᠯᠠ ᠠᠴᠢ ᠬᠣᠯᠪᠤᠭᠳᠠᠯ ᠲᠠᠢ ᠶᠤᠮ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604