ᠨᠠᠢ᠍ᠮᠠᠨ ᠮᠤᠵᠢ ᠣᠷᠤᠨ ᠤ᠋ ᠲᠠᠪᠤᠳᠤᠭᠠᠷ ᠬᠤᠭᠤᠴᠠᠭᠠᠨ ᠤ᠋ ᠮᠣᠩᠭᠤᠯ ᠨᠣᠮ ᠤ᠋ᠨ ᠳᠡᠯᠭᠡᠨ ᠦᠵᠡᠭᠦᠯᠭᠡ 10 ᠰᠠᠷ᠎ᠠ ᠶ᠋ᠢᠨ 18 ᠤ᠋ ᠡᠳᠦᠷ ᠡᠬᠢᠯᠡᠨ᠎ᠡ
2019.10.17

  ᠲᠤᠰ ᠤᠳᠠᠭᠠᠨ ᠤ᠋ ᠨᠣᠮ ᠤ᠋ᠨ ᠳᠡᠯᠭᠡᠨ ᠦᠵᠡᠭᠦᠯᠭᠡ ᠶ᠋ᠢ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠨ᠂ ᠮᠣᠩᠭᠤᠯ ᠢ᠋ᠶ᠋ᠠᠷ ᠬᠡᠪᠯᠡᠨ ᠲᠠᠷᠬᠠᠭᠠᠬᠤ ᠰᠣᠶᠤᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠲᠤ᠌ ᠰᠠᠭᠤᠷᠢᠯᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠣᠯᠢᠯᠴᠠᠭ᠎ᠠ ᠪᠠ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠦᠨ᠂ ᠮᠣᠩᠭᠤᠯ ᠨᠣᠮ ᠪᠢᠴᠢᠭ ᠤ᠋ᠨ ᠳᠡᠯᠭᠡᠨ ᠦᠵᠡᠭᠦᠯᠭᠡ ᠶ᠋ᠢᠨ ᠨᠡᠷᠡᠲᠦ ᠲᠡᠮᠳᠡᠭᠲᠦ ᠶ᠋ᠢᠨ ᠨᠦᠯᠦᠭᠡᠯᠡᠬᠦ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠤ᠂ ᠮᠣᠩᠭᠤᠯ ᠨᠣᠮ ᠤ᠋ᠨ ᠬᠡᠪᠯᠡᠯ ᠦ᠋ᠨ ᠴᠢᠨᠠᠷᠵᠢᠭᠤᠨ ᠬᠥᠭᠵᠢᠯᠲᠡ ᠶ᠋ᠢ ᠠᠬᠢᠭᠤᠯᠵᠤ᠂ ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤ᠋ᠨ ᠤᠢ ᠶ᠋ᠢ ᠪᠠᠶᠠᠷᠯᠠᠨ ᠪᠡᠯᠭᠡᠯᠡᠬᠦ ᠶ᠋ᠢᠨ ᠲᠥᠯᠦᠭᠡ ᠡᠷᠬᠢᠯᠡᠨ ᠶᠠᠪᠤᠭᠳᠠᠭᠤᠯᠬᠤ ᠪᠠᠷ ᠪᠠᠢᠨ᠎ᠠ᠃

