《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠤᠨ ᠭᠤᠷᠪᠠᠳᠠᠭᠢ ᠬᠤᠭᠤᠴᠠᠭᠠᠨ ᠤ ᠶᠠᠷᠢᠶ᠎ᠠ ᠡᠬᠢᠯᠡᠪᠡ
2019.10.16

  10 ᠰᠠᠷ᠎ᠠ ᠶᠢᠨ 13 ᠦ ᠦᠳᠡ ᠶ᠋ᠢᠨ ᠡᠮᠦᠨ᠎ᠡ᠂  ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠡᠴᠡ ᠭᠣᠤᠯᠯᠠᠨ ᠡᠷᠬᠢᠯᠡᠭᠰᠡᠨ 《ᠦᠵᠡᠰᠬᠦᠯᠡᠩᠲᠦ ᠰᠠᠢᠬᠠᠨ ᠤᠮᠠᠷᠠᠲᠤ ᠬᠢᠯᠢ》 ᠶᠠᠷᠢᠶᠠᠨ ᠤ ᠲᠠᠪᠴᠠᠩ ᠤᠨ ᠭᠤᠷᠪᠠᠳᠠᠭᠢ ᠬᠤᠭᠤᠴᠠᠭ᠎ᠠ ᠥᠪᠥᠷ ᠮᠣᠩᠭᠣᠯ ᠤᠨ ᠠᠷᠠᠳ ᠤᠨ ᠬᠤᠷᠠᠯ ᠤᠨ ᠲᠠᠩᠬᠢᠮ ᠳᠤ ᠶᠠᠪᠤᠭᠳᠠᠪᠠ᠃ ᠰᠢᠨ ᠳ᠋ᠦᠩ ᠹᠠᠩ ᠤᠨ ᠡᠭᠦᠳᠦᠨ ᠪᠠᠢᠭᠤᠯᠤᠭᠴᠢ᠂ ᠰᠢᠨ ᠳ᠋ᠦᠩ ᠹᠠᠩ ᠨᠡᠷᠡᠮᠵᠢᠲᠦ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠦᠨ ᠪᠦᠯᠦᠭᠯᠡᠯ ᠦᠨ ᠬᠡᠷᠡᠭ ᠮᠡᠳᠡᠭᠴᠢᠳ ᠦᠨ ᠲᠠᠷᠤᠭ᠎ᠠ ᠢᠦᠢ ᠮᠢᠨ ᠬᠣᠩ ᠶᠠᠷᠢᠶᠠᠨ ᠤ ᠲᠠᠪᠴᠠᠩ ᠳᠤ ᠤᠷᠢᠭᠳᠠᠨ 《ᠰᠤᠷᠭᠠᠨ ᠬᠥᠮᠦᠵᠢᠯ ᠦᠨ ᠬᠠᠢᠷ᠎ᠠ ᠰᠡᠳᠬᠢᠯᠭᠡ ᠪᠠ ᠬᠤᠪᠢ ᠬᠥᠮᠦᠨ ᠦ ᠦᠰᠦᠨ ᠪᠣᠢᠵᠢᠯᠲᠠ》 ᠭᠡᠬᠦ ᠲᠤᠰᠬᠠᠶ ᠰᠡᠳᠦᠪᠲᠦ ᠲᠠᠢᠯᠤᠮᠵᠢ ᠬᠢᠵᠡᠢ᠃

