《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠤᠨ ᠭᠤᠷᠪᠠᠳᠡᠬᠢ ᠬᠤᠭᠤᠴᠠᠭ᠎ᠠ |《ᠰᠤᠷᠭᠠᠨ ᠬᠥᠮᠦᠵᠢᠯ ᠦᠨ ᠬᠠᠢᠷ᠎ᠠ ᠰᠡᠳᠬᠢᠯᠭᠡ ᠪᠠ ᠬᠤᠪᠢ ᠬᠥᠮᠦᠨ ᠦ ᠦᠰᠦᠨ ᠪᠣᠢᠵᠢᠯᠲᠠ》
2019.10.16

  ᠬᠦᠬᠡᠬᠣᠲᠠ ᠶᠢᠨ ᠰᠣᠨᠢᠨ ᠮᠡᠳᠡᠭᠡᠨ ᠦ ᠰᠦᠯᠵᠢᠶ᠎ᠡ ᠶᠢᠨ 10 ᠰᠠᠷ᠎ᠠ ᠶᠢᠨ 14 ᠦ ᠡᠳᠦᠷ ᠦᠨ ᠮᠡᠳᠡᠭᠡ (ᠰᠤᠷᠪᠤᠯᠵᠢᠯᠠᠭᠴᠢ ᠵᠠᠩ ᠸᠧᠨ ᠵᠢᠦᠧᠠᠨ) ᠳᠤᠮᠳᠠᠳᠤ ᠤᠯᠤᠰ ᠤᠨ ᠤᠳᠤ ᠦᠶ᠎ᠡ ᠶᠢᠨ ᠰᠤᠷᠭᠠᠨ ᠬᠥᠮᠦᠵᠢᠯ ᠢ ᠳᠤᠷᠠᠳᠬᠤ ᠳᠤ ᠢᠦᠢ ᠮᠢᠨ ᠬᠣᠩ ᠯᠠᠪᠲᠠᠶ ᠨᠢᠭᠡ ᠪᠠᠢᠷᠢ ᠶᠢ ᠡᠵᠡᠯᠡᠨ᠎ᠡ᠃ 10 ᠰᠠᠷ᠎ᠠ ᠶᠢᠨ 13 ᠦ ᠡᠳᠦᠷ᠂ ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠭᠣᠤᠯᠯᠠᠨ ᠡᠷᠬᠢᠯᠡᠵᠦ᠂ ᠨᠡᠢᠭᠡᠮ ᠦᠨ ᠡᠯ᠎ᠡ ᠡᠲᠡᠭᠡᠳ ᠦᠨ ᠬᠢᠨ ᠥᠷᠭᠡᠨ ᠢᠶᠡᠷ ᠣᠷᠣᠯᠴᠠᠭᠰᠠᠨ ᠲᠡᠭᠡᠳᠦ ᠲᠡᠰ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ《ᠦᠵᠡᠰᠬᠦᠯᠡᠩᠲᠦ ᠰᠠᠢᠬᠠᠨ ᠤᠮᠠᠷᠠᠲᠤ ᠬᠢᠯᠢ》 ᠶ᠋ᠢᠨ ᠶᠠᠷᠢᠶᠠᠨ ᠤ ᠲᠠᠪᠴᠠᠩ ᠤᠨ ᠭᠤᠷᠪᠠᠳᠡᠬᠢ ᠬᠤᠭᠤᠴᠠᠭ᠎ᠠ ᠬᠦᠬᠡᠬᠣᠲᠠ ᠳᠤ ᠶᠠᠪᠤᠭᠳᠠᠪᠠ᠃ ᠰᠢᠨ ᠳ᠋ᠦᠩ ᠹᠠᠩ ᠨᠡᠷᠡᠮᠵᠢᠲᠦ ᠰᠤᠷᠭᠠᠨ ᠬᠥᠮᠦᠵᠢᠯ ᠦᠨ ᠪᠦᠯᠦᠭᠯᠡᠯ᠂ ᠠᠩᠭᠯᠢ ᠬᠡᠯᠡᠨ ᠦ ᠵᠢᠭᠠᠨ ᠰᠤᠷᠭᠠᠯᠲᠠ ᠪᠠ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠰᠢᠨ ᠳ᠋ᠦᠩ ᠹᠠᠩ ᠨᠡᠷᠡᠮᠵᠢᠲᠦ ᠰᠤᠷᠭᠠᠨ ᠬᠥᠮᠦᠵᠢᠯ ᠦᠨ ᠪᠦᠯᠦᠭᠯᠡᠯ ᠦᠨ ᠬᠡᠷᠡᠭ ᠮᠡᠳᠡᠭᠴᠢᠳ ᠦᠨ ᠲᠠᠷᠤᠭ᠎ᠠ᠂ ᠬᠣᠩ ᠲᠠᠶ ᠰᠠᠭᠤᠷᠢ ᠮᠥᠩᠭᠥ ᠶᠢᠨ ᠬᠠᠮᠲᠤᠷᠠᠭᠰᠠᠨ ᠡᠭᠦᠰᠬᠡᠨ ᠪᠠᠢᠭᠤᠯᠤᠭᠴᠢ᠂ ᠳᠤᠮᠳᠠᠳᠤ ᠤᠯᠤᠰ ᠤᠨ ᠵᠠᠯᠠᠭᠤ ᠠᠵᠤ ᠠᠬᠤᠢᠯᠠᠯᠲᠠᠠ ᠤ᠋ ᠨᠡᠢᠭᠡᠮᠯᠢᠭ ᠤᠨ ᠲᠡᠳ᠋ ᠲᠠᠷᠤᠭ᠎ᠠ᠂ ᠳᠤᠮᠳᠠᠳᠤ ᠶᠢᠨ ᠪᠦᠬᠦ ᠤᠯᠤᠰ ᠤᠨ ᠵᠠᠯᠠᠭᠤᠴᠤᠳ ᠤᠨ ᠬᠣᠯᠪᠣᠭᠠᠲᠤ ᠬᠤᠷᠠᠯ ᠤᠨ ᠭᠡᠰᠢᠭᠦᠨ ᠵᠡᠷᠭᠡ ᠣᠯᠠᠨ ᠲᠤᠰᠢᠶᠠᠯ ᠲᠠᠢ ᠢᠦᠢ ᠮᠢᠨ ᠬᠣᠩ ᠥᠪᠥᠷ ᠮᠣᠩᠭᠣᠯ ᠤᠨ ᠵᠠᠰᠠᠭ ᠤᠨ ᠣᠷᠳᠣᠨ ᠤ ᠠᠷᠠᠳ ᠤᠨ ᠬᠤᠷᠠᠯ ᠤᠨ ᠲᠠᠩᠬᠢᠮ ᠳᠤ《ᠰᠤᠷᠭᠠᠨ ᠬᠥᠮᠦᠵᠢᠯ ᠦᠨ ᠬᠠᠢᠷ᠎ᠠ ᠰᠡᠳᠬᠢᠯᠭᠡ ᠪᠠ ᠬᠤᠪᠢ ᠬᠥᠮᠦᠨ ᠦ ᠦᠰᠦᠨ ᠪᠣᠢᠵᠢᠯᠲᠠ》ᠭᠡᠬᠦ ᠲᠤᠰᠬᠠᠶ ᠰᠡᠳᠦᠪᠲᠦ ᠲᠠᠢᠯᠤᠮᠵᠢ ᠬᠢᠪᠡ᠃

  4 ᠰᠠᠷ᠎ᠠ ᠶᠢᠨ 30 ᠦ ᠡᠳᠦᠷ᠂《ᠦᠵᠡᠰᠬᠦᠯᠡᠩᠲᠦ ᠰᠠᠢᠬᠠᠨ ᠤᠮᠠᠷᠠᠲᠤ ᠬᠢᠯᠢ》 ᠭᠡᠬᠦ ᠶᠠᠷᠢᠶᠠᠨ ᠤ ᠲᠠᠪᠴᠠᠩ ᠤᠨ ᠠᠩᠬᠠᠨ ᠤ ᠲᠠᠯᠠᠪᠤᠷ ᠲᠠᠢᠯᠤᠮᠵᠢ ᠶᠢ ᠤᠤᠯ ᠤᠨ ᠭᠠᠳᠠᠭᠠᠳᠤ ᠠᠵᠤ ᠠᠬᠤᠶ ᠠᠷᠠᠯᠵᠢᠶᠠᠨ ᠤ ᠶᠠᠮᠤᠨ ᠤ ᠲᠡᠳ᠋ ᠰᠠᠢᠳ᠂ ᠳᠤᠮᠳᠠᠳᠤ ᠤᠯᠤᠰ ᠤᠨ ᠲᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠢᠭᠤᠯᠤᠯᠲᠠ ᠳᠤ ᠣᠷᠣᠯᠴᠠᠬᠤ ᠬᠡᠯᠡᠯᠴᠡᠭᠡᠷ ᠤᠨ ᠲᠡᠷᠢᠭᠦᠨ ᠤ᠋ ᠲᠤᠰᠬᠠᠶ ᠮᠡᠷᠭᠡᠵᠢᠯᠲᠡᠨ᠂ ᠤᠤᠯ ᠤᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠬᠡᠷᠡᠭ ᠡᠷᠬᠢᠯᠡᠭᠴᠢ᠂ ᠨᠠᠷᠢᠨ ᠪᠢᠴᠢᠭ ᠦᠨ ᠲᠠᠷᠤᠭ᠎ᠠ ᠯᠦᠩ ᠶᠦᠩ ᠲᠦ《ᠣᠳᠣᠬᠠᠨ ᠤ ᠠᠵᠤ ᠠᠬᠤᠢ ᠶᠢᠨ ᠪᠠᠢᠳᠠᠯ ᠬᠢᠭᠡᠳ ᠮᠠᠨ ᠤ ᠤᠯᠤᠰ ᠤᠨ ᠭᠠᠳᠠᠭᠠᠳᠤ ᠨᠡᠭᠡᠭᠡᠯᠲᠡ》ᠭᠡᠬᠦ ᠰᠡᠳᠦᠪ ᠢᠶᠡᠷ ᠭᠣᠤᠯ ᠰᠡᠳᠦᠪᠲᠦ ᠲᠠᠢᠯᠤᠮᠵᠢ ᠬᠢᠵᠡᠶ᠃ 7 ᠰᠠᠷ᠎ᠠ ᠶᠢᠨ 13 ᠦ ᠡᠳᠦᠷ᠂ 《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠤᠨ ᠬᠣᠶᠠᠳᠠᠭᠢ ᠬᠤᠭᠤᠴᠠᠭᠠᠨ ᠳᠤ ᠬᠠᠭᠠᠨ ᠤ ᠣᠷᠳᠣᠨ ᠮᠦᠽᠧᠶ ᠶᠢᠨ ᠤᠤᠯ ᠤᠨ ᠮᠦᠽᠧᠢ ᠶᠢᠨ ᠲᠠᠷᠤᠭ᠎ᠠ᠂ ᠬᠠᠭᠠᠨ ᠤ ᠣᠷᠳᠣᠨ ᠲᠡᠭᠡᠳᠦ ᠰᠤᠷᠭᠠᠭᠤᠯᠢ ᠶᠢᠨ ᠵᠠᠬᠢᠷᠤᠯ ᠱᠠᠨ ᠵᠢᠶ ᠰᠢᠶᠠᠩ ᠲᠤᠬᠠᠶ ᠶᠢᠨ ᠲᠠᠯᠠᠪᠠᠢ ᠶᠢᠨ ᠦᠵᠡᠭᠴᠢᠳ ᠲᠡᠶ《ᠤᠷᠠᠨ ᠲᠠᠷᠬᠠᠨ ᠤ ᠡᠨᠡᠷᠢᠩᠭᠦᠶ ᠰᠡᠳᠬᠢᠯ | ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠢ ᠠᠮᠢᠯᠠᠭᠤᠯᠤᠶ᠎ᠠ》ᠭᠡᠬᠦ ᠭᠣᠤᠯ ᠰᠡᠳᠦᠪᠲᠦ ᠶᠠᠷᠢᠶ᠎ᠠ ᠶᠢ ᠬᠤᠪᠢᠶᠠᠯᠴᠠᠭᠰᠠᠨ ᠤ ᠲᠠᠷᠠᠭ᠎ᠠ᠂ 10 ᠰᠠᠷ᠎ᠠ ᠶᠢᠨ 13 ᠦ ᠡᠳᠦᠷ᠂《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠤᠨ ᠤᠷᠢᠭᠰᠠᠨ ᠭᠤᠷᠪᠠᠳᠤᠭᠠᠷ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ ᠢᠦᠢ ᠮᠢᠨ ᠬᠣᠩ ᠬᠦᠬᠡᠬᠣᠲᠠ ᠶᠢᠨ ᠠᠷᠠᠳ ᠣᠯᠠᠨ ᠲᠠᠶ ᠰᠤᠷᠭᠠᠨ ᠬᠥᠮᠦᠵᠢᠯ ᠦᠨ ᠣᠯᠤᠯᠲᠠ ᠪᠠᠨ ᠬᠤᠪᠢᠶᠠᠯᠴᠠᠪᠠ᠃

  ᠲᠦᠷᠦᠭᠦᠦ ᠬᠣᠶᠠᠷ ᠬᠤᠭᠤᠴᠠᠭᠠᠨ ᠤ《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠯᠤᠭ᠎ᠠ ᠠᠳᠠᠯᠢ ᠪᠠᠷ ᠲᠤᠬᠠᠶ ᠶᠢᠨ ᠲᠠᠯᠠᠪᠠᠢ ᠳᠤ ᠰᠤᠯᠠ ᠰᠠᠭᠤᠳᠠᠯ ᠥᠬᠡᠶ ᠪᠣᠯᠲᠠᠯ᠎ᠠ ᠦᠵᠡᠭᠴᠢᠳ ᠬᠤᠷᠠᠨ ᠴᠤᠭᠯᠠᠷᠠᠵᠤ᠂ ᠲᠠᠯᠠᠪᠤᠷ ᠤᠨ ᠭᠠᠳᠠᠨᠠᠬᠢ ᠦᠷ᠎ᠡ ᠪᠦᠲᠦᠮᠵᠢ ᠰᠠᠢᠲᠠᠢ ᠵᠠᠭᠤᠴᠢᠯᠠᠭᠤᠷ ᠤᠨ ᠣᠯᠠᠨ ᠡᠰᠢᠴᠢᠯᠡᠭᠰᠡᠨ ᠪᠣᠰᠣᠭ᠎ᠠ ᠴᠣᠭᠴᠠᠲᠤ ᠲᠠᠮᠵᠢᠭᠤᠯᠭ᠎ᠠ ᠶᠢᠨ ᠨᠥᠯᠥᠭᠡ ᠪᠡᠷ ᠢᠦᠢ ᠮᠢᠨ ᠬᠣᠩ ᠲᠤᠬᠠᠶ ᠶᠢᠨ ᠲᠠᠯᠠᠪᠠᠢ ᠳᠤ ᠶᠠᠷᠢᠶ᠎ᠠ ᠢᠯᠡᠳᠬᠡᠯ ᠬᠢᠬᠦ ᠶᠢᠨ ᠬᠠᠮᠲᠤ ᠦᠵᠡᠭᠴᠢᠳ ᠲᠡᠶ ᠭᠦᠨᠵᠡᠭᠡᠶ ᠰᠣᠯᠢᠯᠴᠠᠭ᠎ᠠ ᠬᠢᠵᠦ《ᠦᠵᠡᠰᠬᠦᠯᠡᠩᠲᠦ ᠰᠠᠢᠬᠠᠨ ᠤᠮᠠᠷᠠᠲᠤ ᠬᠢᠯᠢ》ᠶᠠᠷᠢᠶᠠᠨ ᠤ ᠲᠠᠪᠴᠠᠩ ᠨᠢ ᠦᠵᠡᠯ ᠰᠠᠨᠠᠭᠠᠨ ᠤ ᠵᠢᠯᠣᠭᠣᠳᠤᠯᠭ᠎ᠠ ᠪᠠ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠣᠪᠣᠢᠯᠭᠠᠨ ᠦᠷᠭᠦᠯᠵᠢᠯᠡᠭᠦᠯᠦᠭᠰᠡᠨ ᠢᠶᠡᠷ ᠰᠣᠨᠣᠰᠤᠭᠴᠢᠳ ᠮᠠᠰᠢ ᠶᠡᠬᠡ ᠣᠯᠤᠯᠲᠠ ᠲᠠᠶ ᠭᠡᠵᠦ ᠢᠯᠡᠳᠬᠡᠵᠡᠭᠡᠪᠡ᠃

