ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ᠄ ᠲᠣᠭᠠᠴᠢᠯᠠᠭᠰᠠᠨ ᠮᠡᠳᠡᠭᠡ ᠨᠢ ᠤᠯᠠᠮᠵᠢᠯᠠᠯᠲᠤ ᠬᠡᠪᠯᠡᠯ ᠳᠦ ᠬᠦᠴᠦ ᠨᠡᠮᠡᠷᠢᠯᠡᠨ᠂ ᠴᠣ᠋ ᠰᠢᠨ᠎ᠡ ᠦᠷ᠎ᠡ ᠪᠦᠲᠦᠭᠡᠯ ᠢ ᠲᠡᠯᠭᠡᠨ ᠦᠵᠡᠭᠦᠯᠦᠨ᠎ᠡ
2019.09.25

    ᠳᠥᠷᠪᠡᠳᠦᠭᠡᠷ ᠬᠤᠭᠤᠴᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ

    ᠰᠣᠶᠣᠯ ᠤᠨ ᠠᠵᠤ ᠦᠢᠯᠡᠰ ᠦᠨ ᠦᠵᠡᠰᠬᠦᠯᠡᠩ ᠪᠠ ᠠᠷᠠᠯᠵᠢᠶᠠᠨ ᠤ ᠴᠤᠭᠯᠠᠭᠠᠨ ᠡᠬᠢᠯᠡᠪᠡ

 

  9 ᠰᠠᠷ᠎ᠠ ᠶᠢᠨ 20 ᠤ ᠡᠳᠦᠷ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠦᠨ ᠦᠵᠡᠰᠬᠦᠯᠡᠩ ᠪᠠ ᠠᠷᠠᠯᠵᠢᠶᠠᠨ ᠤ ᠴᠤᠭᠯᠠᠭᠠᠨ ᠬᠦᠬᠡᠬᠣᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠦᠨ ᠲᠥᠪ ᠲᠦ ᠡᠬᠢᠯᠡᠪᠡ᠃

  ᠲᠣᠰ ᠬᠤᠭᠤᠴᠠᠭᠠᠨ ᠤ ᠰᠣᠶᠣᠯ ᠤᠨ ᠦᠵᠡᠰᠬᠦᠯᠡᠩ ᠦᠨ ᠴᠤᠭᠯᠠᠭᠠᠨ ᠨᠢ 《ᠨᠣᠮᠢᠨ ᠨᠣᠭᠣᠭᠠᠨ ᠤᠮᠠᠷᠠᠲᠤ ᠬᠢᠯᠢ ᠶᠢᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠰᠠᠷᠠᠭᠤᠯ ᠢᠷᠡᠭᠡᠳᠦᠶ》 ᠪᠠᠷ ᠭᠣᠤᠯ ᠰᠡᠳᠦᠪ ᠢᠶᠠᠨ ᠪᠣᠯᠭᠠᠭᠰᠠᠨ ᠪᠠᠢᠨ᠎ᠠ᠂ ᠦᠵᠡᠭᠦᠯᠭᠡ ᠨᠢ 2019 ᠣᠨ ᠤ 9 ᠰᠠᠷ᠎ᠠ ᠶᠢᠨ 20 ᠦ ᠡᠳᠦᠷ - 24 ᠦ ᠡᠳᠦᠷ ᠪᠣᠯᠲᠠᠯ᠎ᠠ ᠶᠠᠪᠤᠭᠳᠠᠨ᠎ᠠ᠃ ᠭᠣᠤᠯ ᠬᠤᠷᠠᠯ ᠤᠨ ᠲᠠᠯᠠᠪᠠᠢ ᠶᠢ ᠥᠪᠥᠷ ᠮᠣᠩᠭᠣᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠦᠨ ᠲᠥᠪ ᠲᠦ ᠲᠣᠬᠢᠷᠠᠭᠤᠯᠵᠤ᠂ ᠦᠵᠡᠰᠬᠦᠯᠡᠩ ᠦᠨ ᠲᠠᠯᠠᠪᠠᠢ ᠨᠢ 2 ᠲᠦᠮᠡᠨ ᠲᠡᠭᠰᠢ ᠳᠥᠷᠪᠡᠯᠵᠢᠨ ᠮᠧᠲ᠋ᠷ᠂ ᠨᠡᠢᠲᠡ 8 ᠶᠡᠬᠡ ᠭᠣᠤᠯ ᠰᠡᠳᠦᠪ ᠲᠠᠢ ᠪᠠᠢᠵᠤ᠂ ᠲᠣᠰ ᠪᠦᠷᠢ ᠰᠣᠶᠣᠯ ᠤᠨ ᠠᠵᠤ ᠦᠢᠯᠡᠰ ᠦᠨ ᠶᠡᠷᠦᠩᠬᠡᠢ ᠣᠷᠳᠣᠨ᠂《ᠨᠢᠭᠡ ᠪᠦᠰᠡ ᠨᠢᠭᠡ ᠵᠠᠮ》 ᠤᠨ ᠣᠯᠠᠨ ᠤᠯᠤᠰ ᠤᠨ ᠣᠷᠳᠣᠨ᠂ ᠰᠣᠶᠣᠯ ᠵᠢᠭᠤᠯᠴᠢᠯᠠᠯ ᠤᠨ ᠪᠦᠲᠦᠭᠡᠯᠴᠢ ᠠᠮᠢᠳᠤᠷᠠᠯ ᠤᠨ ᠣᠷᠳᠣᠨ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠪᠡᠶᠡᠴᠢᠯᠡᠨ ᠣᠢᠯᠠᠭᠠᠬᠤ ᠣᠷᠳᠣᠨ᠂ 《ᠮᠣᠩᠭᠣᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ》 ᠭᠣᠤᠯ ᠰᠡᠳᠦᠪᠲᠦ ᠣᠷᠳᠣᠨ᠂ ᠤᠷᠠᠨ ᠬᠠᠳᠬᠤᠮᠠᠯ ᠥᠪᠥᠷ ᠮᠣᠩᠭᠣᠯ ᠤᠨ ᠣᠷᠳᠣᠨ᠂ ᠰᠣᠶᠣᠯ ᠤᠨ ᠰᠣᠳᠣᠨ ᠪᠦᠲᠦᠭᠡᠯ ᠤᠨ ᠣᠷᠳᠣᠨ᠂ ᠭᠠᠷ ᠤᠷᠠᠯᠠᠯ ᠤᠷᠠᠨ ᠵᠢᠷᠤᠭ ᠤᠨ ᠪᠦᠲᠦᠭᠡᠭᠳᠡᠬᠦᠨ ᠦ ᠣᠷᠳᠣᠨ ᠢ ᠲᠣᠬᠢᠷᠠᠭᠤᠯᠵᠠᠢ᠃ ᠬᠣᠶᠠᠷ ᠬᠤᠪᠢᠶᠠᠷᠢ ᠬᠤᠷᠠᠯ ᠤᠨ ᠲᠠᠯᠠᠪᠠᠢ ᠨᠢ ᠲᠣᠰ ᠲᠣᠰ ᠬᠦᠬᠡᠬᠤᠲᠠ ᠶᠢᠨ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠦᠨ ᠵᠢᠵᠢᠭ ᠪᠠᠯᠭᠠᠰᠤ᠂ ᠢᠦᠢ ᠴᠢᠤᠧᠠᠨ ᠲᠣᠭᠣᠷᠢᠭ ᠤᠨ ᠳ᠋ᠠ ᠱᠧᠩ ᠺᠦᠶ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠤᠨ ᠰᠣᠶᠣᠯ ᠤᠨ ᠴᠤᠭᠯᠠᠭ᠎ᠠ ᠮᠠᠢᠮᠠᠢ ᠪᠣᠯᠤᠨ᠎ᠠ᠃ 

  ᠲᠣᠰ ᠬᠤᠭᠤᠴᠠᠭᠠᠨ ᠤ ᠥᠪᠥᠷ ᠮᠣᠩᠭᠣᠯ ᠤᠨ ᠰᠣᠶᠣᠯ ᠤᠨ ᠦᠵᠡᠰᠬᠦᠯᠡᠩ ᠦᠨ ᠴᠤᠭᠯᠠᠭᠠᠨ ᠲᠡᠭᠡᠷ᠎ᠡ᠂ ᠬᠡᠪᠯᠡᠯ ᠦᠨ ᠪᠦᠯᠦᠭᠯᠡᠯ ᠨᠢ ᠥᠪᠥᠷ ᠮᠣᠩᠭᠣᠯ ᠤᠨ ᠬᠡᠪᠯᠡᠯ ᠦᠨ ᠬᠦᠷᠢᠶᠡᠨ ᠳᠠᠬᠢ ᠴᠣ᠋ ᠰᠢᠨ᠎ᠡ ᠦᠷ᠎ᠡ ᠪᠦᠲᠦᠭᠡᠯ ᠢ ᠠᠪᠴᠢᠷᠠᠨ᠂ ᠲᠠᠶᠠᠭᠠᠷ ᠣᠯᠠᠨ ᠳᠤ ᠠᠵᠤ ᠠᠬᠤᠢᠯᠠᠯ ᠤᠨ ᠢᠯᠭᠤᠮ ᠲᠣᠳᠣ ᠣᠨᠴᠠᠯᠢᠭ ᠢ ᠲᠡᠯᠭᠡᠨ ᠦᠵᠡᠭᠦᠯᠬᠦ ᠪᠣᠯᠣᠨ᠎ᠠ᠃

  ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠨᠢ 2009 ᠣᠨ ᠤ 12 ᠰᠠᠷ᠎ᠠ ᠳᠤ ᠪᠠᠢᠭᠤᠯᠤᠭᠳᠠᠪᠠ᠃ ᠠᠷᠪᠠ ᠰᠢᠬᠠᠮ ᠵᠢᠯ ᠤᠨ ᠥᠭᠡᠷᠡᠴᠢᠯᠡᠯᠲᠡ ᠬᠥᠭᠵᠢᠯᠲᠡ ᠪᠡᠷ ᠲᠠᠮᠵᠢᠨ᠂ ᠣᠳᠣᠬᠠᠨ ᠳᠤ ᠪᠦᠯᠦᠭᠯᠡᠯ ᠨᠢ 12 ᠰᠢᠭᠤᠳ ᠬᠠᠷᠢᠶ᠎ᠠ ᠠᠵᠤ ᠠᠬᠤᠢᠯᠠᠯ ᠠᠵᠢᠯ ᠦᠢᠯᠡᠰ ᠦᠨ ᠨᠢᠭᠡᠴᠢ᠂ 17 ᠭᠤᠷᠪᠠ ᠳᠥᠷᠪᠡᠳᠦᠭᠡᠷ ᠲᠡᠰ ᠤᠨ ᠡᠵᠡᠩᠨᠡᠯᠲᠡ ᠶᠢᠨ ᠴᠢᠨᠠᠷᠲᠠᠶ ᠠᠵᠤ ᠠᠬᠤᠢᠯᠠᠯ᠂ 31 ᠲᠤᠰᠠᠭᠠᠷ ᠲᠣᠭᠠᠴᠠᠭ᠎ᠠ ᠬᠢᠬᠦ ᠪᠣᠳᠠᠲᠤ ᠴᠣᠭᠴᠠ ᠶᠢ ᠬᠠᠷᠢᠶᠠᠯᠠᠵᠤ᠂ 8 ᠵᠦᠢᠯ ᠦᠨ ᠰᠣᠨᠢᠨ᠂ 14 ᠵᠦᠢᠯ ᠤᠨ ᠰᠡᠳᠬᠦᠯ ᠢ ᠡᠷᠬᠢᠯᠡᠨ ᠬᠠᠮᠢᠶᠠᠷᠬᠤ ᠪᠤᠶᠤ ᠭᠣᠣᠯᠴᠢᠯᠠᠨ ᠡᠷᠬᠢᠯᠡᠵᠦ᠂ ᠨᠡᠢᠲᠡ 1820 ᠭᠠᠷᠤᠶ ᠠᠵᠢᠯᠲᠠᠨ ᠠᠵᠢᠯᠴᠢᠨ ᠲᠠᠢ ᠪᠠᠢᠳᠠᠭ᠃

 

  ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠨᠢ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠠᠵᠤ ᠠᠬᠤᠢᠯᠠᠯᠴᠢᠯᠠᠭᠰᠠᠨ ᠪᠠᠢᠭᠤᠯᠤᠯ ᠤᠨ ᠥᠭᠡᠷᠡᠴᠢᠯᠡᠯᠲᠡ ᠶᠢ ᠡᠩ ᠲᠡᠷᠢᠭᠦᠨ ᠳᠦ ᠬᠡᠷᠡᠭᠵᠢᠭᠦᠯᠦᠭᠰᠡᠨ ᠬᠡᠪᠯᠡᠯ ᠪᠠ ᠵᠠᠭᠤᠴᠢ ᠶᠢᠨ ᠠᠵᠤ ᠠᠬᠤᠢᠯᠠᠯ ᠪᠣᠯᠣᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠲᠠᠪᠠᠭᠤᠯᠢᠭ ᠪᠠ ᠭᠠᠵᠠᠷ ᠣᠷᠣᠨ ᠤ ᠲᠠᠪᠠᠭᠤᠯᠢᠭ ᠲᠤ ᠰᠠᠭᠤᠷᠢᠯᠠᠨ᠂《ᠨᠢᠭᠡ ᠦᠢᠯᠡᠰ ᠢᠶᠡᠷ ᠭᠣᠣᠯ ᠪᠣᠯᠭᠠᠵᠤ᠂ ᠣᠯᠠᠨ ᠡᠰᠢᠴᠢᠯᠡᠨ ᠬᠥᠭᠵᠢᠭᠦᠯᠬᠦ》 ᠰᠡᠳᠬᠢᠮᠵᠢ ᠶᠢ ᠢᠮᠠᠭᠲᠠ ᠪᠠᠷᠢᠮᠲᠠᠯᠠᠵᠤ᠂ ᠤᠯᠤᠰ ᠲᠥᠷᠥᠴᠢᠨ ᠬᠡᠪᠯᠡᠯ ᠦᠨ ᠠᠵᠢᠯ ᠡᠷᠬᠢᠯᠡᠬᠦ ᠵᠠᠷᠴᠢᠮ ᠢ ᠪᠠᠷᠢᠮᠲᠠᠯᠠᠨ᠂ ᠨᠠᠮ ᠤᠨ ᠪᠠᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 《ᠳᠥᠷᠪᠡᠨ ᠤᠬᠠᠮᠰᠠᠷ》 ᠢ ᠪᠠᠲᠤ ᠪᠣᠶ ᠪᠣᠯᠭᠠᠵᠤ᠂ 《ᠳᠥᠷᠪᠡᠨ ᠢᠲᠡᠭᠡᠯ》 ᠢ᠋ᠶ᠋ᠡᠨ ᠪᠠᠲᠤᠳᠬᠠᠨ᠂ 《ᠬᠣᠶᠠᠷ ᠢ ᠬᠠᠮᠠᠭᠠᠯᠠᠬᠤ》 ᠶᠢ ᠴᠢᠩᠭᠠᠳᠬᠠᠵᠤ᠂ ᠤᠳᠤᠷᠢᠳᠤᠮᠵᠢ ᠶᠢᠨ ᠪᠣᠭᠣᠮᠲᠠ ᠶᠢ ᠴᠢᠩᠭ᠎ᠠ ᠠᠳᠬᠤᠨ᠂ ᠭᠣᠤᠯ ᠠᠵᠢᠯ ᠢᠶᠠᠨ ᠨᠠᠷᠢᠯᠢᠭ ᠬᠢᠵᠦ᠂  ᠰᠣᠳᠣᠨ ᠪᠦᠲᠦᠭᠡᠯ ᠢ ᠡᠭᠦᠳᠦᠨ᠂ ᠬᠡᠪᠯᠡᠯ ᠦᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠬᠡᠪᠯᠡᠯ ᠦᠨ ᠭᠣᠤᠯ ᠦᠢᠯᠡᠰ ᠦᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ; ᠠᠭᠤᠰᠤᠯᠴᠠᠯ ᠪᠠ ᠰᠢᠨ᠎ᠡ ᠡᠭᠦᠳᠦᠯᠲᠡ ᠪᠡᠷ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠢᠶᠡᠷ ᠲᠠᠢᠴᠢᠯᠠᠬᠤ ᠪᠠᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂  ᠰᠣᠶᠣᠯ ᠬᠢᠭᠡᠳ ᠣᠯᠠᠨ ᠡᠯᠧᠮᠧᠨ᠋ᠲ ᠦᠨ ᠭᠦᠨᠵᠡᠭᠡᠶ ᠠᠭᠤᠰᠤᠯᠴᠠᠯ ᠢ ᠬᠦᠴᠦᠯᠡᠨ ᠠᠬᠢᠭᠤᠯᠵᠤ᠂ ᠤᠯᠠᠮᠵᠢᠯᠠᠯᠲᠤ ᠬᠡᠪᠯᠡᠯ ᠦᠨ ᠲᠣᠭᠠᠴᠢᠯ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠦᠷᠭᠡᠳᠬᠡᠨ᠂ ᠰᠣᠶᠣᠯ ᠤᠨ ᠠᠵᠤ ᠠᠬᠤᠢᠯᠠᠯ ᠤᠨ ᠨᠡᠢᠭᠡᠮ ᠦᠨ ᠬᠠᠷᠢᠭᠤᠴᠠᠯᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠨᠡᠢᠭᠡᠮ ᠦᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠣᠤᠰ ᠠᠮᠵᠢᠯᠲᠠ ᠶᠢ ᠣᠯᠵᠤ᠂ ᠡᠳᠦᠭᠡ ᠥᠪᠥᠷ ᠮᠣᠩᠭᠣᠯ ᠬᠡᠪᠯᠡᠯ ᠦᠨ ᠪᠦᠯᠦᠭᠯᠡᠯ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠣᠤᠯᠯᠠᠭᠴᠢ ᠰᠣᠶᠣᠯ ᠤᠨ ᠠᠵᠤ ᠠᠬᠤᠢᠯᠠᠯ ᠪᠣᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠴᠢᠬᠤᠯᠠ ᠬᠦᠴᠦᠨ ᠪᠣᠯᠵᠤ ᠬᠥᠭᠵᠢᠪᠡ᠃ 

  ᠪᠦᠯᠦᠭᠯᠡᠯ ᠪᠠᠢᠭᠤᠯᠤᠭᠳᠠᠭᠰᠠᠨ 10 ᠵᠢᠯ ᠦᠨ ᠲᠤᠷᠰᠢ ᠨᠡᠢᠲᠡ 30000 ᠭᠠᠷᠤᠶ ᠣᠯᠠᠨ ᠲᠥᠷᠥᠯ ᠦᠨ ᠨᠣᠮ ᠪᠢᠴᠢᠭ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠠ ᠡᠯᠧᠺᠲ᠋ᠷᠣᠨ ᠬᠡᠪᠯᠡᠭᠳᠡᠬᠦᠨ ᠢ ᠵᠣᠬᠢᠶᠠᠨ ᠪᠠᠢᠭᠤᠯᠵᠤ ᠬᠡᠪᠯᠡᠭᠦᠯᠵᠡᠶ᠃ ᠵᠢᠯ ᠤᠨ ᠳᠤᠮᠳᠠᠴᠢ ᠬᠡᠪᠯᠡᠯ ᠦᠨ ᠬᠡᠮᠵᠢᠶ᠎ᠡ ᠶᠢ 3400 ᠵᠦᠢᠯ ᠣᠷᠴᠢᠮ ᠢ᠋ᠶ᠋ᠡᠷ ᠪᠠᠲᠤᠯᠠᠵᠤ᠂ ᠬᠡᠪᠯᠡᠭᠳᠡᠬᠦᠨ ᠦ ᠰᠣᠳᠣᠨ ᠪᠦᠲᠦᠭᠡᠯ ᠦᠨ ᠨᠣᠷᠮ᠎ᠠ ᠶᠢ 20% ᠡᠴᠡ ᠲᠡᠭᠡᠭᠰᠢ ᠪᠠᠢᠯᠭᠠᠵᠤ᠂ ᠬᠡᠪᠯᠡᠭᠳᠡᠬᠦᠨ ᠤ᠋ ᠨᠡᠢᠲᠡ ᠪᠣᠷᠣᠯᠠᠭᠤᠯᠤᠭᠰᠠᠨ ᠦᠨ᠎ᠡ ᠨᠢ 40 ᠳ᠋ᠦᠩᠰᠢᠭᠤᠷ ᠲᠥᠭᠥᠷᠢᠭ ᠢ ᠲᠠᠪᠠᠵᠤ᠂ ᠨᠠᠢ᠍ᠮᠠᠨ ᠮᠣᠵᠢ ᠣᠷᠣᠨ ᠬᠣᠲᠠ ᠶᠢᠨ ᠮᠣᠩᠭᠣᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠵᠢᠭᠠᠬᠤ ᠬᠠᠪᠰᠤᠷᠤᠮᠵᠢ ᠪᠢᠴᠢᠭ ᠢ ᠬᠡᠪᠯᠡᠭᠦᠯᠬᠦ ᠡᠭᠦᠷᠭᠡ ᠶᠢ ᠭᠠᠷᠮᠠᠭᠠᠶ ᠪᠡᠶᠡᠯᠡᠭᠦᠯᠪᠡ᠃ 2016 ᠣᠨ ᠳᠤ᠂ 《ᠤᠯᠤᠰ ᠤᠨ ᠥᠪᠥᠷ ᠮᠣᠩᠭᠣᠯ ᠤᠨ ᠦᠨᠳᠦᠰᠦᠲᠡᠨ ᠦ ᠬᠡᠯᠡᠨ ᠦ ᠬᠡᠪᠯᠡᠯ ᠦᠨ ᠰᠠᠭᠤᠷᠢᠨ ᠭᠠᠵᠠᠷ》 ᠨᠢ ᠪᠦᠯᠦᠭᠯᠡᠯ ᠳᠦ ᠪᠠᠢᠭᠤᠯᠤᠭᠳᠠᠵᠤ ᠂ ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠮᠣᠩᠭᠣᠯ ᠬᠡᠯᠡᠨ ᠦ ᠬᠡᠪᠯᠡᠯ ᠦᠨ ᠲᠥᠪ ᠪᠣᠯᠬᠤ ᠪᠠᠢᠷᠢ ᠰᠠᠭᠤᠷᠢ ᠶᠢ ᠤᠯᠠᠮ ᠴᠢᠨᠠᠭᠰᠢᠲᠠ ᠪᠠᠲᠤᠳᠬᠠᠪᠠ᠃ ᠪᠦᠯᠦᠭᠯᠡᠯ ᠪᠠᠢᠭᠤᠯᠤᠭᠳᠠᠭᠰᠠᠨ ᠠᠴᠠ ᠨᠠᠭᠠᠰᠢ᠂  ᠵᠠᠭᠤ ᠭᠠᠷᠤᠶ ᠲᠥᠷᠥᠯ ᠦᠨ ᠬᠡᠪᠯᠡᠭᠳᠡᠬᠦᠨ ᠨᠢ ᠲᠤᠰ ᠲᠤᠰ 《ᠳᠤᠮᠳᠠᠳᠤ ᠤᠯᠤᠰ ᠤᠨ ᠬᠡᠪᠯᠡᠯ ᠤᠨ ᠵᠠᠰᠠᠭ ᠤᠨ ᠣᠷᠳᠣᠨ ᠤ ᠱᠠᠩᠨᠠᠯ》 《ᠤᠯᠤᠰ ᠤᠨ ᠨᠣᠮ ᠪᠢᠴᠢᠭ ᠦᠨ ᠱᠠᠩᠨᠠᠯ》 《ᠲᠠᠪᠤᠨ ᠨᠢᠭᠡ ᠢᠨᠵᠧᠨᠧᠷᠢᠩ ᠤᠨ ᠱᠠᠩᠨᠠᠯ》 《ᠳᠤᠮᠳᠠᠳᠤ ᠶᠢᠨ ᠰᠢᠯᠢᠳᠡᠭ ᠬᠡᠪᠯᠡᠭᠳᠡᠬᠦᠨ ᠦ ᠱᠠᠩᠨᠠᠯ》 《ᠯᠦ᠍ ᠰᠢᠶᠦ᠋ᠨ ᠤ ᠤᠳᠬ᠎ᠠ ᠵᠣᠬᠢᠶᠠᠯ ᠤᠨ ᠱᠠᠩᠨᠠᠯ》᠂ ᠥᠪᠡᠷᠲᠡᠭᠡᠨ ᠵᠠᠰᠠᠬᠤ ᠣᠷᠣᠨ ᠤ 《ᠲᠠᠪᠤᠨ ᠨᠢᠭᠡ ᠢᠨᠵᠧᠨᠧᠷᠢᠩ ᠤᠨ ᠱᠠᠩᠨᠠᠯ》 ᠵᠡᠷᠭᠡ ᠤᠯᠤᠰ ᠪᠠ ᠮᠣᠵᠢ ᠶᠠᠮᠤᠨ ᠤ ᠲᠡᠰ ᠤᠨ ᠣᠯᠠᠨ ᠱᠠᠩᠨᠠᠯ ᠵᠢᠴᠢ ᠠᠵᠢᠯ ᠲᠥᠷᠥᠯ ᠦᠨ ᠨᠡᠢᠭᠡᠮᠯᠢᠭ ᠦᠨ ᠱᠠᠩᠨᠠᠯ ᠢ ᠬᠦᠷᠲᠡᠵᠦ᠂ ᠰᠠᠢᠨ ᠰᠠᠢᠬᠠᠨ ᠲᠥᠷᠥᠯ ᠲᠡᠮᠳᠡᠭ ᠢ ᠪᠣᠢ ᠪᠣᠯᠭᠠᠨ᠂ ᠣᠷᠣᠨ ᠤ ᠲᠤᠲᠤᠷ ᠭᠠᠳᠠᠨᠠᠬᠢ ᠤᠩᠰᠢᠭᠴᠢᠳ ᠤᠨ ᠥᠷᠭᠡᠨ ᠲᠡᠯᠭᠡᠷ ᠰᠠᠢᠨ ᠦᠨᠡᠯᠡᠯᠲᠡ ᠶᠢ ᠣᠯᠵᠠᠶ᠃ 

