《ᠢᠯᠢ ᠶ᠋ᠢᠨ ᠭᠣᠣᠯ ᠤ᠋ᠨ ᠤᠷᠤᠰᠭᠠᠯ ᠳᠠᠭᠠᠤ ᠣᠷᠤᠨ ᠤ᠋ ᠬᠠᠳᠠᠭᠠᠯᠠᠭᠳᠠᠵᠤ ᠪᠠᠢᠭ᠎ᠠ ᠳᠤᠳᠦ ᠦᠰᠦᠭ ᠦ᠋ᠨ ᠰᠤᠷᠪᠤᠯᠵᠢ ᠪᠢᠴᠢᠭ ᠤ᠋ᠨ ᠴᠢᠭᠤᠯᠭᠠᠨ》 ᠴᠤᠪᠤᠷᠠᠯ ᠨᠣᠮ ᠤ᠋ᠨ ᠲᠠᠨᠢᠯᠴᠠᠭᠤᠯᠭ᠎ᠠ ᠶ᠋ᠢᠨ ᠬᠤᠷᠠᠯ
2019.09.25

  ᠥᠪᠤᠷ ᠮᠣᠩᠭᠤᠯ ᠤ᠋ᠨ ᠳᠥᠷᠪᠡᠳᠦᠭᠡᠷ ᠬᠤᠭᠤᠴᠠᠭᠠᠨ ᠤ᠋ ᠰᠣᠶᠤᠯ ᠤ᠋ᠨ ᠠᠵᠤ ᠦᠢᠯᠡᠰ ᠦ᠋ᠨ ᠦᠵᠡᠰᠭᠦᠯᠡᠩ ᠬᠤᠳᠠᠯᠳᠤᠭ᠎ᠠ ᠬᠦᠬᠡᠬᠤᠳᠠ ᠳ᠋ᠤ᠌ 9 ᠰᠠᠷ᠎ᠠ ᠶ᠋ᠢᠨ 20 - 24 ᠪᠤᠯᠳᠠᠯ᠎ᠠ ᠶᠠᠪᠤᠭᠳᠠᠬᠤ ᠪᠠᠷ ᠪᠠᠢᠨ᠎ᠠ᠃ ᠡᠨᠡ ᠬᠦ᠌ ᠦᠵᠡᠰᠭᠦᠯᠡᠩ ᠳᠡᠭᠡᠷ᠎ᠠ ᠥᠪᠤᠷ ᠮᠣᠩᠭᠤᠯ ᠤ᠋ᠨ ᠬᠡᠪᠯᠠᠯ ᠤ᠋ᠨ ᠪᠦᠯᠦᠭᠯᠡᠯ᠂ ᠥᠪᠤᠷ ᠮᠣᠩᠭᠤᠯ ᠤ᠋ᠨ ᠰᠣᠶᠤᠯ ᠤ᠋ᠨ ᠬᠡᠪᠯᠠᠯ ᠤ᠋ᠨ ᠬᠣᠷᠢᠶ᠎ᠠ ᠢᠯᠢ ᠶ᠋ᠢᠨ ᠭᠣᠣᠯ ᠤ᠋ᠨ ᠤᠷᠤᠰᠭᠠᠯ ᠳᠠᠭᠠᠤ ᠣᠷᠤᠨ ᠳ᠋ᠤ᠌ ᠬᠠᠳᠠᠭᠠᠯᠠᠭᠳᠠᠵᠤ ᠪᠠᠢᠭ᠎ᠠ ᠲᠤᠳᠦ ᠦᠰᠦᠭ ᠦ᠋ᠨ ᠰᠤᠷᠪᠤᠯᠵᠢ ᠪᠢᠴᠢᠭ ᠤ᠋ᠨ ᠴᠢᠭᠤᠯᠭᠠᠨ ᠴᠤᠪᠤᠷᠠᠯ ᠨᠣᠮ ᠤ᠋ᠨ ᠶᠡᠷᠦᠩᠬᠡᠢ ᠨᠠᠢᠷᠠᠭᠤᠯᠤᠭᠴᠢ ᠮᠢᠩᠭᠠᠳ ᠊ ᠡᠷᠳᠡᠮᠲᠦ᠂ ᠥᠪᠤᠷ ᠮᠣᠩᠭᠤᠯ ᠤ᠋ᠨ ᠡᠷᠲᠡᠨ ᠦ᠌ ᠰᠤᠳᠤᠷ ᠪᠢᠴᠢᠭ ᠢ᠋ ᠲᠢᠭᠯᠡᠵᠤ ᠨᠠᠢᠷᠠᠭᠤᠯᠬᠤ ᠠᠯᠪᠠᠨ ᠭᠡᠷ ᠦ᠋ᠨ ᠳᠡᠳ᠋ ᠡᠷᠬᠢᠯᠡᠭᠴᠢ ᠬᠠᠨ ᠴᠠᠩ ᠱᠧᠦ᠂ ᠲᠥᠰᠦᠯ ᠤ᠋ᠨ ᠬᠠᠷᠢᠭᠤᠴᠠᠯᠭᠠᠳᠠᠨ᠂ ᠥᠪᠤᠷ ᠮᠣᠩᠭᠤᠯ ᠤ᠋ᠨ ᠰᠣᠶᠤᠯ ᠤ᠋ᠨ ᠬᠡᠪᠯᠡᠯ ᠦ᠋ᠨ ᠬᠣᠷᠢᠶ᠎ᠠ ᠶ᠋ᠢᠨ ᠬᠢᠨᠠᠨ ᠨᠠᠢᠷᠠᠭᠤᠯᠤᠭᠴᠢ ᠳᠣᠷᠵᠢ ᠨᠠᠷ ᠢ᠋ ᠤᠷᠢᠵᠤ᠂ ᠤᠭ ᠴᠤᠪᠤᠷᠠᠯ ᠨᠣᠮ ᠢ᠋ ᠰᠤᠷᠳᠠᠯᠴᠢᠯᠠᠨ ᠲᠠᠨᠢᠯᠴᠠᠭᠤᠯᠤᠭᠰᠠᠨ ᠪᠠᠢᠨ᠎ᠠ᠃

  ᠲᠡᠭᠷᠢ ᠠᠭᠤᠯᠠ ᠪᠠᠨ ᠲᠦᠰᠢᠵᠦ᠂ ᠢᠯᠢ ᠶ᠋ᠢᠨ ᠭᠣᠣᠯ ᠤ᠋ᠨ ᠤᠷᠤᠰᠭᠠᠯ ᠳᠠᠭᠠᠤ ᠣᠷᠤᠨ ᠢ᠋ᠶ᠋ᠠᠷ ᠲᠠᠷᠬᠠᠨ ᠨᠤᠳᠤᠭᠰᠢᠭᠰᠠᠨ ᠥᠭᠡᠯᠡᠳ ᠮᠣᠩᠭᠤᠯᠴᠤᠳ ᠤ᠋ᠨ ᠨᠢᠭᠡᠨ ᠭᠠᠢᠬᠠᠮᠰᠢᠭ ᠭᠡᠪᠡᠯ ᠥᠪᠯᠡᠨ ᠤᠯᠠᠮᠵᠢᠯᠠᠵᠤ ᠢᠷᠡᠭᠰᠡᠨ ᠪᠠᠶᠠᠯᠢᠭ ᠥᠪ ᠪᠦᠬᠦᠢ ᠰᠤᠳᠤᠷ ᠪᠢᠴᠢᠭ ᠪᠣᠯᠬᠤ ᠶᠤᠮ᠃ ᠲᠥᠪ ᠦ᠋ᠨ ᠦᠨᠳᠦᠰᠦᠳᠡᠨ ᠦ᠌ ᠶᠡᠬᠡ ᠰᠤᠷᠭᠠᠭᠤᠯᠢ ᠶ᠋ᠢᠨ ᠮᠣᠩᠭᠤᠯ ᠬᠡᠯᠡ ᠤᠳᠭ᠎ᠠ ᠵᠣᠬᠢᠶᠠᠯ ᠤ᠋ᠨ ᠰᠠᠯᠪᠤᠷᠢ ᠶ᠋ᠢᠨ ᠫᠷᠣᠹᠧᠰᠰᠣᠷ᠂ ᠳ᠋ᠤᠺᠲ᠋ᠤᠷᠠᠨᠲ ᠤ᠋ᠨ ᠵᠢᠯᠤᠭᠤᠳᠤᠭᠴᠢ ᠪᠠᠭᠰᠢ ᠮᠢᠩᠭᠠᠳ ᠊ ᠡᠷᠳᠡᠮᠲᠦ ᠡᠨᠡ ᠬᠦ᠌ ᠨᠣᠮ ᠤ᠋ᠨ ᠴᠠᠭᠠᠨ ᠭᠡᠷᠡᠯ ᠰᠠᠴᠤᠷᠠᠭᠰᠠᠨ ᠨᠤᠳᠤᠭ ᠢ᠋ᠶ᠋ᠠᠷ 17 ᠵᠢᠯ ᠤ᠋ᠨ ᠳᠤᠷᠰᠢ ᠭᠡᠬᠡᠷ᠎ᠠ ᠶ᠋ᠢᠨ ᠪᠠᠢᠴᠠᠭᠠᠯᠳᠠ ᠬᠢᠵᠤ᠂ ᠨᠥᠷᠢ ᠬᠦᠳᠡᠯᠮᠤᠷᠢ ᠭᠠᠷᠭᠠᠨ ᠠᠷᠠᠳ ᠤ᠋ᠨ ᠭᠠᠷ ᠲᠤ᠌ ᠪᠠᠢᠭ᠎ᠠ ᠳᠡᠳᠡᠭᠡᠷ ᠰᠤᠳᠤᠷ ᠪᠢᠴᠢᠭ ᠢ᠋ ᠡᠮᠬᠢᠯᠡᠵᠤ ᠲᠢᠭᠯᠡᠨ ᠭᠡᠷᠡᠯ ᠵᠢᠷᠤᠭ ᠤ᠋ᠨ ᠬᠡᠯᠪᠡᠷᠢ ᠪᠠᠷ ᠴᠤᠪᠤᠷᠠᠯ ᠨᠣᠮ ᠪᠣᠯᠭᠠᠨ ᠬᠡᠪᠯᠡᠬᠦᠯᠵᠤ ᠪᠠᠢᠭ᠎ᠠ ᠨᠢ ᠡᠨᠡ ᠪᠣᠯᠤᠨ᠎ᠠ᠃ ᠤᠭ ᠴᠤᠪᠤᠷᠠᠯ ᠨᠣᠮ ᠨᠢ ᠤᠯᠤᠰ ᠤ᠋ᠨ ᠠᠷᠪᠠᠨ ᠭᠤᠷᠪᠠᠳᠤᠭᠠᠷ ᠲᠠᠪᠤᠨ ᠵᠢᠯ ᠤ᠋ᠨ ᠲᠥᠯᠦᠪᠵᠢᠭᠦᠯᠭᠡ ᠶ᠋ᠢᠨ ᠴᠦ᠋ᠬᠡᠨ ᠳᠤᠭᠠᠲᠦ ᠦᠨᠳᠦᠰᠦᠳᠡᠨ ᠦ᠌ ᠦᠭᠡ ᠬᠡᠯᠡ ᠦᠰᠦᠭ ᠪᠢᠴᠢᠭ ᠤ᠋ᠨ ᠬᠡᠪᠯᠠᠯ ᠤ᠋ᠨ ᠲᠥᠯᠦᠪᠵᠢᠭᠦᠯᠭᠡᠨ ᠳ᠋ᠦ᠍ ᠣᠷᠤᠵᠤ᠂ ᠤᠯᠤᠰ ᠤ᠋ᠨ ᠰᠠᠭᠤᠷᠢ ᠮᠥᠩᠭᠦᠨ ᠦ᠌ ᠳᠡᠮᠵᠢᠯᠭᠡ ᠶ᠋ᠢᠨ ᠲᠥᠰᠦᠯ ᠢ᠋ᠶ᠋ᠡᠷ ᠬᠡᠪᠯᠡᠭᠳᠡᠵᠤ ᠪᠠᠢᠨ᠎ᠠ᠃

  ᠡᠨᠡ ᠬᠦ᠌ ᠰᠤᠷᠪᠤᠯᠵᠢ ᠪᠢᠴᠢᠭ ᠤ᠋ᠨ ᠴᠤᠪᠤᠷᠠᠯ ᠪᠣᠯ ᠣᠢᠷᠠᠳ ᠮᠣᠩᠭᠤᠯᠴᠤᠳ ᠤ᠋ᠨ ᠤᠢ ᠪᠢᠯᠢᠭ ᠤ᠋ᠨ ᠬᠢᠯᠠᠯᠵᠠᠭᠰᠠᠨ ᠲᠠᠯᠠᠰᠲᠦ ᠮᠥᠨ᠃ ᠳᠤᠷᠭᠠᠨ ᠵᠠᠮ ᠳ᠋ᠤ᠌ ᠰᠦᠨᠳᠡᠷᠯᠡᠨ ᠪᠣᠰᠤᠭᠰᠠᠨ ᠡᠷᠳᠡᠨᠢ ᠶ᠋ᠢᠨ ᠰᠤᠪᠤᠷᠭ᠎ᠠ ᠮᠥᠨ᠃ ᠨᠠᠮ ᠤ᠋ᠨ ᠦᠨᠳᠦᠰᠦᠳᠡᠨ ᠦ᠌ ᠰᠣᠶᠤᠯ ᠤ᠋ᠨ ᠳᠤᠬᠠᠢ ᠲᠥᠷᠦ ᠶ᠋ᠢᠨ ᠪᠣᠳᠤᠯᠭ᠎ᠠ ᠶ᠋ᠢᠨ ᠬᠡᠷᠡᠭᠵᠢᠬᠦᠯᠦᠯᠳᠠ ᠶ᠋ᠢᠨ ᠭᠡᠷᠡᠯᠲᠦ ᠬᠥᠰᠢᠶ᠎ᠡ ᠪᠣᠯᠬᠤ ᠶᠤᠮ᠃

                           ᠲᠥᠪ ᠲᠧᠯᠸᠢᠰ ᠦ᠋ᠨ ᠮᠣᠩᠭᠤᠯ ᠰᠦᠯᠵᠢᠶ᠎ᠠ ᠡᠴᠡ ᠰᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604