  2009 ᠣᠨ ᠤ᠋ CCTV ᠠᠵᠤ ᠠᠬᠤᠢ ᠶᠢᠨ ᠰᠣᠳᠤᠨ ᠬᠥᠮᠦᠰ ᠦ᠋ᠨ ᠱᠠᠩᠨᠠᠯ ᠣᠯᠭᠣᠬᠤ ᠶᠠᠷᠢᠶᠠᠨ ᠳᠤ ᠢᠦᠢ ᠮᠢᠨ ᠬᠤᠩ ᠢ᠋《ᠨᠢᠭᠡᠨ ᠠᠩᠭᠢ ᠤᠬᠤᠷᠢᠭᠰᠠᠨ ᠰᠤᠷᠤᠭᠴᠢ ᠲᠣᠭ᠎ᠠ ᠲᠣᠮᠰᠢ ᠥᠬᠡᠶ ᠰᠤᠷᠤᠭᠴᠢᠳ ᠤᠨ ᠨᠢᠭᠡ ᠨᠠᠰᠤ ᠶᠢ ᠭᠡᠭᠡᠷᠡᠭᠦᠯᠪᠡ᠃ ᠲᠡᠷᠡ ᠶᠡᠷᠦ ᠡᠴᠡ ᠭᠠᠳᠠᠭᠠᠳᠤ ᠳᠤ ᠰᠤᠷᠤᠯᠴᠠᠵᠤ ᠥᠩᠭᠡᠷᠡᠭᠡ ᠦᠭᠡᠢ ᠬᠠᠷᠢᠨ ᠨᠢᠭᠡᠨ ᠰᠠᠯᠠᠭ᠎ᠠ ᠤᠯᠤᠰ ᠠᠯᠤᠰᠯᠠᠭᠰᠠᠨ ᠬᠥᠯᠭᠡ ᠣᠩᠭᠣᠴᠠᠨ ᠠᠩᠭᠢ ᠪᠠᠢᠭᠤᠯᠵᠠᠢ᠃ ᠲᠡᠭᠦᠨ ᠦ ᠶᠠᠷᠢᠶ᠎ᠠ ᠢᠯᠡᠳᠬᠡᠯ ᠨᠢ 26 ᠴᠠᠭᠠᠨ ᠲᠣᠯᠣᠭᠠᠢ ᠪᠠᠷ ᠦᠷᠦᠨ᠎ᠡ ᠳᠣᠷᠣᠨ᠎ᠠ ᠶᠢ ᠬᠣᠯᠪᠣᠪᠠ᠃ ᠲᠡᠷᠡ ᠴᠡᠭᠡᠵᠢᠨ ᠳ᠋ᠦ᠍ ᠪᠡᠨ ᠲᠡᠯᠡᠬᠡᠢ ᠶᠢ ᠪᠠᠭᠲᠠᠭᠠᠵᠤ ᠳᠣᠷᠣᠨ᠎ᠠ ᠵᠦᠭ ᠵᠣᠷᠢᠭᠯᠠᠮᠤᠢ》ᠬᠡᠮᠡᠨ ᠵᠦᠢᠷᠯᠡᠪᠡ᠃ ᠢᠦᠢ ᠮᠢᠨ ᠬᠣᠩ ᠤᠨ ᠭᠠᠢᠬᠠᠮᠰᠢᠭᠲᠤ ᠥᠩᠭᠡᠷᠡᠯᠲᠡ ᠶᠢᠨ ᠲᠤᠬᠠᠶ ᠡᠭᠦᠨ ᠡᠴᠡ ᠡᠮᠦᠨ᠎ᠡ ᠪᠠᠰᠠ ᠴᠥᠭᠡᠨ ᠪᠤᠰᠤ ᠵᠠᠭᠤᠴᠢᠯᠠᠭᠤᠷ ᠤᠨ ᠬᠢᠨ ᠮᠡᠳᠡᠭᠡᠯᠡᠵᠦ ᠥᠩᠭᠡᠷᠡᠵᠡᠶ᠄ ᠢᠦᠢ ᠮᠢᠨ ᠬᠣᠩ 1978 ᠣᠨ ᠳᠤ ᠲᠡᠭᠡᠳᠦ ᠰᠤᠷᠭᠠᠭᠤᠯᠢ ᠶᠢᠨ ᠰᠢᠯᠭᠠᠯᠲᠠ ᠳᠤ ᠭᠣᠭᠣᠵᠢᠭᠳᠠᠵᠤ ᠠᠩᠭᠯᠢ ᠬᠡᠯᠡᠨ ᠦ ᠬᠢᠷᠢ ᠪᠦᠲᠦᠮᠵᠢ ᠨᠢ ᠵᠥᠪᠬᠡᠨ 33 