ᠠ᠊ ᠊ ᠤᠳᠽᠠᠷ ᠤᠨ ᠮᠡᠨᠳᠦᠯᠡᠭᠰᠡᠨ 95 ᠵᠢᠯ ᠤᠨ ᠤᠢ ᠵᠢ ᠳᠤᠷᠠᠰᠬᠠᠬᠤ ᠰᠠᠭᠣᠳᠠᠯ ᠤᠨ ᠬᠤᠷᠠᠯ ᠪᠠᠭᠠᠷᠢᠨ ᠪᠠᠷᠠᠭᠣᠨ ᠬᠣᠰᠢᠭᠤᠨ ᠳᠤ ᠶᠠᠪᠤᠭᠳᠠᠪᠠ
2019.10.16

  10 ᠰᠠᠷ᠎ᠡ ᠵᠢᠨ 9 ᠠᠴᠠ 10 ᠤ ᠡᠳᠦᠷ ᠪᠣᠯᠳᠠᠯ᠎ᠠ᠂ ᠠᠯᠳᠠᠷᠳᠤ ᠵᠤᠬᠢᠶᠠᠯᠴᠢ᠂ ᠣᠳᠬ᠎ᠠ ᠵᠣᠬᠢᠶᠠᠯ ᠣᠷᠠᠯᠢᠭ ᠤᠨ ᠭᠠᠷᠮᠠᠭᠠᠢ ᠵᠢᠳᠬᠦᠯᠳᠡᠨ ᠠ᠊·ᠤᠳᠽᠠᠷ ᠤᠨ ᠮᠡᠨᠳᠦᠯᠡᠭᠰᠡᠨ 95 ᠵᠢᠯ ᠤᠨ ᠤᠢ ᠵᠢ ᠳᠤᠷᠠᠰᠬᠠᠬᠤ ᠰᠠᠭᠣᠳᠠᠯ ᠤᠨ ᠬᠤᠷᠠᠯ᠂ ᠶᠡᠭᠡ ᠪᠠᠭᠰᠢᠳᠠᠨ ᠤ ᠲᠦᠷᠦᠭᠰᠡᠨ ᠨᠣᠳᠣᠭ ᠪᠣᠯᠬᠣᠠᠯᠮᠠᠰ ᠤᠨ ᠲᠠᠭᠣᠣᠲᠠᠢ᠂ᠰᠣᠪᠣᠳ ᠰᠠᠴᠣᠭᠰᠠᠨ ᠲᠠᠯ᠎ᠠᠪᠠᠭᠠᠷᠢᠨ ᠪᠠᠷᠠᠭᠤᠠ ᠬᠤᠰᠢᠭᠤᠨ ᠳᠤ ᠦᠪᠡᠳᠡᠭᠰᠢ ᠰᠠᠢᠬᠠᠨ ᠶᠠᠪᠤᠭᠳᠠᠯ᠎ᠠ᠃
  ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠦ ᠤᠯᠤᠰ ᠤᠨ ᠮᠤᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠤ ᠨᠡᠢᠭᠡᠮᠯᠢᠭ᠂ ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠡᠴᠠ ᠲᠤᠰ ᠣᠳᠠᠭᠠᠨ ᠤ ᠰᠠᠭᠣᠳᠠᠯ  ᠤᠨ ᠬᠤᠷᠠᠯ ᠢ ᠰᠡᠳᠦᠨ ᠡᠷᠬᠢᠯᠡᠵᠦ᠂ ᠲᠦᠪ ᠤᠨ ᠦᠨᠳᠦᠰᠦᠳᠡᠨ ᠤ ᠶᠡᠭᠡ ᠰᠣᠷᠭᠠᠭᠣᠯᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠ ᠪᠦᠬᠦ ᠣᠷᠣᠨ ᠤ ᠭᠡᠰᠡᠭ ᠠᠢᠮᠠᠭ ᠬᠤᠳᠠ ᠵᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂
ᠦᠪᠦᠷ ᠮᠣᠩᠭᠣᠯ ᠣᠷᠣᠨ ᠤ ᠲᠣᠳᠣᠨᠠᠬᠢ ᠨᠢᠭᠡ ᠪᠦᠯᠦᠭ ᠶᠡᠭᠡ ᠲᠡᠭᠡᠳᠦ ᠰᠤᠷᠭᠠᠭᠤᠯᠢ ᠵᠢᠨ ᠡᠷᠲᠡᠮᠳᠡᠨ ᠰᠣᠳᠣᠯᠣᠭᠠᠴᠢᠳ᠂ ᠬᠦᠬᠡᠨᠠᠭᠣᠷ ᠮᠣᠵᠢ ᠵᠡᠷᠭᠡ ᠭᠡᠪᠯᠡᠯ ᠰᠡᠳᠬᠦᠯ ᠤᠨ ᠬᠣᠷᠢᠶ᠎ᠠ ᠶᠢᠨ ᠨᠠᠢᠷᠠᠭᠣᠯᠣᠭᠴᠢᠳ᠂ ᠬᠣᠰᠢᠭᠣ ᠰᠣᠮᠣ ᠨᠣᠳᠣᠭ ᠤᠨ ᠨᠠᠮ ᠵᠠᠰᠠᠭ ᠤᠨ ᠣᠳᠣᠷᠢᠳᠣᠯᠭ᠎ᠠ᠂ ᠵᠤᠬᠢᠶᠠᠯᠴᠢ ᠨᠠᠷ᠂ ᠠ᠊·ᠤᠳᠽᠠᠷ ᠤᠨ ᠲᠦᠷᠦᠯ ᠰᠠᠲᠤᠨ ᠤ ᠲᠦᠯᠦᠭᠡᠯᠡᠭᠴᠢ ᠵᠡᠷᠭᠡ ᠡᠯ᠎ᠡ ᠡᠳᠡᠭᠡᠳ ᠤᠨ ᠬᠢᠨ ᠬᠤᠷᠠᠯ ᠳᠤ ᠤᠷᠤᠯᠴᠠᠵᠠᠢ᠃ ᠰᠠᠭᠣᠳᠠᠯ ᠤ᠋ᠨ ᠬᠤᠷᠠᠯ ᠨᠢ ᠦᠪᠡᠳᠡᠭᠰᠢ ᠡᠬᠢᠯᠡᠯᠳᠡ ᠵᠢᠨ ᠶᠤᠰᠦᠯᠠᠯ ᠶᠠᠪᠣᠭᠣᠯᠵᠣ᠂ ᠲᠤᠷᠠᠳᠬᠠᠯ ᠤᠨ ᠹᠢᠯᠢᠮ ᠦᠵᠡᠨ ᠰᠣᠨᠢᠷᠬᠠᠵᠣ᠂ᠠ᠊·ᠤᠳᠽᠠᠷ ᠤᠨ ᠵᠣᠷᠢᠭ ᠰᠠᠨᠠᠭ᠎ᠠᠣᠷᠡᠨ ᠵᠣᠬᠢᠶᠠᠯ ᠤᠨ ᠠᠬᠣᠢᠴᠢ ᠴᠢᠨᠡᠷ ᠬᠢᠭᠡᠳ ᠬᠦᠰᠡᠯᠡᠩᠳᠣ ᠴᠢᠨᠠᠷ | ᠠ᠊·ᠤᠳᠽᠠᠷ  ᠤ᠋ᠨ ᠲᠣᠭᠣᠵᠢᠰ ᠲᠣᠭᠣᠷᠪᠢᠯ ᠬᠢᠭᠡᠳ ᠠᠬᠣᠢᠴᠢ ᠰᠡᠳᠦᠪᠳᠦ ᠵᠣᠬᠢᠶᠠᠨ ᠪᠦᠳᠦᠭᠡᠯᠭᠡ᠂ ᠠ᠊·ᠤᠳᠽᠠᠷ᠂ ᠣᠳᠣ ᠦᠶ᠎ᠡ ᠶ᠋ᠢᠨ ᠮᠣᠩᠭᠣᠯ ᠣᠳᠬ᠎ᠠ ᠵᠣᠬᠢᠶᠠᠯ ᠳ᠋ᠡᠬᠢ ᠪᠠᠭᠠᠷᠢᠨ ᠤ ᠦᠵᠡᠭᠳᠡᠯᠠ᠊·ᠤᠳᠽᠠᠷ ᠤᠨ ᠭᠡᠣᠭᠡᠳ ᠤᠨ ᠵᠣᠬᠢᠶᠠᠯ ᠤᠨ ᠰᠢᠨᠵᠢᠯᠡᠯᠵᠡᠷᠭᠡ ᠭᠤᠤᠯ ᠰᠡᠲᠦᠪᠳᠦ ᠡᠷᠳᠡᠮᠳᠡᠳ ᠤᠨ ᠶᠠᠷᠢᠶ᠎ᠡ ᠢᠯᠡᠳᠭᠡᠯ ᠶᠠᠪᠣᠭᠳᠠᠵᠣ᠂ ᠠᠪᠣᠷᠭᠣ ᠵᠣᠬᠢᠶᠠᠯᠴᠢ ᠪᠡᠨ ᠲᠣᠷᠠᠳᠬᠠᠨ ᠰᠠᠨᠠᠭᠠᠯᠵᠠᠵᠣ᠂ ᠠᠣᠭ᠎ᠠ ᠪᠦᠳᠦᠭᠡᠯ ᠢ ᠨᠢ ᠰᠤᠳᠤᠯᠤᠨ ᠶᠠᠷᠢᠯᠴᠠᠬᠤ ᠪᠠ ᠶᠡᠭᠡ ᠵᠣᠬᠢᠶᠠᠯᠴᠢ ᠶᠢᠨ ᠲᠦᠷᠦᠭᠰᠡᠨ ᠨᠤᠲᠤᠭ ᠣᠰᠣᠨ ᠤ ᠬᠢᠨ ᠰᠣᠪᠣᠷᠭ᠎ᠠ ᠭᠣᠣᠯ ᠪᠠᠭ᠎ᠠ ᠰᠣᠷᠭᠠᠭᠣᠯᠢ ᠶᠢᠨᠠ᠊· ᠤᠳᠽᠠᠷ ᠨᠣᠮ ᠤᠨ ᠦᠷᠦᠭᠡ ᠳᠦ ᠨᠤᠮ ᠪᠡᠯᠡᠭᠯᠡᠬᠦ ᠠᠵᠢᠯᠯᠠᠭ᠎ᠠᠦᠷᠨᠢᠬᠦᠯᠵᠣ᠂ ᠪᠠᠰᠨ ᠦᠪᠦᠷ ᠮᠣᠩᠭᠣᠯ ᠤᠨ ᠶᠡᠭᠡ ᠰᠣᠷᠭᠠᠭᠣᠯᠢ ᠶᠢᠨ ᠫᠷᠣᠹᠧᠰᠰᠣᠷ᠂ ᠦᠪᠦᠷ ᠮᠣᠩᠭᠣᠯ ᠤᠨ ᠣᠳᠬ᠎ᠠ ᠣᠷᠠᠯᠢᠭ ᠤᠨ ᠰᠢᠬᠦᠮᠵᠢᠯᠡᠭᠴᠢᠳ ᠤᠨ ᠡᠪᠯᠡᠯ ᠤᠨ ᠨᠡᠷ᠎ᠡ ᠬᠦᠨᠳᠦᠲᠦ ᠲᠡᠷᠢᠬᠦᠯᠡᠭᠴᠢ ᠴ· ᠵᠢᠷᠭᠠᠯ ᠪᠠᠭᠰᠢ ᠶᠢ ᠣᠷᠢᠵᠣ ᠰᠢ ᠵᠢᠨ ᠫᠢᠩ ᠶᠡᠷᠦᠩᠬᠡᠢ ᠱᠦᠵᠢ ᠶᠢᠨ ᠣᠳᠬ᠎ᠠ ᠣᠷᠠᠯᠢᠭ ᠤᠨ ᠠᠵᠢᠯ ᠤᠨ ᠴᠢᠬᠣᠯᠨ ᠦᠬᠦᠯᠡᠯᠳᠡ  ᠶᠢᠨ ᠲᠣᠬᠠᠢ ᠲᠣᠰᠬᠠᠢ ᠰᠡᠳᠦᠪᠳᠣ ᠶᠠᠷᠢᠶ᠎ᠠ ᠲᠠᠢᠯᠣᠮᠵᠢ ᠡᠷᠬᠢᠯᠡᠭᠡᠳ ᠠᠯᠳᠠᠷᠳᠦ ᠵᠤᠬᠢᠶᠠᠯᠴᠢ ᠠ᠊· ᠤᠳᠽᠠᠷ ᠤᠨ ᠵᠤᠬᠢᠶᠠᠯ ᠪᠦᠲᠦᠭᠡᠯ᠂ ᠬᠦᠮᠦᠨ ᠮᠦᠰᠦ᠂ ᠦᠵᠡᠯ ᠰᠠᠨᠠᠭ᠎ᠠ᠂ ᠵᠠᠩ ᠰᠣᠷᠳᠠᠯ᠂ ᠬᠦᠰᠡᠯ ᠬᠦᠭᠡᠭᠡᠴᠡᠯᠳᠦᠯ ᠤᠨ ᠲᠤᠬᠠᠢ ᠪᠦᠬᠦ ᠲᠠᠯ᠎ᠡ ᠪᠠᠷ ᠰᠠᠨᠠᠭᠠᠯᠵᠠᠨ ᠲᠣᠷᠠᠳᠬᠠᠵᠣ᠂ ᠲᠡᠭᠦᠨ ᠤᠠᠷᠠᠳ ᠲᠦᠮᠡᠨ ᠳᠦ ᠦᠢᠯᠡᠴᠢᠯᠡᠬᠦ᠂ ᠨᠡᠢᠭᠡᠮ ᠵᠢᠷᠦᠮ ᠳᠦ ᠦᠢᠯᠡᠴᠢᠯᠡᠬᠦᠴᠢᠭᠯᠡᠯ  ᠢ ᠭᠣᠢᠪᠢᠰᠢ ᠦᠬᠡᠢ ᠪᠠᠷᠢᠮᠳᠠᠯᠠᠨ᠂ ᠣᠭ ᠰᠠᠨᠠᠭ᠎ᠠ ᠪᠡᠨ ᠦᠯᠦ ᠮᠠᠷᠳᠠᠨ ᠭᠡᠵᠢᠶ᠎ᠡ ᠢᠮᠠᠭᠳᠠ ᠠᠷᠠᠳ ᠲᠦᠮᠡᠨ ᠢᠶᠡᠷ ᠲᠦᠪ ᠪᠣᠯᠭᠠᠨ ᠵᠣᠬᠢᠶᠠᠨ ᠪᠦᠳᠦᠭᠡᠳᠡᠭ ᠡᠷᠬᠢᠮ ᠲᠡᠭᠡᠳᠣ ᠭᠡᠪ ᠰᠣᠷᠳᠠᠯ ᠢ ᠮᠠᠭᠳᠠᠨ ᠰᠠᠢᠰᠢᠶᠠᠵᠣ ᠦᠨᠳᠦᠷ ᠦᠨᠡᠯᠡᠨ᠂ ᠣᠷᠡᠨ ᠵᠣᠬᠢᠶᠠᠯ ᠤᠨ ᠵᠣᠬᠢᠶᠠᠨ ᠪᠦᠳᠦᠭᠡᠯᠭᠡ ᠬᠢᠳᠡᠭ ᠨᠡᠢᠳᠡ ᠬᠦᠮᠦᠰ ᠢᠶᠡᠨ ᠴᠠᠭ ᠦᠶ᠎ᠡ ᠳᠦ ᠣᠰᠣᠯᠳᠠᠯ ᠦᠬᠡᠢ ᠵᠦᠪ ᠡᠨᠧᠷᠬᠢ ᠲᠠᠢ ᠦᠭᠡᠳᠡᠷᠭᠡᠭ ᠰᠢᠨ᠎ᠡ ᠰᠢᠨ᠎ᠡ ᠪᠦᠳᠦᠭᠡᠯ ᠲᠣᠭᠣᠷᠪᠢᠬᠣ ᠶᠢ ᠬᠦᠰᠡᠨ ᠰᠠᠨᠠᠭᠠᠴᠢᠯᠠᠵᠠᠢ᠃
  ᠠᠯᠳᠠᠷᠳᠣ ᠵᠤᠬᠢᠶᠠᠯᠴᠢ ᠠ᠊
· ᠤᠳᠽᠠᠷ ᠪᠤᠯ ᠤᠳᠤ ᠦᠶ᠎ᠡ ᠵᠢᠨ ᠮᠤᠩᠭᠤᠯ ᠲᠤᠭᠤᠵᠢᠰ ᠤᠨ ᠤᠷᠠᠨ ᠵᠤᠬᠢᠶᠠᠯ ᠤᠨ ᠰᠠᠭᠤᠷᠢᠯᠠᠭᠴᠢ ᠵᠢᠨ ᠨᠢᠭᠡ ᠪᠦᠭᠡᠳ ᠮᠤᠩᠭᠤᠯ ᠲᠤᠭᠤᠵᠢᠰ ᠤᠨ ᠤᠷᠠᠨ ᠵᠤᠬᠢᠶᠠᠯ ᠤᠨ ᠲᠠᠪᠴᠠᠩ ᠳᠤ ᠦᠪᠡᠷ ᠤᠨ ᠬᠡᠪ ᠨᠠᠮᠪᠠ ᠪᠠᠷ ᠢ᠋ᠶ᠋ᠠᠨ ᠨᠢᠭᠡᠨ ᠲᠡᠣᠭᠡᠨ ᠴᠠᠭ ᠦᠶ᠎ᠡ ᠵᠢ ᠨᠦᠯᠦᠭᠡᠯᠡᠭᠰᠡᠨ ᠣᠯᠣᠰ ᠤᠨ ᠲᠣᠳᠣᠭᠠᠳᠣ ᠭᠠᠳᠠᠭᠠᠳᠣ ᠳᠦ ᠠᠯᠳᠠᠷᠰᠢᠭᠰᠠᠨ ᠠᠪᠣᠷᠭᠣ ᠲᠠᠷᠬᠠᠨ ᠶᠣᠮ᠃ ᠣᠳᠣᠬᠠᠨ ᠪᠣᠯᠳᠠᠯ᠎ᠠ᠂ ᠠ᠊· ᠤᠳᠽᠠᠷ  