  ᠠᠷᠪᠠᠨ ᠵᠢᠯ ᠦᠨ ᠬᠥᠭᠵᠢᠯᠲᠡ ᠪᠡᠷ ᠲᠠᠮᠵᠢᠨ᠂ ᠬᠡᠪᠯᠡᠯ ᠦᠨ ᠪᠦᠯᠦᠭᠯᠡᠯ ᠦᠨ ᠠᠵᠤ ᠦᠢᠯᠡᠰ ᠦᠨ ᠬᠡᠪᠴᠢᠶ᠎ᠡ᠂  ᠵᠠᠬ᠎ᠠ ᠲᠡᠯᠭᠡᠭᠦᠷ ᠦᠨ ᠭᠣᠤᠯ ᠴᠣᠭᠴᠠ ᠠᠯᠬᠤᠮ ᠠᠯᠬᠤᠮ ᠢᠶᠠᠷ ᠬᠥᠭᠵᠢᠨ ᠪᠤᠵᠠᠭᠠᠢᠷᠠᠪᠠ᠃ ᠠᠩᠬ᠎ᠠ ᠪᠠᠢᠭᠤᠯᠤᠭᠳᠠᠭᠰᠠᠨ ᠦᠶ᠎ᠡ ᠶᠢᠨ ᠬᠣᠶᠠᠳᠤᠭᠠᠷ ᠲᠡᠰ ᠤᠨ 9 ᠨᠢᠭᠡᠴᠢ ᠪᠠᠢᠭᠰᠠᠨ ᠠᠴᠠ ᠪᠠᠨ 13 ᠨᠢᠭᠡᠴᠢ᠂ 31 ᠲᠤᠰᠠᠭᠠᠷ ᠲᠣᠭᠠᠴᠠᠭ᠎ᠠ ᠬᠢᠬᠦ ᠪᠣᠳᠠᠲᠤ ᠴᠣᠭᠴᠠ ᠲᠠᠢ ᠪᠣᠯᠵᠤ᠂ ᠣᠳᠣ ᠨᠢᠭᠡᠨᠲᠡ ᠨᠣᠮ᠂ ᠰᠣᠨᠢᠨ ᠰᠡᠳᠬᠦᠯ᠂ ᠡᠯᠧᠺᠲ᠋ᠷᠣᠨ ᠲᠠᠭᠤ ᠳᠦᠷᠰᠦ ᠰᠢᠩᠭᠡᠭᠡᠯᠲᠡ᠂ ᠰᠦᠯᠵᠢᠶ᠎ᠡ᠂ ᠲᠣᠭᠠᠴᠢᠯᠠᠭᠰᠠᠨ ᠬᠡᠪᠯᠡᠯ᠂ ᠵᠥᠭᠡᠯᠡᠨ ᠲᠣᠨᠣᠭ ᠤᠨ ᠨᠡᠭᠡᠭᠡᠨ ᠬᠥᠭᠵᠢᠭᠦᠯᠦᠯᠲᠡ᠂ ᠬᠡᠪᠯᠡᠭᠳᠡᠭᠦᠨ ᠤ ᠬᠡᠪᠯᠡᠬᠦ ᠡᠴᠡ ᠡᠮᠦᠨᠡᠬᠢ ᠦᠢᠯᠡᠳᠬᠡᠯ᠂ ᠬᠡᠪᠯᠡᠬᠦ᠂ ᠲᠠᠷᠬᠠᠭᠠᠬᠤ᠂ ᠶᠡᠷᠦᠩᠬᠡᠢ ᠠᠭᠤᠯᠭ᠎ᠠ ᠶᠢᠨ ᠳ᠋ᠠᠢᠲ᠋ᠠ ᠬᠥᠮᠥᠷᠭᠡ ᠶ᠋ᠢᠨ ᠨᠡᠭᠡᠭᠡᠨ ᠬᠥᠭᠵᠢᠭᠦᠯᠦᠯᠲᠡ᠂ ᠬᠡᠪᠯᠡᠯ ᠦᠨ ᠡᠷᠬᠡ ᠪᠠ ᠠᠷᠠᠯᠵᠢᠶ᠎ᠠ ᠶᠢᠨ ᠨᠢᠭᠡ ᠴᠣᠭᠴᠠᠵᠢᠭᠤᠯᠤᠯᠲᠠ᠂ ᠵᠣᠴᠢᠳ ᠤᠨ ᠪᠠᠭᠤᠳᠠᠯ᠂ ᠰᠣᠶᠣᠯ ᠤᠨ ᠭᠠᠵᠠᠷ ᠬᠥᠷᠥᠩᠭᠡ᠂ ᠰᠣᠶᠣᠯ ᠤᠨ ᠪᠦᠲᠦᠭᠡᠯᠴᠢ ᠰᠡᠳᠬᠢᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠦᠢᠯᠡᠴᠢᠯᠡᠭᠡ ᠵᠡᠷᠭᠡ ᠰᠢᠨ᠎ᠡ ᠪᠡᠷ ᠬᠥᠭᠵᠢᠭᠰᠡᠨ ᠲᠤᠬᠠᠢᠯᠠᠭᠰᠠᠨ ᠠᠵᠢᠯ ᠢ ᠣᠯᠠᠨ ᠡᠰᠢᠴᠢᠯᠡᠨ ᠬᠥᠭᠵᠢᠭᠦᠯᠬᠦ ᠪᠠᠢᠷᠢᠰᠢᠯ ᠢ ᠪᠣᠢ ᠪᠣᠯᠭᠠᠪᠠ᠃ 