ᠬᠤᠪᠢ ᠪᠠᠢᠯ᠎ᠠ᠃ 1979 ᠣᠨ ᠳᠤ ᠬᠣᠶᠠᠳᠠᠬᠢ ᠤᠳᠠᠭ᠎ᠠ ᠲᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠠᠳ ᠲᠠᠬᠢᠨᠲᠠ ᠭᠣᠭᠣᠵᠢᠭᠳᠠᠪᠠ᠂ ᠡᠨᠡ ᠤᠳᠠᠭᠠᠨ ᠤ ᠠᠩᠭᠯᠢ ᠬᠡᠯᠡᠨ ᠦ ᠰᠢᠯᠭᠠᠯᠲᠠ ᠳᠤ 55 ᠬᠤᠪᠢ ᠣᠯᠵᠠᠶ᠃ ᠬᠣᠶᠠᠷ ᠤᠳᠠᠭ᠎ᠠ ᠭᠣᠭᠣᠵᠢᠭᠳᠠᠭᠰᠠᠨ ᠪᠣᠯᠪᠠᠴᠤ ᠢᠦᠢ ᠮᠢᠨ ᠬᠣᠩ ᠵᠣᠷᠢᠭ ᠮᠣᠬᠣᠯ ᠦᠭᠡᠢ ᠪᠡᠷ ᠰᠢᠮᠳᠠᠵᠤ 1980 ᠣᠨ ᠳᠤ ᠪᠡᠭᠡᠵᠢᠩ ᠶᠡᠬᠡ ᠰᠤᠷᠭᠠᠭᠤᠯᠢ ᠶᠢᠨ ᠦᠷᠦᠨᠡᠳᠠᠬᠢᠨ ᠤ ᠬᠡᠯᠡᠨ ᠦ ᠰᠠᠯᠪᠤᠷᠢ ᠳᠤ ᠤᠷᠤᠭᠰᠢᠲᠠᠶ  ᠰᠢᠯᠭᠠᠭᠤᠯᠤᠨ ᠣᠷᠣᠪᠠ᠂ ᠡᠨᠡ ᠤᠳᠠᠭᠠᠨ ᠤ ᠲᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠩᠭᠯᠢ ᠬᠡᠯᠡᠨ ᠦ ᠬᠢᠷᠢ ᠪᠦᠲᠦᠮᠵᠢ ᠨᠢ 93 ᠬᠤᠪᠢ ᠪᠣᠯᠤᠨ᠎ᠠ᠃

  1993 ᠣᠨ ᠤ 11 ᠰᠠᠷ᠎ᠠ ᠳᠤ᠂ ᠨᠢᠭᠡᠨᠲᠡ ᠰᠤᠷᠭᠠᠭᠤᠯᠢ ᠳ᠋ᠤ᠌ ᠪᠠᠨ ᠦᠯᠡᠳᠡᠵᠦ ᠠᠵᠢᠯᠯᠠᠭᠰᠠᠨ ᠢᠦᠢ ᠮᠢᠨ ᠬᠣᠩ ᠪᠠᠭᠰᠢ ᠶᠢᠨ ᠠᠵᠢᠯ ᠢᠶᠠᠨ ᠬᠠᠶᠠᠵᠤ ᠬᠤᠳᠠᠯᠳᠤᠭ᠎ᠠ ᠡᠷᠬᠢᠯᠡᠨ ᠰᠢᠨ ᠳ᠋ᠦᠩ ᠹᠠᠩ ᠨᠡᠷᠡᠮᠵᠢᠲᠦ ᠰᠤᠷᠭᠠᠭᠤᠯᠢ ᠶᠢ ᠡᠭᠦᠳᠦᠨ ᠪᠠᠢᠭᠤᠯᠵᠤ᠂ 34 ᠬᠣᠲᠠ ᠳᠤ ᠠᠩᠭᠯᠢ ᠬᠡᠯᠡᠨ ᠦ ᠰᠤᠷᠭᠠᠭᠤᠯᠢ ᠪᠠ ᠪᠤᠰᠤᠳ ᠰᠤᠷᠤᠯᠴᠠᠬᠤ ᠲᠥᠪ ᠢ ᠪᠠᠢᠭᠤᠯᠵᠠᠢ᠃ ᠢᠦᠢ ᠮᠢᠨ ᠬᠣᠩ ᠰᠢᠨ ᠳ᠋ᠦᠩ ᠹᠠᠩ ᠢ ᠡᠭᠦᠳᠦᠨ ᠪᠠᠢᠭᠤᠯᠤᠭᠰᠠᠨ ᠨᠢ ᠲᠡᠷᠡ ᠠᠮᠧᠷᠢᠺᠠ ᠶᠢᠨ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠥ ᠶᠢ ᠣᠯᠵᠤ ᠲᠡᠢᠯᠦᠭᠰᠡᠨ ᠦᠭᠡᠢ ᠡᠴᠡ ᠪᠣᠯᠤᠭᠰᠠᠨ ᠶᠤᠮ᠃ ᠬᠦᠷᠦᠯᠴᠡᠬᠦᠢᠴᠡ ᠵᠣᠭᠣᠰ ᠴᠤᠭᠯᠠᠭᠤᠯᠵᠤ ᠥᠪᠡᠷ ᠢ ᠪᠡᠨ ᠠᠮᠧᠷᠢᠺᠠ ᠳᠤ ᠰᠤᠷᠤᠯᠴᠠᠭᠤᠯᠬᠤ ᠶᠢᠨ ᠲᠥᠯᠥᠭᠡ᠂ ᠢᠦᠢ ᠮᠢᠨ ᠬᠣᠩ ᠠᠵᠢᠯ ᠤᠨ ᠴᠢᠯᠥᠭᠡᠨ ᠦ ᠬᠡᠯᠡᠨ ᠦ ᠭᠡᠷ ᠦᠨ ᠪᠠᠭᠰᠢ ᠪᠣᠯᠬᠤ ᠶᠢᠨ ᠬᠠᠮᠲᠤ ᠪᠠᠰᠠ ᠪᠡᠭᠡᠵᠢᠩ ᠶᠡᠬᠡ ᠰᠤᠷᠭᠠᠭᠤᠯᠢ ᠳᠤ ᠠᠩᠭᠯᠢ ᠬᠡᠯᠡ ᠵᠢᠭᠠᠵᠤ ᠪᠠᠢᠪᠠ᠃ ᠲᠡᠷᠡ 5 ᠵᠢᠯ ᠭᠠᠷᠤᠢ ᠴᠠᠭ ᠵᠠᠷᠤᠴᠠᠭᠤᠯᠤᠮᠠᠨᠵᠢᠨ ᠰᠠᠶᠢ ᠠᠮᠧᠷᠢᠺᠠ ᠳᠤ ᠣᠴᠢᠬᠤ ᠰᠤᠷᠤᠯᠭ᠎ᠠ ᠶᠢᠨ ᠰᠦᠢᠳᠭᠡᠯ ᠢ ᠴᠤᠭᠯᠠᠭᠤᠯᠵᠤ ᠴᠢᠳᠠᠨ᠎ᠠ ᠭᠡᠳᠡᠭ ᠢ ᠲᠠᠨᠢᠵᠤ ᠣᠯᠣᠭᠠᠳ ᠡᠴᠦᠰ ᠲᠦ᠍ ᠪᠡᠨ ᠡᠨᠡ ᠬᠦ᠌ ᠬᠣᠶᠠᠷ ᠡᠭᠡᠯᠵᠢ ᠪᠡᠷ ᠠᠵᠢᠯᠯᠠᠬᠤ ᠠᠷᠭ᠎ᠠ ᠮᠠᠶᠢᠭ ᠢ ᠲᠠᠶᠠᠭᠳᠠᠵᠠᠢ᠃

   ᠰᠢᠨ ᠳ᠋ᠦᠩ ᠹᠠᠩ ᠨᠡᠷᠡᠮᠵᠢᠲᠦ ᠰᠤᠷᠭᠠᠭᠤᠯᠢ ᠶᠢ ᠡᠭᠦᠳᠦᠨ ᠪᠠᠢᠭᠤᠯᠤᠭᠰᠠᠨ ᠠᠴᠠ ᠢᠦᠢ ᠮᠢᠨ ᠬᠣᠩ ᠡᠴᠦᠰ ᠲᠦ᠍ ᠪᠡᠨ ᠠᠮᠧᠷᠢᠺᠠ ᠳᠤ ᠬᠦᠷᠴᠦ ᠣᠴᠢᠵᠠᠢ᠂ ᠭᠡᠪᠡᠴᠦ ᠲᠡᠭᠦᠨ ᠦ ᠵᠣᠷᠢᠭᠰᠠᠨ ᠭᠠᠵᠠᠷ ᠨᠢ ᠨᠢᠦ᠋ ᠶᠣᠷᠺ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠪᠣᠯᠬᠤ ᠠᠴᠠ ᠪᠢᠰᠢ᠂ ᠬᠠᠷᠢᠨ ᠶᠡᠬᠡ ᠰᠤᠷᠭᠠᠭᠤᠯᠢ ᠪᠢᠰᠢ ᠶᠤᠮ᠂ 2006 ᠣᠨ ᠳᠤ ᠰᠢᠨ ᠳ᠋ᠦᠩ ᠹᠠᠩ ᠨᠢᠦ᠋ ᠶᠣᠷᠺ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠢᠩᠬᠢᠨᠢ ᠪᠡᠷ ᠫᠠᠢᠰᠠ ᠡᠯᠭᠦᠨ ᠵᠠᠬ᠎ᠠ ᠲᠡᠯᠭᠡᠭᠦᠷ ᠲᠦ ᠭᠠᠷᠪᠠ᠃ 2013 ᠣᠨ ᠤ 5 ᠰᠠᠷ᠎ᠠ ᠶᠢᠨ 17 ᠦ ᠡᠳᠦᠷ ᠴᠧᠨ ᠺᠧ ᠰᠢᠨ ᠦ ᠤᠳᠤᠷᠢᠳᠤᠭᠰᠠᠨ《ᠳᠤᠮᠳᠠᠳᠤ ᠤᠯᠤᠰ ᠤᠨ ᠬᠣᠷᠰᠢᠭᠴᠢ》ᠭᠡᠬᠦ ᠺᠢᠨᠣ᠋ ᠨᠢ ᠰᠢᠨ ᠳ᠋ᠦᠩ ᠹᠠᠩ ᠤᠨ ᠠᠳᠠᠯ ᠦᠢᠯᠡᠰ ᠴᠣᠭᠴᠠᠯᠠᠭᠰᠠᠨ ᠦᠯᠢᠭᠡᠷ ᠢᠶᠡᠷ ᠭᠣᠤᠯ ᠰᠢᠵᠢᠮ ᠪᠣᠯᠭᠠᠵᠤ᠂ ᠢᠦᠢ ᠮᠢᠨ ᠬᠣᠩ ᠪᠣᠯᠤᠨ ᠰᠢᠤᠢ ᠰᠢᠶᠣᠤ ᠫᠢᠩ᠂ ᠸᠠᠩ ᠴᠢᠶᠠᠩ ᠭᠤᠷᠪᠠᠭᠤᠯᠠ ᠶᠢᠨ ᠰᠢᠨ ᠳ᠋ᠦᠩ ᠹᠠᠩ ᠳᠤ ᠬᠠᠮᠲᠤ ᠪᠠᠷ ᠲᠡᠮᠡᠴᠡᠭᠰᠡᠨ ᠥᠩᠭᠡᠷᠡᠯᠲᠡ ᠪᠠ ᠠᠬ᠎ᠠ ᠲᠡᠭᠦᠦ ᠶᠢᠨ ᠨᠠᠢᠷᠰᠠᠭ ᠨᠥᠬᠥᠷᠯᠡᠯ ᠢᠶᠠᠷ ᠡᠬᠡ ᠲᠡᠪᠲᠡᠷ ᠪᠣᠯᠭᠠᠨ ᠵᠣᠬᠢᠶᠠᠨ ᠪᠦᠲᠦᠭᠡᠭᠰᠡᠨ ᠶᠤᠮ᠂ ᠺᠢᠨᠣ᠋ ᠳᠠᠬᠢ ᠴᠧᠩ ᠳ᠋ᠦᠩ ᠴᠢᠩ ᠦᠨ ᠳᠦᠷᠢ ᠨᠢ ᠲᠠᠷᠤᠢ ᠢᠦᠢ ᠮᠢᠨ ᠬᠣᠩ  ᠢ᠋ᠶ᠋ᠠᠷ ᠰᠠᠭᠤᠷᠢᠯᠠᠵᠤ ᠤᠷᠠᠯᠢᠭᠵᠢᠭᠤᠯᠤᠭᠰᠠᠨ ᠳᠦᠷᠢ ᠪᠣᠯᠤᠨ᠎ᠠ᠃

 

    ᠬᠥᠬᠡᠬᠣᠲᠠ ᠶ᠋ᠢᠨ ᠰᠣᠨᠢᠨ ᠮᠡᠳᠡᠭᠡᠨ ᠦ᠌ ᠰᠦᠯᠵᠢᠶᠡᠨ ᠡᠴᠡ ᠰᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604