ᠤᠨ 3 ᠷᠣᠮᠠᠨ᠂ 18 ᠲᠣᠭᠣᠵᠢ᠂ 72 ᠦᠬᠦᠯᠡᠯᠭᠡ᠂ 115 ᠨᠠᠢᠷᠠᠭᠣᠯᠣᠯ᠂ 81 ᠣᠨᠣᠯ ᠰᠢᠬᠦᠮᠵᠢ᠂ 5 ᠺᠢᠨᠣ᠋ ᠵᠦᠴᠦᠭᠡ ᠨᠡᠢᠳᠡ 300 ᠲᠦᠮᠡᠨ ᠦᠰᠦᠭ ᠤᠨ 27 ᠨᠣᠮ ᠭᠡᠪᠯᠡᠭᠳᠡᠭᠡᠳ ᠪᠠᠢᠨ᠎ᠠ᠃ 2009 ᠤᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠠᠷᠠᠳ ᠤᠨ ᠵᠠᠰᠠᠭ ᠤᠨ ᠤᠷᠲᠤᠨ ᠡᠴᠠ ᠲᠡᠬᠦᠨ ᠳᠦᠤᠳᠬ᠎ᠠ ᠤᠷᠠᠯᠢᠭ ᠤᠨ ᠭᠠᠷᠮᠠᠭᠠᠢ ᠵᠢᠳᠭᠦᠯᠳᠡᠨᠭᠡᠮᠡᠬᠦ ᠠᠯᠳᠠᠷ ᠴᠣᠯᠨ ᠣᠯᠭᠣᠭᠰᠠᠨ ᠪᠠᠢᠨ᠎ᠠ᠃ ᠲᠣᠰ ᠣᠳᠠᠭᠠᠨ ᠤ ᠠ᠊· ᠤᠳᠽᠠᠷ ᠤᠨ ᠮᠡᠨᠳᠦᠯᠡᠭᠰᠡᠨ 95 ᠵᠢᠯ ᠤᠨ ᠤᠢ ᠵᠢ ᠳᠤᠷᠠᠰᠬᠠᠬᠤ ᠰᠠᠭᠣᠳᠠᠯ ᠤᠨ ᠬᠤᠷᠠᠯ ᠢᠠᠯᠳᠠᠨ ᠲᠦᠯᠬᠢᠬᠦᠷᠰᠡᠳᠭᠦᠯ ᠤᠨ ᠨᠠᠢᠷᠠᠭᠤᠯᠬᠤ ᠬᠡᠯᠲᠡᠰ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠤᠶᠦᠯ ᠤᠷᠠᠯᠢᠭ ᠤᠨ ᠨᠦᠬᠦᠷᠯᠡᠯ ᠤᠨ ᠬᠤᠯᠪᠤᠭ᠎ᠠ ᠡᠴᠠ ᠲᠠᠭᠠᠭᠠᠨ ᠬᠦᠢᠴᠡᠳᠭᠡᠵᠠᠢ᠃ (ᠬᠦᠬᠡᠳᠠᠪᠠᠯᠭᠠᠨ)

 

               ᠠᠷᠠᠳ ᠤ᠋ᠨ ᠰᠦᠯᠵᠢᠶᠡᠨ ᠠ᠋ᠴᠠ ᠰᠢᠯᠵᠢᠭᠦᠯᠦᠨ ᠨᠡᠢᠳᠡᠯᠡᠪᠡ

               ᠬᠠᠷᠢᠭᠤᠴᠠᠭᠰᠠᠨ ᠨᠠᠢᠷᠠᠭᠤᠯᠤᠭᠴᠢ᠄ ᠰᠤᠪᠤᠳ

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