  ᠢᠦᠢ ᠮᠢᠨ ᠬᠣᠩ ᠶᠠᠷᠢᠭᠰᠠᠨ ᠨᠢ᠂ ᠠᠮᠢᠳᠤᠷᠠᠯ ᠬᠡᠳᠦᠶ ᠳᠥᠭᠥᠮ ᠪᠣᠯ ᠲᠡᠳᠦᠶ ᠵᠣᠯ ᠵᠢᠷᠭᠠᠯ ᠲᠠᠶ᠂ ᠨᠣᠮ ᠤᠩᠰᠢᠬᠤ᠂ ᠵᠣᠬᠢᠶᠠᠨ ᠪᠢᠴᠢᠬᠦ᠂ ᠵᠤᠭᠠᠴᠠᠯ ᠪᠣᠯ ᠲᠡᠭᠦᠨ ᠦ ᠠᠮᠢᠳᠤᠷᠠᠯ ᠤᠨ ᠬᠥᠭᠡᠭᠡᠴᠡᠯᠳᠦᠯ ᠮᠦᠨ᠃ ᠰᠤᠷᠭᠠᠨ ᠬᠥᠮᠦᠵᠢᠯ ᠦᠨ ᠲᠤᠬᠠᠶ ᠶᠠᠷᠢᠬᠤ ᠳ᠋ᠤ᠌ ᠪᠠᠨ ᠲᠡᠷᠡ᠄  《ᠣᠳᠣᠬᠠᠨ ᠳ᠋ᠤ᠌ ᠨᠠᠶᠠᠭᠠᠳ ᠣᠨ ᠤ᠋ ᠠᠢᠯ ᠤ᠋ᠨ ᠭᠠᠭᠴᠠ ᠬᠡᠤᠬᠡᠳ ᠦ᠋ᠳ ᠡᠴᠢᠭᠡ ᠡᠬᠡ ᠪᠣᠯᠤᠭᠰᠠᠨ ᠤ᠋ ᠳᠠᠷᠠᠭ᠎ᠠ᠂ ᠣᠯᠠᠩᠬᠢ ᠨᠢ ᠬᠡᠦᠭᠡᠳ ᠢ᠋ᠶ᠋ᠡᠨ ᠰᠤᠷᠭᠠᠵᠤ ᠴᠢᠳᠠᠬᠤ ᠦᠭᠡᠢ ᠪᠠᠢᠨ᠎ᠠ᠂ ᠡᠢᠮᠦ ᠡᠴᠡ ᠭᠡᠷ ᠪᠦᠯᠢ ᠶᠢᠨ ᠬᠥᠮᠦᠵᠢᠯ ᠢ ᠣᠯᠠᠨ ᠢᠶᠠᠷ ᠢᠶᠠᠨ ᠬᠦᠨᠳᠦᠳᠬᠡᠨ ᠦᠵᠡᠵᠦ ᠰᠤᠷᠤᠯᠴᠠᠬᠤ ᠴᠢᠬᠤᠯᠠᠲᠠᠢ ᠪᠣᠯᠤᠭᠠᠳ ᠪᠠᠢᠨ᠎ᠠ》 ᠭᠡᠵᠡᠶ᠃ ᠢᠦᠢ ᠮᠢᠨ ᠬᠣᠩ ᠬᠤᠳᠠᠯᠳᠤᠭ᠎ᠠ ᠡᠷᠬᠢᠯᠡᠭᠡᠳ 30 ᠵᠢᠯ ᠤᠨ ᠨᠢᠭᠤᠷ ᠦᠵᠡᠵᠦ ᠪᠤᠢ᠂ ᠲᠡᠭᠦᠨ ᠦ ᠦᠵᠡᠬᠦ ᠪᠡᠷ ᠴᠢᠨᠠᠷᠯᠢᠭ ᠪᠦᠲᠦᠭᠡᠭᠳᠡᠬᠦᠨ ᠪᠣᠯ ᠬᠥᠭᠵᠢᠯᠲᠡ ᠶᠢᠨ ᠬᠠᠮᠤᠭ ᠤᠨ ᠰᠠᠢᠨ ᠠᠷᠭ᠎ᠠ᠂ ᠦᠨᠡᠨᠴᠢ ᠢᠲᠡᠭᠡᠮᠵᠢᠲᠡᠶ ᠪᠠᠷ ᠦᠨᠡᠨ ᠰᠡᠳᠬᠢᠯ ᠡᠴᠡ ᠪᠡᠨ ᠠᠵᠢᠯᠲᠠᠨ ᠪᠠ ᠬᠡᠷᠡᠭᠯᠡᠭᠴᠢ ᠳᠦ ᠬᠠᠨᠳᠤᠪᠠᠯ ᠰᠠᠶᠢ ᠤᠷᠲᠤ ᠬᠤᠭᠤᠴᠠᠭᠠᠨ ᠤ ᠢᠲᠡᠭᠡᠯ ᠢ ᠣᠯᠵᠤ ᠴᠢᠳᠠᠨ᠎ᠠ᠂ ᠰᠢᠯᠢᠳᠡᠭ ᠪᠦᠯᠬᠦᠮ ᠨᠡᠢᠲᠡ ᠪᠣᠯ ᠠᠵᠢᠯ ᠦᠢᠯᠡᠰ ᠦᠨ ᠲᠠᠪᠰᠢᠯᠲᠠ ᠶᠢ ᠪᠠᠲᠤᠯᠠᠬᠤ ᠰᠠᠭᠤᠷᠢ ᠮᠥᠨ᠃ 2 ᠴᠠᠭ ᠰᠢᠬᠠᠮ ᠤᠨ ᠶᠠᠷᠢᠶᠠᠨ ᠳᠤ ᠢᠦᠢ ᠮᠢᠨ ᠬᠣᠩ ᠭᠣᠣᠯᠳᠠᠭᠤ ᠰᠤᠷᠤᠯᠴᠠᠯᠭ᠎ᠠ᠂ ᠠᠮᠢᠳᠤᠷᠠᠯ᠂ ᠦᠢᠯᠡᠰ ᠪᠣᠰᠬᠠᠬᠤ ᠵᠠᠮ ᠠᠴᠠ ᠬᠤᠪᠢ ᠬᠥᠮᠦᠨ ᠦ ᠥᠩᠭᠡᠷᠡᠯᠲᠡ᠂ ᠵᠠᠩ ᠠᠭᠠᠰᠢ᠂ ᠳᠤᠷ᠎ᠠ ᠪᠠᠬ᠎ᠠ ᠵᠡᠷᠭᠡ ᠶᠢ ᠶᠠᠷᠢᠵᠤ᠂  ᠦᠭᠡ ᠬᠡᠯᠡ ᠨᠢ ᠠᠮᠢᠳᠤᠯᠢᠭ ᠶᠦᠮᠦᠷᠯᠢᠭ ᠪᠠᠢᠵᠤ᠂ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠠᠭᠠᠨ ᠲᠣᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠡᠷ ᠪᠢᠯᠬᠠᠵᠠᠢ᠃ 

  ᠢᠦᠢ ᠮᠢᠨ ᠬᠣᠩ᠂ 1962 ᠣᠨ ᠳᠤ ᠨᠢᠭᠡᠨ ᠡᠩ ᠦᠨ ᠬᠥᠳᠡᠭᠡ ᠲᠣᠰᠬᠣᠨ ᠤ ᠭᠡᠷ ᠪᠦᠯᠢ ᠳᠦ ᠲᠥᠷᠥᠪᠡ᠂ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠬᠣᠶᠠᠷ ᠤᠳᠠᠭ᠎ᠠ ᠣᠷᠣᠯᠴᠠᠵᠤ ᠭᠣᠭᠣᠵᠢᠭᠳᠠᠭᠰᠠᠨ ᠪᠣᠯᠪᠠᠴᠤ ᠵᠣᠷᠢᠭ ᠮᠣᠬᠣᠯ ᠦᠭᠡᠢ ᠪᠡᠷ ᠰᠢᠮᠳᠠᠵᠤ 1980 ᠣᠨ ᠳᠤ ᠪᠡᠭᠡᠵᠢᠩ ᠶᠡᠬᠡ ᠰᠤᠷᠭᠠᠭᠤᠯᠢ ᠶᠢᠨ ᠦᠷᠦᠨᠡᠳᠠᠬᠢᠨ ᠤ ᠬᠡᠯᠡᠨ ᠦ ᠰᠠᠯᠪᠤᠷᠢ ᠳᠤ ᠤᠷᠤᠭᠰᠢᠲᠠᠶ ᠰᠢᠯᠭᠠᠨ ᠣᠷᠣᠪᠠ᠃ 1993 ᠣᠨ ᠤ 11 ᠰᠠᠷ᠎ᠠ ᠳᠤ᠂ ᠨᠢᠭᠡᠨᠲᠡ ᠰᠤᠷᠭᠠᠭᠤᠯᠢ ᠳ᠋ᠤ᠌ ᠪᠠᠨ ᠦᠯᠡᠳᠡᠵᠦ ᠠᠵᠢᠯᠯᠠᠭᠰᠠᠨ ᠢᠦᠢ ᠮᠢᠨ ᠬᠣᠩ ᠪᠠᠭᠰᠢ ᠶᠢᠨ ᠠᠵᠢᠯ ᠢᠶᠠᠨ ᠬᠠᠶᠠᠵᠤ ᠬᠤᠳᠠᠯᠳᠤᠭ᠎ᠠ ᠡᠷᠬᠢᠯᠡᠨ ᠰᠢᠨ ᠳ᠋ᠦᠩ ᠹᠠᠩ ᠨᠡᠷᠡᠮᠵᠢᠲᠦ ᠰᠤᠷᠭᠠᠭᠤᠯᠢ ᠶᠢ ᠡᠭᠦᠳᠦᠨ ᠪᠠᠢᠭᠤᠯᠵᠤ᠂ 34 ᠬᠣᠲᠠ ᠳᠤ ᠠᠩᠭᠯᠢ ᠬᠡᠯᠡᠨ ᠦ ᠰᠤᠷᠭᠠᠭᠤᠯᠢ ᠪᠠ ᠪᠤᠰᠤᠳ ᠰᠤᠷᠤᠯᠴᠠᠬᠤ ᠲᠥᠪ ᠢ ᠪᠠᠢᠭᠤᠯᠵᠠᠢ᠃ 2009 ᠣᠨ ᠤ᠋ CCTV ᠠᠵᠤ ᠠᠬᠤᠢ ᠶ᠋ᠢᠨ ᠰᠣᠳᠤᠨ ᠬᠥᠮᠦᠰ ᠦ᠋ᠨ ᠱᠠᠩᠨᠠᠯ ᠣᠯᠭᠣᠬᠤ ᠶᠠᠷᠢᠶᠠᠨ ᠳᠤ ᠢᠤᠢ ᠮᠢᠨ ᠬᠣᠩ ᠢ᠋᠄ 《ᠨᠢᠭᠡᠨ ᠠᠩᠭᠢ ᠤᠬᠤᠷᠢᠵᠤ ᠥᠩᠭᠡᠷᠡᠭᠰᠡᠨ ᠰᠤᠷᠤᠭᠴᠢ ᠲᠣᠭ᠎ᠠ ᠲᠣᠮᠰᠢ ᠥᠬᠡᠶ ᠰᠤᠷᠤᠭᠴᠢᠳ ᠤᠨ ᠨᠢᠭᠡ ᠨᠠᠰᠤ ᠶᠢ ᠭᠡᠭᠡᠷᠡᠭᠦᠯᠪᠡ; ᠲᠡᠷᠡ ᠶᠡᠷᠦ ᠡᠴᠡ ᠭᠠᠳᠠᠭᠠᠳᠤ ᠳᠤ ᠰᠤᠷᠤᠯᠴᠠᠵᠤ ᠥᠩᠭᠡᠷᠡᠭᠡ ᠦᠭᠡᠢ ᠬᠠᠷᠢᠨ ᠨᠢᠭᠡᠨ ᠰᠠᠯᠠᠭ᠎ᠠ ᠤᠯᠤᠰ ᠠᠯᠤᠰᠯᠠᠭᠰᠠᠨ ᠬᠥᠯᠭᠡ ᠣᠩᠭᠤᠴᠠᠨ ᠠᠩᠭᠢ ᠪᠠᠢᠭᠤᠯᠵᠠᠢ᠃ ᠲᠡᠭᠦᠨ ᠦ ᠶᠠᠷᠢᠶ᠎ᠠ ᠢᠯᠡᠳᠬᠡᠯ ᠨᠢ 26 ᠴᠠᠭᠠᠨ ᠲᠣᠯᠣᠭᠠᠢ ᠪᠠᠷ ᠦᠷᠦᠨ᠎ᠡ ᠳᠣᠷᠣᠨ᠎ᠠ ᠶᠢ ᠬᠣᠯᠪᠣᠪᠠ᠃  ᠲᠡᠷᠡ ᠴᠡᠭᠡᠵᠢᠨ ᠳ᠋ᠤ᠌ ᠪᠠᠨ ᠲᠡᠯᠡᠬᠡᠢ ᠶᠢ ᠪᠠᠭᠲᠠᠭᠠᠵᠤ ᠳᠣᠷᠣᠨ᠎ᠠ ᠵᠦᠭ ᠵᠣᠷᠢᠭᠯᠠᠮᠤᠢ》 ᠬᠡᠮᠡᠨ ᠵᠦᠢᠷᠯᠡᠪᠡ᠃

  ᠡᠨᠡ ᠵᠢᠯ ᠦᠨ 4 ᠰᠠᠷ᠎ᠠ ᠶᠢᠨ 30 ᠦ ᠡᠳᠦᠷ᠂ 《ᠦᠵᠡᠰᠬᠦᠯᠡᠩᠲᠦ ᠰᠠᠢᠬᠠᠨ ᠤᠮᠠᠷᠠᠲᠤ ᠬᠢᠯᠢ》 ᠶᠠᠷᠢᠶᠠᠨ ᠤ ᠲᠠᠪᠴᠠᠩ ᠠᠩᠬ᠎ᠠ ᠡᠬᠢᠯᠡᠵᠦ᠂ ᠭᠠᠳᠠᠭᠠᠳᠤ ᠠᠵᠤ ᠠᠬᠤᠶ ᠠᠷᠠᠯᠵᠢᠶᠠᠨ ᠤ ᠶᠠᠮᠤᠨ ᠤ ᠲᠡᠳ᠋ ᠰᠠᠢᠳ᠂ ᠳᠤᠮᠳᠠᠳᠤ ᠤᠯᠤᠰ ᠤᠨ ᠲᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠢᠭᠤᠯᠤᠯᠲᠠ ᠳᠤ ᠣᠷᠣᠯᠴᠠᠬᠤ ᠬᠡᠯᠡᠯᠴᠡᠭᠡᠷ ᠤᠨ ᠲᠡᠷᠢᠭᠦᠨ ᠤ᠋ ᠲᠤᠰᠬᠠᠶ ᠮᠡᠷᠭᠡᠵᠢᠯᠲᠡᠨ᠂ ᠤᠤᠯ ᠤᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠬᠡᠷᠡᠭ ᠡᠷᠬᠢᠯᠡᠭᠴᠢ᠂ ᠨᠠᠷᠢᠨ ᠪᠢᠴᠢᠭ ᠦᠨ ᠲᠠᠷᠤᠭ᠎ᠠ ᠯᠦᠩ ᠶᠦᠩ ᠲᠦ ᠠᠪᠤᠭᠠᠢ ᠡᠴᠡ 《ᠣᠳᠣᠬᠠᠨ ᠤ ᠠᠵᠤ ᠠᠬᠤᠢ ᠶᠢᠨ ᠪᠠᠢᠳᠠᠯ ᠬᠢᠭᠡᠳ ᠮᠠᠨ ᠤ ᠤᠯᠤᠰ ᠤᠨ ᠭᠠᠳᠠᠭᠠᠳᠤ ᠨᠡᠭᠡᠭᠡᠯᠲᠡ》 ᠭᠡᠬᠦ ᠰᠡᠳᠦᠪ ᠢᠶᠡᠷ ᠭᠣᠤᠯ ᠰᠡᠳᠦᠪᠲᠦ ᠲᠠᠢᠯᠤᠮᠵᠢ ᠬᠢᠵᠡᠶ᠃ ᠶᠠᠷᠢᠶᠠᠨ ᠤ ᠲᠠᠪᠴᠠᠩ ᠤᠨ ᠬᠣᠶᠠᠳᠠᠭᠢ ᠬᠤᠭᠤᠴᠠᠭᠠᠨ ᠳᠤ ᠬᠠᠭᠠᠨ ᠤ ᠣᠷᠳᠣᠨ ᠲᠡᠭᠡᠳᠦ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠦᠨ ᠰᠤᠳᠤᠯᠭᠠᠨ ᠤ ᠨᠡᠢᠭᠡᠮᠯᠢᠭ ᠦᠨ ᠲᠠᠷᠤᠭ᠎ᠠ ᠱᠠᠨ ᠵᠢᠶ ᠰᠢᠶᠠᠩ ᠢ ᠤᠷᠢᠵᠤ 《ᠤᠷᠠᠨ ᠲᠠᠷᠬᠠᠨ ᠤ ᠡᠨᠡᠷᠢᠩᠭᠦᠶ ᠰᠡᠳᠬᠢᠯ - ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠢ ᠠᠮᠢᠯᠠᠭᠤᠯᠤᠶ᠎ᠠ》 ᠭᠡᠬᠦ ᠰᠡᠳᠦᠪ ᠢᠶᠡᠷ ᠲᠤᠰᠬᠠᠶ ᠰᠡᠳᠦᠪᠲᠦ ᠶᠠᠷᠢᠶ᠎ᠠ ᠢᠯᠡᠳᠬᠡᠯ ᠬᠢᠪᠡ᠃ ᠬᠣᠶᠠᠷ ᠤᠳᠠᠭᠠᠨ ᠤ ᠲᠠᠢᠯᠤᠮᠵᠢ ᠶᠢᠨ ᠠᠬᠤᠶ ᠲᠠᠯᠠᠪᠠᠢ ᠶᠢᠨ ᠬᠥᠮᠦᠨ ᠦ ᠲᠣᠭ᠎ᠠ ᠴᠥᠮ ᠮᠢᠩᠭ᠎ᠠ ᠶᠢ ᠲᠠᠪᠠᠵᠤ᠂ ᠰᠢᠭᠤᠳ ᠨᠡᠪᠲᠡᠷᠡᠭᠦᠯᠭᠡ ᠶᠢᠨ ᠲᠠᠪᠴᠠᠩ ᠵᠢᠴᠢ ᠣᠯᠠᠨ ᠵᠠᠭᠤᠴᠢᠲᠤ ᠣᠯᠠᠨ ᠡᠰᠢᠴᠢᠯᠡᠭᠰᠡᠨ ᠪᠣᠰᠣᠭ᠎ᠠ ᠴᠣᠭᠴᠠᠲᠤ ᠲᠠᠮᠵᠢᠭᠤᠯᠭ᠎ᠠ ᠨᠢ ᠮᠠᠰᠢ ᠰᠠᠢᠨ ᠨᠡᠢᠭᠡᠮ ᠦᠨ ᠦᠷ᠎ᠡ ᠪᠦᠲᠦᠮᠵᠢ ᠣᠯᠤᠭᠰᠠᠨ ᠪᠠᠢᠨ᠎ᠠ᠃ 

 

 

          ᠰᠤᠷᠪᠤᠯᠵᠢᠯᠠᠭᠴᠢ᠄ ᠭᠤᠤ ᠫᠢᠩ

          ᠬᠠᠷᠢᠭᠤᠴᠠᠭᠰᠠᠨ ᠨᠠᠢᠷᠠᠭᠤᠯᠤᠭᠴᠢ᠄ ᠰᠦᠨ ᠽᠦᠩ ᠡᠾᠸ

          ᠭᠤᠧᠠᠩᠮᠢᠩ ᠡᠳᠦᠷ ᠦᠨ ᠰᠣᠨᠢᠨ ᠤ ᠬᠠᠮ ᠵᠠᠭᠤᠴᠢᠯᠠᠭᠤᠷ ᠡᠴᠡ ᠰᠢᠯᠵᠢᠭᠦᠯᠦᠨ ᠨᠡᠢᠲᠡᠯᠡᠪᠡ

                   

 

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604