《ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠤᠮᠤ ᠬᠡᠷᠡᠭ ᠶᠠᠪᠤᠳᠠᠯ ᠤᠳ ᠤᠨ ᠲᠡᠮᠳᠡᠭᠯᠡᠯ ( 1949 ᠤᠨ ᠤ 10 ᠰᠠᠷ᠎ᠠ | 2019 ᠤᠨ ᠤ 9 ᠰᠠᠷ᠎ᠠ ) 》 ᠢ ᠬᠡᠪᠯᠡᠪᠡ
2019.10.16

  ᠰᠢᠨᠬᠤᠧᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 10 ᠤ ᠴᠠᠬᠢᠯᠭᠠᠨ ᠮᠡᠳᠡᠭᠡ ᠠᠴᠠ (ᠰᠤᠷᠪᠤᠯᠵᠢᠯᠠᠭᠴᠢ ᠱᠢ ᠵᠢᠩ ᠨᠠᠨ) ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠢᠷᠠᠭᠤᠯᠤᠨ ᠪᠢᠴᠢᠭᠰᠡᠡ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠤᠮᠤ ᠬᠡᠷᠡᠭ ᠶᠠᠪᠤᠳᠠᠯ ᠤᠳ ᠤᠨ ᠲᠡᠮᠳᠡᠭᠯᠡᠯ (1949 ᠤᠨ ᠤ 10 ᠰᠠᠷ᠎ᠠ | 2019 ᠤᠨ ᠤ 9 ᠰᠠᠷ᠎ᠠ ) 》 ᠢ ᠲᠦᠷᠦᠭᠦᠬᠡᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠪᠡ᠃
  ᠲᠠᠨᠢᠯᠴᠠᠭᠤᠯᠤᠭᠰᠠᠨ ᠢᠶᠠᠷ᠂ ᠲᠤᠰ ᠨᠤᠮ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠰᠢᠨ᠎ᠠ ᠴᠠᠭ ᠦᠶ᠎ᠠ ᠳᠤ ᠰᠠᠭᠤᠷᠢᠯᠠᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠢ ᠬᠠᠢᠨ ᠰᠦᠪᠡᠭᠴᠢᠯᠡᠵᠤ᠂ ᠡᠭᠦᠳᠦᠨ ᠨᠡᠬᠡᠬᠡᠵᠤ᠂ ᠪᠠᠷᠢᠮᠳᠠᠯᠠᠨ ᠬᠦᠭᠵᠢᠭᠦᠯᠦᠭᠰᠡᠨ ᠠᠭᠤᠤ ᠶᠡᠬᠡ ᠦᠢᠯᠡᠳᠦᠯᠭᠡ ᠵᠢᠴᠢ ᠴᠢᠬᠤᠯᠠ ᠶᠡᠬᠡ ᠤᠨᠤᠯ᠂ ᠲᠦᠷᠢᠮ ᠤᠨ ᠰᠢᠨ᠎ᠠ ᠡᠭᠦᠳᠦᠯᠳᠡ ᠶᠢᠨ ᠦᠷ᠎ᠠ ᠪᠦᠲᠦᠭᠡᠯ ᠢ ᠳᠤᠪᠤᠢᠮ᠎ᠠ ᠳᠤᠰᠬᠠᠵᠤ᠂ ᠰᠢᠨ᠎ᠠ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠲᠤᠷᠰᠢᠬᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠭᠠᠰᠢᠬᠢ ᠠᠵᠤ ᠠᠬᠤᠢ᠂ ᠤᠯᠤᠰ ᠲᠦᠷᠦ᠂ ᠰᠤᠶᠤᠯ᠂ ᠨᠡᠢᠭᠡᠮ᠂ ᠠᠮᠢ ᠠᠬᠤᠢ ᠶᠢᠨ ᠪᠤᠯᠪᠠᠰᠤᠨ᠂ ᠴᠡᠷᠢᠭ ᠠᠩᠭᠢ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ᠂《ᠨᠢᠭᠡ ᠤᠯᠤᠰ ᠬᠤᠶᠠᠷ ᠪᠠᠢᠭᠤᠯᠤᠯ》ᠪᠠ ᠡᠬᠡ ᠤᠯᠤᠰ ᠤᠨ ᠨᠢᠭᠡᠳᠦᠯ᠂ ᠭᠠᠳᠠᠭᠠᠳᠤ ᠬᠠᠷᠢᠯᠴᠠᠭ᠎ᠠ᠂ ᠨᠠᠮ ᠤᠨ ᠪᠠᠢᠭᠤᠯᠤᠯᠳᠠ ᠵᠡᠷᠭᠡ ᠲᠠᠯ᠎ᠠ ᠪᠠᠷ ᠤᠯᠤᠭᠰᠠᠨ ᠲᠡᠤᠬᠡᠳᠤ ᠴᠢᠨᠠᠷᠳᠠᠢ ᠠᠮᠵᠢᠯᠳᠠ᠂ ᠡᠭᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ ᠶᠢ ᠪᠦᠬᠦ ᠲᠠᠯ᠎ᠠ ᠪᠠᠷ ᠳᠤᠰᠬᠠᠪᠠ᠃
  10 ᠤ ᠡᠳᠦᠷ ᠪᠡᠭᠡᠵᠢᠩ ᠳᠤ ᠬᠤᠷᠠᠯᠳᠤᠭᠰᠠᠨ ᠲᠤᠰ ᠨᠤᠮ ᠢ ᠬᠡᠪᠯᠡᠭᠰᠡᠨ ᠶᠠᠷᠢᠯᠴᠠᠬᠤ ᠬᠤᠷᠠᠯ ᠲᠡᠭᠡᠷ᠎ᠠ᠂ ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠲᠠᠷᠤᠭ᠎ᠠ ᠴᠢᠤᠢ ᠴᠢᠩ ᠱᠠᠨ᠄ ᠲᠤᠮᠤ ᠬᠡᠷᠡᠭ ᠶᠠᠪᠤᠳᠠᠯ ᠤᠳ ᠤᠨ ᠲᠡᠮᠳᠡᠭᠯᠡᠯ ᠳᠤ ᠰᠢᠨ᠎ᠠ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠳ᠋ᠤ᠌ ᠡᠭᠦᠰᠦᠭᠰᠡᠨ ᠲᠡᠭᠷᠢ ᠭᠠᠵᠠᠷ ᠢ ᠳᠤᠩᠰᠤᠯᠭᠠᠮ᠎ᠠ ᠶᠡᠬᠡ ᠬᠤᠪᠢᠷᠠᠯᠳᠠ ᠪᠠ ᠤᠯᠤᠭᠰᠠᠨ  ᠭᠢᠯᠠᠯᠵᠠᠮ᠎ᠠ ᠠᠮᠵᠢᠯᠳᠠ ᠶᠢ ᠪᠤᠰᠤᠳᠴᠢ᠂ ᠤᠨᠤᠪᠴᠢᠳᠠᠢ᠂ ᠠᠮᠢᠳᠤᠯᠢᠭ ᠢᠶᠠᠷ ᠬᠠᠷᠠᠭᠤᠯᠵᠤ᠂ ᠤᠳᠤᠬᠠᠨ ᠳᠤ ᠪᠦᠬᠦ ᠨᠠᠮ ᠳᠤ ᠶᠠᠪᠤᠭᠳᠠᠭᠤᠯᠵᠤ ᠪᠠᠢᠭ᠎ᠠ 《ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠦᠪᠳᠤ ᠬᠦᠮᠦᠵᠢᠯ ᠳᠤ ᠨᠠᠮ ᠤᠨ ᠲᠡᠤᠬᠡ᠂ ᠰᠢᠨ᠎ᠠ ᠳᠤᠮᠳᠠᠳᠤ ᠤᠯᠤᠰ ᠤᠨ ᠲᠡᠤᠬᠡ ᠶᠢ ᠰᠤᠷᠤᠯᠴᠠᠬᠤ ᠴᠢᠬᠤᠯᠠ ᠲᠤᠰᠠᠯᠠᠮᠵᠢ ᠮᠠᠲ᠋ᠧᠷᠢᠶᠠᠯ ᠬᠠᠩᠭᠠᠵᠠᠢ ᠭᠡᠵᠤ ᠵᠢᠭᠠᠵᠤ ᠭᠠᠷᠭᠠᠪᠠ᠃

 

              ᠳᠤᠮᠳᠠᠳᠤ ᠤᠯᠤᠰ ᠤ᠋ᠨ ᠮᠣᠩᠭᠤᠯ ᠬᠡᠯᠡᠨ ᠦ᠌ ᠰᠣᠨᠢᠨ ᠮᠡᠳᠡᠭᠡ ᠶ᠋ᠢᠨ ᠰᠦᠯᠵᠢᠶᠡᠨ ᠡᠴᠡ ᠰᠢᠯᠵᠢᠭᠦᠯᠦᠨ ᠨᠡᠢᠲᠡᠯᠡᠪᠡ

              ᠬᠠᠷᠢᠭᠤᠴᠠᠭᠰᠠᠨ ᠨᠠᠢᠷᠠᠭᠤᠯᠤᠭᠴᠢ᠄ ᠰᠤᠪᠤᠳ

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604