  ᠲᠣᠰ ᠬᠤᠭᠤᠴᠠᠭᠠᠨ ᠤ ᠰᠣᠶᠣᠯ ᠤᠨ ᠦᠵᠡᠰᠬᠦᠯᠡᠩ ᠳᠤ ᠥᠪᠥᠷ ᠮᠣᠩᠭᠣᠯ ᠤᠨ ᠠᠷᠠᠳ ᠤᠨ ᠬᠡᠪᠯᠡᠯ ᠦᠨ ᠬᠣᠷᠢᠶ᠎ᠠ᠂ ᠥᠪᠥᠷ ᠮᠣᠩᠭᠣᠯ ᠤᠨ ᠰᠤᠷᠭᠠᠨ ᠬᠥᠮᠦᠵᠢᠯ ᠦᠨ ᠬᠡᠪᠯᠡᠯ ᠦᠨ ᠬᠣᠷᠢᠶ᠎ᠠ᠂ ᠥᠪᠥᠷ ᠮᠣᠩᠭᠣᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠬᠡᠪᠯᠡᠯ ᠦ᠋ᠨ ᠬᠣᠷᠢᠶ᠎ᠠ᠂ ᠥᠪᠥᠷ ᠮᠣᠩᠭᠣᠯ ᠤᠨ ᠪᠠᠭᠠᠴᠤᠳ ᠬᠡᠦᠬᠡᠳ ᠦᠨ ᠬᠡᠪᠯᠡᠯ ᠦᠨ ᠬᠣᠷᠢᠶ᠎ᠠ᠂ ᠥᠪᠥᠷ ᠮᠣᠩᠭᠣᠯ ᠤᠨ ᠰᠣᠶᠣᠯ ᠤᠨ ᠬᠡᠪᠯᠡᠯ ᠦᠨ ᠬᠣᠷᠢᠶ᠎ᠠ᠂ ᠥᠪᠥᠷ ᠮᠣᠩᠭᠣᠯ ᠤᠨ ᠸᠧᠨ ᠶᠤᠧᠠᠨ ᠰᠤᠷᠭᠠᠨ ᠬᠥᠮᠦᠵᠢᠯ ᠦᠨ ᠬᠡᠪᠯᠡᠯ ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠯᠤᠰ ᠤ᠋ᠨ ᠪᠠᠷ᠎ᠠ ᠬᠡᠪᠯᠡᠯ ᠦᠨ ᠬᠣᠷᠢᠶ᠎ᠠ ᠪᠣᠯᠤᠨ ᠥᠪᠥᠷ ᠮᠣᠩᠭᠣᠯ ᠤᠨ ᠮᠤᠨᠢ ᠨᠡᠷᠡᠮᠵᠢᠲᠦ ᠰᠣᠶᠣᠯ ᠤᠨ ᠵᠠᠭᠤᠴᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠰᠢᠭᠤᠳ ᠬᠠᠷᠢᠶ᠎ᠠ ᠠᠵᠤ ᠠᠬᠤᠢᠯᠠᠯ ᠠᠵᠢᠯ ᠦᠢᠯᠡᠰ ᠦᠨ ᠨᠢᠭᠡᠴᠢ᠂ ᠡᠵᠡᠩᠨᠡᠯᠲᠡ ᠶᠢᠨ ᠴᠢᠨᠠᠷᠲᠠᠶ ᠠᠵᠤ ᠠᠬᠤᠢᠯᠠᠯ ᠴᠦ᠍ ᠠᠯᠢ ᠣᠯᠠᠨ ᠲᠥᠷᠥᠯ ᠵᠦᠢᠯ ᠡᠯᠪᠡᠭ ᠪᠠᠶᠠᠯᠢᠭ ᠨᠣᠮ ᠪᠢᠴᠢᠭ ᠦᠨ ᠰᠣᠳᠣᠨ ᠪᠦᠲᠦᠭᠡᠯ ᠢ ᠠᠪᠴᠢᠷᠠᠵᠤ᠂  ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠦᠨ ᠤᠢ ᠳᠤ ᠪᠡᠯᠡᠭ ᠬᠦᠷᠭᠡᠬᠦ ᠪᠣᠯᠣᠨ᠎ᠠ!

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604