ᠥᠪᠥᠷ ᠮᠣᠩᠭᠣᠯ ᠤ᠋ᠨ ᠬᠡᠪᠯᠡᠯ ᠤ᠋ᠨ ᠪᠥᠯᠥᠭᠯᠡᠯ ᠦ᠋ᠨ ᠠᠩᠬᠠᠳᠠᠭᠴᠢ ᠤᠳᠠᠭᠠᠨ ᠤ᠋ ᠠᠵᠢᠯᠲᠠᠨ ᠠᠵᠢᠯᠴᠢᠨ ᠤ᠋ ᠪᠡᠶ᠎ᠡ ᠵᠢᠨ ᠲᠠᠮᠢᠷ ᠤ᠋ᠨ ᠴᠤᠭᠯᠠᠭᠠᠨ  ᠤ᠋ ᠨᠢᠭᠡᠳᠦᠭᠡᠷ ᠱᠠᠲᠤᠨ ᠤ᠋ ᠤᠷᠤᠯᠳᠤᠭᠠᠨ ᠡᠬᠢᠯᠡᠯ᠎ᠡ
2019.09.24

  9 ᠰᠠᠷ᠎ᠠ ᠵᠢᠨ 23 ᠤ᠋ ᠡᠳᠦᠷ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤ᠋ᠨ ᠤᠢ ᠵᠢ ᠪᠠᠶᠠᠷᠯᠠᠨ ᠤᠭᠲᠤᠬᠤ ᠪᠠ ᠬᠡᠪᠯᠡᠯ ᠦ᠋ᠨ ᠪᠥᠯᠥᠭᠯᠡᠯ ᠪᠠᠢᠭᠤᠯᠤᠭᠳᠠᠭᠰᠠᠨ 10 ᠵᠢᠯ ᠤ᠋ᠨ ᠤᠢ ᠵᠢ ᠪᠠᠶᠠᠷᠯᠠᠨ ᠳᠤᠷᠠᠰᠬᠠᠵᠤ᠂ ᠠᠵᠢᠯᠲᠠᠳ  ᠠᠵᠢᠯᠴᠢᠳ  ᠤ᠋ᠨ ᠠᠵᠢᠯ ᠤ᠋ᠨ ᠴᠢᠯᠦᠭᠡᠨ ᠦ᠌ ᠠᠮᠢᠳᠤᠷᠠᠯ ᠢ᠋ ᠪᠠᠶᠠᠯᠢᠭᠵᠢᠭᠤᠯᠤᠨ᠂ ᠢᠳᠡᠪᠬᠢᠲᠡᠢ᠂ ᠥᠭᠡᠳᠡᠷᠬᠡᠭᠦᠨ ᠺᠤᠮᠫᠠᠨᠢ ᠵᠢᠨ ᠰᠤᠶᠤᠯ ᠤ᠋ᠨ ᠠᠭᠤᠷ ᠠᠮᠢᠰᠬᠤᠯ ᠢ᠋ ᠪᠤᠢ ᠪᠤᠯᠭᠠᠬᠤ ᠵᠢᠨ ᠬᠠᠮᠲᠤ ᠠᠵᠢᠯᠲᠠᠳ ᠤ᠋ᠨ ᠬᠤᠭᠤᠷᠤᠨᠳᠤᠬᠢ ᠶᠠᠪᠤᠯᠴᠠᠭ᠎ᠠ ᠵᠢ ᠨᠡᠮᠡᠭᠳᠡᠭᠦᠯᠦᠨ᠂ ᠪᠥᠯᠥᠭᠯᠡᠯ ᠦ᠋ᠨ ᠪᠥᠬᠥ ᠠᠵᠢᠯᠲᠠᠳ ᠤ᠋ᠨ ᠤᠶᠤᠨ ᠰᠠᠨᠠᠭᠠᠨ ᠤ᠋ ᠲᠦᠷᠢᠰᠦ ᠪᠠᠢᠳᠠᠯ ᠢ᠋ ᠬᠠᠷᠠᠭᠤᠯᠤᠭᠰᠠᠨ ᠥᠪᠥᠷ ᠮᠣᠩᠭᠣᠯ ᠤ᠋ᠨ ᠬᠡᠪᠯᠡᠯ ᠦ᠋ᠨ ᠪᠥᠯᠥᠭᠯᠡᠯ ᠦ᠋ᠨ ᠠᠩᠬᠠᠳᠠᠭᠴᠢ ᠤᠳᠠᠭᠠᠨ ᠤ᠋ ᠠᠵᠢᠯᠲᠠᠨ ᠠᠵᠢᠯᠴᠢᠨ ᠤ᠋ ᠪᠡᠶ᠎ᠡ ᠵᠢᠨ ᠲᠠᠮᠢᠷ ᠤ᠋ᠨ ᠴᠤᠭᠯᠠᠭᠠᠨ ᠤ᠋ ᠨᠢᠭᠡᠳᠦᠭᠡᠷ ᠱᠠᠲᠤᠨ ᠤ᠋ ᠤᠷᠤᠯᠳᠤᠭᠠᠨ ᠠᠮᠵᠢᠯᠲᠠ ᠲᠠᠢ  ᠪᠡᠷ ᠡᠬᠢᠯᠡᠪᠡ᠃

  ᠲᠤᠰ ᠤᠳᠠᠭᠠᠨ ᠤ᠋ ᠲᠠᠮᠢᠷ ᠤ᠋ᠨ ᠴᠤᠭᠯᠠᠭᠠᠨ  ᠳ᠋ᠤ᠌ ᠰᠠᠭᠰᠤᠨ ᠪᠥᠮᠪᠥᠭᠡ᠂ ᠠᠯᠠᠭᠠᠳᠠᠬᠤ ᠪᠥᠮᠪᠥᠭᠡ᠂ ᠫᠢᠩᠫᠠᠩ ᠪᠥᠮᠪᠥᠭᠡ᠂ ᠰᠤᠨᠢᠷᠬᠠᠯᠲᠤ ᠤᠷᠤᠯᠳᠤᠭᠠᠨ ᠵᠡᠷᠭᠡ ᠲᠡᠮᠡᠴᠡᠭᠡᠨ ᠪᠠᠢᠵᠤ᠂ ᠪᠥᠯᠥᠭᠯᠡᠯ  ᠪᠠ ᠡᠯ᠎ᠡ ᠬᠠᠷᠢᠶᠠᠲᠤ ᠪᠠᠢᠭᠤᠯᠭ᠎ᠠ ᠵᠢᠨ ᠲᠥᠯᠦᠭᠡᠯᠡᠭᠴᠢᠳ ᠦ᠋ᠨ ᠠᠩᠭᠢ ᠤᠷᠤᠯᠳᠤᠭᠠᠨ ᠳ᠋ᠤ᠌ ᠤᠷᠤᠯᠴᠠᠭᠰᠠᠨ ᠪᠠᠢᠨ᠎ᠠ᠃

  ᠬᠠᠮᠤᠭ ᠤ᠋ᠨ ᠲᠡᠷᠢᠭᠦᠨ  ᠳ᠋ᠤ᠌ ᠶᠠᠪᠤᠭᠳᠠᠭᠰᠠᠨ ᠨᠢ ᠰᠠᠭᠰᠤᠨ ᠪᠥᠮᠪᠥᠭᠡ ᠵᠢᠨ ᠤᠷᠤᠯᠳᠤᠭᠠᠨ ᠪᠤᠯᠤᠨ᠎ᠠ᠃ ᠡᠯ᠎ᠡ ᠲᠥᠯᠥᠭᠡᠯᠡᠭᠴᠢᠳ ᠦ᠋ᠨ ᠠᠩᠭᠢ ᠵᠢᠪᠬᠤᠭ᠎ᠠ ᠲᠡᠭᠦᠯᠳᠡᠷ᠂ ᠵᠣᠷᠢᠭ ᠪᠠᠳᠠᠷᠠᠩᠭᠤᠢ ᠪᠠᠷ ᠤᠷᠤᠯᠳᠤᠭᠠᠨ  ᠳ᠋ᠤ᠌ ᠣᠷᠣᠯᠴᠠᠭᠰᠠᠨ ᠪᠠᠢᠨ᠎ᠠ᠃ ᠰᠠᠭᠰᠤᠨ ᠪᠥᠮᠪᠥᠭᠡ ᠵᠢᠨ ᠲᠠᠮᠢᠷᠴᠢᠳ ᠬᠥᠳᠡᠯᠥᠩᠭᠦᠢ ᠪᠡᠷ ᠳᠠᠭᠠᠷᠢᠵᠦ᠂ ᠳᠤᠷᠪᠢᠲᠠᠢ ᠪᠤᠯᠪᠠᠰᠤᠷᠠᠩᠭᠤᠢ ᠪᠠᠷ ᠪᠥᠮᠪᠥᠭᠡ ᠪᠡᠨ ᠱᠠᠯᠠᠪᠬᠠᠨ ᠳᠠᠮᠵᠢᠭᠤᠯᠵᠤ᠂ ᠢᠯᠭᠤᠮ ᠰᠢᠯᠤᠭᠤᠬᠠᠨ ᠰᠠᠭᠰᠤᠯᠠᠵᠤ ᠪᠠᠢᠯ᠎ᠠ᠃ ᠬᠣᠶᠠᠷ ᠲᠠᠯ᠎ᠠ ᠵᠢᠨ ᠲᠠᠮᠢᠷᠴᠢᠳ ᠮᠠᠰᠢ ᠲᠦᠷᠭᠡᠨ ᠢ᠋ᠶ᠋ᠡᠷ ᠤᠷᠤᠯᠳᠤᠭᠠᠨ ᠳ᠋ᠤ᠌ ᠪᠠᠨ ᠰᠢᠢᠳᠦᠨ᠂ ᠪᠦᠭᠦᠳᠡᠭᠡᠷ ᠢ᠋ᠶ᠋ᠡᠨ ᠰᠦᠷ ᠵᠢᠪᠬᠤᠭ᠎ᠠ ᠲᠡᠭᠦᠯᠳᠡᠷ᠂ ᠨᠠᠭᠠᠰᠢ ᠴᠠᠭᠠᠰᠢ ᠵᠦᠷᠢᠯᠳᠤᠨ᠂ ᠳᠠᠭᠠᠷᠢᠬᠤ ᠬᠠᠰᠢᠬᠤ ᠡᠭᠡᠯᠵᠢᠯᠳᠡᠨ᠂ ᠤᠷᠤᠯᠳᠤᠭᠠᠨ ᠤ᠋ ᠬᠤᠪᠢ ᠴᠤ ᠬᠡᠨ ᠠᠯᠢᠨ ᠳ᠋ᠤ᠌ ᠪᠠᠨ ᠳᠡᠢᠯᠦᠭᠳᠡᠬᠦ ᠦᠭᠡᠢ ᠡᠭᠡᠯᠵᠢᠯᠡᠨ ᠲᠠᠪᠠᠵᠤ ᠯᠡ ᠪᠠᠢᠯ᠎ᠠ᠃ ᠲᠠᠯᠠᠪᠤᠷ ᠤ᠋ᠨ ᠭᠠᠳᠠᠨᠠᠬᠢ ᠳᠡᠮᠵᠢᠭᠴᠢᠳ ᠦ᠋ᠨ ᠪᠠᠭ ᠤ᠋ᠨ ᠬᠢᠨ ᠴᠦ᠍ ᠤᠤᠬᠠᠢᠯᠠᠨ ᠬᠠᠰᠬᠢᠷᠤᠯᠳᠤᠵᠤ᠂ ᠪᠥᠮᠪᠥᠭᠡᠨ ᠲᠠᠯᠠᠪᠠᠢ  ᠬᠦᠷ ᠳᠡᠪᠵᠢᠶᠡᠨ ᠢ᠋ᠶ᠋ᠡᠷ ᠪᠢᠯᠬᠠᠪᠠ᠃

  ᠲᠤᠰ ᠤᠳᠠᠭᠠᠨ ᠤ᠋ ᠲᠠᠮᠢᠷ ᠤ᠋ᠨ ᠴᠤᠭᠯᠠᠭᠠᠨ ᠨᠢ ᠲᠠᠪᠤᠨ ᠡᠳᠦᠷ ᠦᠷᠭᠦᠯᠵᠢᠯᠡᠬᠦ ᠪᠣᠯᠣᠨ᠎ᠠ᠃ ᠤᠷᠤᠯᠳᠤᠭᠠᠨ ᠤ᠋ ᠬᠤᠭᠤᠴᠠᠭᠠᠨ ᠳ᠋ᠤ᠌ ᠪᠤᠰᠤᠳ ᠬᠡᠳᠦᠨ ᠵᠦᠢᠯ ᠦ᠋ᠨ ᠪᠠᠭ᠎ᠠ ᠳᠤᠭᠤᠢᠯᠠᠩ ᠤ᠋ᠨ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠨᠢ ᠵᠡᠷᠭᠡ ᠪᠡᠷ ᠶᠠᠪᠤᠭᠳᠠᠨ᠎ᠠ᠂ 27 ᠤ᠋ ᠡᠳᠦᠷ ᠡᠬᠢᠯᠡᠬᠦ ᠶᠣᠰᠤᠯᠠᠯ ᠪᠠ ᠰᠣᠨᠢᠷᠬᠠᠯᠲᠤ ᠤᠷᠤᠯᠳᠤᠭᠠᠨ ᠪᠠ ᠲᠡᠭᠦᠰᠬᠦ ᠶᠣᠰᠤᠯᠠᠯ ᠶᠠᠪᠤᠭᠳᠠᠬᠤ ᠪᠣᠯᠣᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604