《ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠤᠶ᠎ᠠ》 ᠱᠢᠷᠢᠰ ᠴᠤᠪᠤᠷᠠᠯ ᠨᠣᠮ᠎ᠤᠨ ᠨᠡᠬᠡᠬᠡᠯᠳᠡ᠎ᠶᠢᠨ ᠶᠣᠰᠤᠯᠠᠯ᠎ᠢ ᠶᠠᠪᠤᠭᠳᠠᠭᠤᠯᠪᠠ
2019.08.21

  8 ᠰᠠᠷ᠎ᠠ᠎ᠶᠢᠨ 19᠎ᠤ ᠡᠳᠦᠷᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠤᠶ᠎ᠠᠱᠢᠷᠢᠰ ᠴᠤᠪᠤᠷᠠᠯ ᠨᠣᠮ᠂ ᠭᠣᠤᠯ ᠰᠡᠳᠦᠪᠳᠤ ᠳᠠᠭᠤᠯᠠᠬᠤᠢ·ᠬᠥᠭᠵᠢᠮᠳᠡᠬᠦᠢ·ᠪᠥᠵᠢᠭᠯᠡᠬᠦᠢ᠎ᠶᠢᠨ ᠨᠡᠢᠯᠡᠭ ᠡᠮᠬᠢᠳᠭᠡᠯ᠂ ᠤᠷᠠᠯᠢᠭ᠎ᠤᠨ ᠢᠯᠡ ᠵᠠᠬᠢᠳᠠᠯ᠎ᠤᠨ ᠨᠡᠬᠡᠬᠡᠯᠳᠡ᠎ᠶᠢᠨ ᠶᠣᠰᠤᠯᠠᠯ᠎ᠢ ᠬᠦᠬᠡᠬᠤᠳᠠ᠎ᠳᠤ ᠶᠠᠪᠤᠭᠳᠠᠭᠤᠯᠪᠠ᠃

  ᠡᠨᠡ ᠵᠢᠯ᠎ᠦᠨ 4 ᠰᠠᠷ᠎ᠠ᠎ᠡᠴᠡ ᠡᠬᠢᠯᠡᠨ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠂ ᠥᠪᠦᠷ ᠮᠣᠩᠭᠤᠯ᠎ᠤᠨ ᠺᠢᠨᠤ᠋᠎ᠶᠢᠨ ᠪᠦᠯᠦᠭᠯᠡᠯ ᠪᠣᠯᠤᠨ ᠳᠤᠮᠳᠠᠳᠤ ᠤᠯᠤᠰ᠎ᠤᠨ ᠱᠢᠤᠳᠠᠨ᠎ᠤ ᠥᠪᠦᠷ ᠮᠣᠩᠭᠤᠯ᠎ᠳᠡᠬᠢ ᠬᠤᠪᠢᠶᠠᠷᠢ ᠺᠣᠮᠫᠠᠨᠢ᠎ᠨᠢ ᠥᠪᠦᠷ ᠮᠣᠩᠭᠤᠯ᠎ᠤᠨ ᠦᠪᠡᠷᠳᠡᠬᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠳᠡᠰ᠎ᠦᠨ ᠵᠣᠬᠢᠶᠠᠨ ᠪᠠᠢᠭᠤᠯᠤᠯᠳᠠ ᠳᠣᠤᠷ᠎ᠠᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠤᠶ᠎ᠠᠱᠢᠷᠢᠰ ᠴᠤᠪᠤᠷᠠᠯ ᠨᠣᠮ᠂ ᠭᠣᠤᠯ ᠰᠡᠳᠦᠪᠳᠤ ᠳᠠᠭᠤᠯᠠᠬᠤᠢ·ᠬᠥᠭᠵᠢᠮᠳᠡᠬᠦᠢ·ᠪᠥᠵᠢᠭᠯᠡᠬᠦᠢ᠎ᠶᠢᠨ ᠨᠡᠢᠯᠡᠭ ᠡᠮᠬᠢᠳᠭᠡᠯ᠂ ᠤᠷᠠᠯᠢᠭ᠎ᠤᠨ ᠢᠯᠡ ᠵᠠᠬᠢᠳᠠᠯ᠎ᠤᠨ ᠳᠤᠬᠠᠢ ᠳᠤᠰᠭᠠᠢ ᠵᠣᠬᠢᠶᠠᠨ ᠪᠦᠳᠦᠬᠡᠯᠬᠡ ᠵᠢᠷᠤᠭ ᠳᠦᠰᠦᠪᠯᠡᠯ ᠬᠢᠭᠰᠡᠨ ᠪᠠᠢᠨ᠎ᠠ᠃ 4 ᠰᠠᠷ᠎ᠠ᠎ᠶᠢᠨ ᠴᠢᠷᠮᠠᠢᠯᠭ᠎ᠠ᠎ᠪᠡᠷ ᠳᠠᠮᠵᠢᠭᠠᠳ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠬᠡᠪᠯᠡᠭᠦᠯᠦᠭᠰᠡᠨᠠᠳᠤᠭᠤᠨ ᠰᠣᠶᠤᠯᠱᠢᠷᠢᠰ ᠴᠤᠪᠤᠷᠠᠯ ᠨᠣᠮ᠂ ᠳᠤᠮᠳᠠᠳᠤ ᠤᠯᠤᠰ᠎ᠤᠨ ᠱᠢᠤᠳᠠᠨ᠎ᠤ ᠥᠪᠦᠷ ᠮᠣᠩᠭᠤᠯ᠎ᠳᠡᠬᠢ ᠬᠤᠪᠢᠶᠠᠷᠢ ᠺᠣᠮᠫᠠᠨᠢ᠎ᠡᠴᠡ ᠦᠢᠯᠡᠳᠦᠭᠰᠡᠨ ᠱᠢᠤᠳᠠᠨ ᠳᠤᠭᠳᠤᠢ᠎ᠶᠢᠨ ᠬᠠᠪᠢᠰᠤ᠂ ᠥᠪᠦᠷ ᠮᠣᠩᠭᠤᠯ᠎ᠤᠨ ᠺᠢᠨᠤ᠋᠎ᠶᠢᠨ ᠪᠦᠯᠦᠭᠯᠡᠯ᠎ᠡᠴᠡ ᠬᠡᠪᠯᠡᠭᠦᠯᠦᠭᠰᠡᠨᠳᠦᠮᠡᠨ ᠠᠭᠳᠠ᠎ᠶᠢᠨ ᠳᠦᠪᠡᠷᠭᠡᠨ—— ᠮᠣᠩᠭᠤᠯ ᠮᠣᠷᠢᠨ᠎ᠤ ᠰᠡᠳᠦᠪᠳᠤ ᠳᠠᠭᠤᠯᠠᠬᠤᠢ·ᠬᠥᠭᠵᠢᠮᠳᠡᠬᠦᠢ·ᠪᠥᠵᠢᠭᠯᠡᠬᠦᠢ᠎ᠶᠢᠨ ᠨᠡᠢᠯᠡᠭ ᠡᠮᠬᠢᠳᠭᠡᠯᠥᠷᠭᠡᠨ ᠤᠯᠠᠨ ᠤᠩᠱᠢᠭᠴᠢᠳ ᠪᠣᠯᠤᠨ ᠰᠣᠨᠤᠰᠤᠭᠴᠢᠳ᠎ᠲᠠᠢ᠎ᠪᠠᠨ ᠵᠣᠯᠭᠠᠯ᠎ᠠ᠃

   《ᠠᠳᠤᠭᠤᠨ ᠰᠣᠶᠤᠯᠱᠢᠷᠢᠰ ᠴᠤᠪᠤᠷᠠᠯ ᠨᠣᠮ᠎ᠨᠢ ᠮᠣᠩᠭᠤᠯ ᠮᠣᠷᠢᠨ᠎ᠤ ᠵᠢᠷᠤᠭᠳᠤ ᠳᠡᠪᠳᠡᠷᠡᠷᠳᠡᠨᠢ᠎ᠶᠢᠨ ᠬᠦᠯᠦᠭᠥᠪᠦᠷ ᠮᠣᠩᠭᠤᠯ᠎ᠤᠨ ᠱᠢᠯᠢᠳᠡᠭ ᠦᠯᠢᠭᠡᠷ—— ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠤᠭᠰᠠᠨ ᠳᠡᠷᠢᠬᠦᠨ᠎ᠦ ᠬᠥᠮᠦᠰ᠎ᠦᠨ ᠦᠢᠯᠡ ᠠᠵᠢᠯᠯᠠᠭ᠎ᠠᠳᠤᠮᠳᠠᠳᠤ ᠤᠯᠤᠰ᠎ᠤᠨ ᠠᠳᠤᠭᠤᠨ᠎ᠤ ᠦᠢᠯᠡᠰ᠎ᠦᠨ ᠬᠥᠬᠡ ᠭᠠᠳᠠᠷᠳᠤ ᠪᠢᠴᠢᠭᠮᠣᠩᠭᠤᠯ ᠮᠣᠷᠢ ᠬᠢᠭᠡᠳ ᠲᠠᠯ᠎ᠠ ᠨᠤᠳᠤᠭ᠎ᠤᠨ ᠪᠣᠯᠪᠠᠰᠤᠨᠳᠤᠮᠳᠠᠳᠤ ᠤᠯᠤᠰ᠎ᠤᠨ ᠠᠳᠤᠭᠤᠨ ᠰᠣᠶᠤᠯ᠎ᠤᠨ ᠱᠢᠷᠢᠰ ᠴᠤᠪᠤᠷᠠᠯ ᠨᠣᠮᠥᠪᠦᠷ ᠮᠣᠩᠭᠤᠯ᠎ᠤᠨ ᠠᠳᠤᠭᠤᠨ ᠰᠣᠶᠤᠯ᠎ᠤᠨ ᠦᠢᠯᠡᠰ᠎ᠦᠨ ᠰᠤᠳᠤᠯᠭᠠᠨ᠎ᠤ ᠴᠤᠪᠤᠷᠠᠯ ᠨᠣᠮᠭᠡᠬᠦ 6 ᠳᠣᠮᠤ ᠰᠡᠳᠦᠪ ᠵᠢᠴᠢ ᠡᠭᠦᠨ ᠯᠤᠭᠡ ᠬᠠᠷᠠᠭᠠᠯᠵᠠᠭᠰᠠᠨ ᠵᠢᠵᠢᠭᠬᠠᠷᠮᠠᠨ᠎ᠤ ᠨᠣᠮ᠎ᠢᠶᠠᠷ ᠪᠦᠷᠢᠯᠳᠦᠵᠡᠢ᠃ ᠡᠨᠡ ᠪᠣᠯ ᠤᠯᠤᠰ᠎ᠤᠨ ᠳᠤᠳᠤᠭᠠᠳᠤᠬᠢ ᠠᠩᠬᠠᠳᠠᠭᠴᠢ ᠠᠳᠤᠭᠤᠨ ᠰᠤᠳᠤᠯᠤᠯ᠂ ᠠᠳᠤᠭᠤᠨ ᠰᠣᠶᠤᠯ᠂ ᠠᠳᠤᠭᠤᠨ᠎ᠤ ᠦᠢᠯᠡᠰ ᠪᠣᠯᠤᠨ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠱᠢᠰᠲᠧᠮ᠎ᠲᠠᠢ ᠰᠤᠳᠤᠯᠤᠨ ᠳᠠᠨᠢᠯᠴᠠᠭᠤᠯᠤᠭᠰᠠᠨ ᠴᠤᠪᠤᠷᠠᠯ ᠨᠣᠮ ᠪᠠᠢᠵᠦ᠂ ᠠᠳᠤᠭᠤᠨ ᠰᠤᠳᠤᠯᠤᠯ᠎ᠤᠨ ᠬᠦᠷᠢᠶᠡᠨ᠎ᠳᠡᠬᠢ ᠬᠣᠭᠤᠰᠤᠨ ᠵᠠᠢ᠎ᠶᠢ ᠨᠥᠬᠦᠨ᠂ ᠥᠪᠦᠷ ᠮᠣᠩᠭᠤᠯ᠎ᠤᠨ ᠰᠤᠳᠤᠯᠤᠭᠠᠴᠢᠳ᠎ᠤᠨ ᠠᠳᠤᠭᠤᠨ ᠰᠤᠳᠤᠯᠤᠯ᠎ᠤᠨ ᠬᠦᠷᠢᠶᠡᠨ᠎ᠳᠡᠬᠢ ᠰᠤᠳᠤᠯᠭᠠᠨ᠎ᠤ ᠦᠷ᠎ᠡ ᠪᠦᠳᠦᠬᠡᠯ᠎ᠢ ᠳᠦᠪᠯᠡᠷᠡᠩᠭᠦᠢ ᠢᠯᠡᠷᠡᠭᠦᠯᠪᠡ᠃ ᠮᠥᠨ᠎ᠴᠤᠮᠣᠩᠭᠤᠯ ᠮᠣᠷᠢᠨ᠎ᠤ ᠵᠣᠷᠢᠭ ᠰᠠᠨᠠᠭ᠎ᠠᠶᠢᠨ ᠰᠤᠳᠤᠯᠭᠠᠨ᠎ᠤ ᠪᠤᠳᠠᠳᠠᠢ ᠦᠷ᠎ᠡ ᠪᠦᠳᠦᠬᠡᠯ ᠪᠠᠢᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠬᠤ᠎ᠳᠤ ᠣᠨᠤᠯ ᠪᠠ ᠠᠬᠤᠢᠴᠢ ᠦᠨᠳᠦᠰᠦᠯᠡᠯ ᠬᠠᠩᠭᠠᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604