  ᠲᠤᠰ ᠤᠳᠠᠭᠠᠨ ᠤ᠋ ᠳᠡᠯᠭᠡᠨ ᠦᠵᠡᠭᠦᠯᠭᠡ ᠳ᠋ᠤ᠌ ᠪᠠᠷᠤᠭ 3200 ᠲᠥᠷᠦᠯ ᠦ᠋ᠨ 2 ᠲᠦᠮᠡ ᠰᠢᠬᠠᠮ ᠨᠣᠮ ᠢ᠋ ᠳᠡᠯᠭᠡᠨ ᠦᠵᠡᠭᠦᠯᠦᠨ᠎ᠡ᠃ ᠡᠳᠡᠭᠡᠷ ᠨᠣᠮ ᠤ᠋ᠨ ᠣᠯᠠᠩᠬᠢ ᠨᠢ᠂ ᠣᠢᠷ᠎ᠠ ᠶ᠋ᠢᠨ ᠵᠢᠯ ᠳ᠋ᠤ᠌ ᠮᠣᠩᠭᠤᠯ ᠢ᠋ᠶ᠋ᠠᠷ ᠬᠡᠪᠯᠡᠭᠳᠡᠭᠰᠡᠨ ᠨᠣᠮ ᠪᠣᠯᠤᠨ᠎ᠠ᠃ ᠪᠠᠰᠠ ᠰᠡᠳᠭᠦᠯ᠂ ᠳᠦᠷᠰᠦ ᠰᠢᠩᠭᠡᠭᠡᠯᠲᠡ ᠶ᠋ᠢᠨ ᠪᠦᠲᠦᠭᠡᠭᠳᠡᠬᠦᠨ᠂ ᠡᠯᠸᠺᠲ᠋ᠷᠤᠨ ᠬᠡᠪᠯᠡᠯ ᠦ᠋ᠨ ᠪᠦᠲᠦᠭᠡᠭᠳᠡᠬᠦᠨ ᠪᠠ ᠬᠡᠰᠡᠭ ᠬᠢᠳᠡᠳ ᠬᠡᠪᠯᠡᠯ ᠦ᠋ᠨ ᠭᠣᠣᠯ ᠰᠡᠳᠦᠪᠲᠦ᠂ ᠦᠨᠳᠦᠰᠦᠲᠡᠨ ᠤ᠋ ᠲᠥᠷᠦᠯ ᠦ᠋ᠨ ᠨᠣᠮ ᠪᠣᠯᠤᠨ ᠰᠡᠳᠭᠦᠯ ᠵᠡᠷᠭᠡ ᠤᠯᠤᠰ ᠤ᠋ᠨ ᠬᠠᠮᠢᠶ᠎ᠠ ᠪᠦᠬᠦᠢ ᠲᠣᠭᠲᠠᠭᠠᠯ ᠱᠠᠭᠠᠷᠳᠠᠯᠭ᠎ᠠ ᠳ᠋ᠤ᠌ ᠨᠡᠢᠴᠡᠭᠰᠡᠨ ᠬᠡᠪᠯᠡᠯ ᠦ᠋ᠨ ᠪᠦᠲᠦᠭᠡᠭᠳᠡᠬᠦᠨ ᠪᠣᠯᠤᠨ᠎ᠠ᠃ ᠠᠭᠤᠯᠭ᠎ᠠ ᠶ᠋ᠢᠨ ᠬᠤᠪᠢ ᠳ᠋ᠤ᠌᠂ ᠭᠣᠣᠯ ᠬᠦᠭ ᠠᠶᠠᠰ ᠢ᠋ ᠴᠢᠪᠬᠠᠳᠠᠨ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠦᠵᠡᠯ ᠰᠠᠨᠠᠭ᠎ᠠ ᠶ᠋ᠢ ᠤᠬᠠᠭᠤᠯᠵᠤ᠂ ᠨᠡᠢᠭᠡᠮ ᠵᠢᠷᠥᠮ ᠦ᠋ᠨ ᠭᠣᠣᠯᠯᠠᠭᠴᠢ ᠦᠷᠳᠡᠭ ᠦ᠋ᠨ ᠦᠵᠡᠯᠲᠡ ᠶ᠋ᠢ ᠴᠤᠤᠷᠢᠶᠠᠳᠤᠨ᠂ ᠦᠨᠳᠦᠰᠦᠲᠡᠨ ᠤ᠋ ᠰᠢᠯᠢᠳᠡᠭ ᠰᠣᠶᠤᠯ ᠢ᠋ ᠤᠯᠠᠮᠵᠢᠯᠠᠭᠰᠠᠨ ᠨᠣᠮ ᠪᠢᠴᠢᠭ ᠪᠣᠯᠤᠨ᠎ᠠ᠃ ᠦᠵᠡᠭᠦᠯᠭᠡ ᠶ᠋ᠢᠨ ᠬᠤᠭᠤᠴᠠᠭᠠᠨ ᠳ᠋ᠤ᠌᠂ ᠮᠣᠩᠭᠤᠯ ᠨᠣᠮ ᠪᠢᠴᠢᠭ ᠤ᠋ᠨ ᠰᠤᠳᠤᠯᠤᠨ ᠶᠠᠷᠢᠯᠴᠠᠬᠤ ᠬᠤᠷᠠᠯ᠂ ᠵᠣᠬᠢᠶᠠᠯᠴᠢᠳ ᠤ᠋ᠨ ᠶᠠᠷᠢᠯᠴᠠᠭ᠎ᠠ᠂ ᠰᠢᠨ᠎ᠡ ᠨᠣᠮ ᠤ᠋ᠨ ᠲᠠᠨᠢᠯᠴᠠᠭᠤᠯᠭ᠎ᠠ᠂ ᠨᠣᠮ ᠤᠩᠰᠢᠬᠤ ᠬᠤᠷᠠᠯ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠷᠠᠭ ᠵᠠᠩᠭᠢᠴᠢᠯᠠᠯᠲᠠ ᠶ᠋ᠢᠨ ᠦᠷ᠎ᠡ ᠪᠦᠳᠦᠭᠡᠯ ᠦ᠋ᠨ ᠳᠡᠯᠭᠡᠨ ᠦᠵᠡᠭᠦᠯᠭᠡ᠂ ᠨᠣᠮ ᠪᠢᠴᠢᠭ ᠬᠠᠨᠳᠢᠪᠯᠠᠬᠤ ᠵᠡᠷᠭᠡ ᠠᠷᠪᠠᠭᠠᠳ ᠲᠠᠯᠠᠪᠠᠢ ᠠᠵᠢᠯᠯᠠᠭ᠎ᠠ ᠥᠷᠨᠢᠭᠦᠯᠬᠦ ᠪᠣᠯᠤᠨ᠎ᠠ᠃

  ᠲᠤᠰ ᠤᠳᠠᠭᠠᠨ ᠤ᠋ ᠳᠡᠯᠭᠡᠨ ᠦᠵᠡᠭᠦᠯᠭᠡ ᠶ᠋ᠢ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠣᠨᠢᠨ ᠮᠡᠳᠡᠭᠡ ᠬᠡᠪᠯᠡᠯ ᠦ᠋ᠨ ᠲᠣᠪᠴᠢᠶ᠎ᠠ᠂ ᠥᠪᠦᠷ ᠮᠣᠩᠭᠤᠯ ᠤ᠋ᠨ ᠬᠡᠪᠯᠡᠯ ᠤ᠋ᠨ ᠪᠦᠯᠦᠭᠯᠡᠯ᠂ ᠥᠪᠦᠷ ᠮᠣᠩᠭᠤᠯ ᠤ᠋ᠨ ᠬᠡᠪᠯᠡᠨ ᠲᠠᠷᠬᠠᠭᠠᠬᠤ ᠪᠦᠯᠦᠭᠯᠡᠯ ᠡᠴᠡ ᠭᠣᠣᠯᠯᠠᠨ ᠡᠷᠬᠢᠯᠡᠵᠤ᠂ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠤ᠋ ᠬᠡᠷᠡᠭ ᠡᠷᠭᠢᠯᠡᠬᠦ ᠵᠥᠪᠯᠡᠯ᠂ ᠠᠢᠮᠠᠭ ᠤ᠋ᠨ ᠰᠣᠶᠤᠯ ᠲᠠᠮᠢᠷ ᠵᠢᠭᠤᠯᠴᠢᠯᠠᠯ ᠷᠠᠳᠢᠣ᠋ ᠲᠸᠯᠸᠢᠰ ᠤ᠋ᠨ ᠲᠣᠪᠴᠢᠶ᠎ᠠ᠂ ᠠᠢᠮᠠᠭ ᠤ᠋ᠨ ᠰᠢᠨᠬᠤᠸᠠ ᠨᠣᠮ ᠤ᠋ᠨ ᠳᠡᠯᠭᠡᠭᠦᠷ ᠡᠴᠡ ᠳᠠᠭᠠᠭᠠᠴᠢᠯᠠᠨ ᠡᠷᠬᠢᠯᠡᠵᠤ᠂ ᠰᠢᠯᠢ ᠶ᠋ᠢᠨ ᠭᠣᠣᠯ ᠠᠢᠮᠠᠭ ᠤ᠋ᠨ ᠵᠣᠬᠢᠶᠠᠯᠴᠢᠳ ᠤ᠋ᠨ ᠨᠡᠢᠭᠡᠮᠯᠢᠭ ᠡᠴᠡ ᠬᠠᠮᠵᠢᠨ ᠡᠷᠬᠢᠯᠡᠬᠦ ᠪᠣᠯᠤᠨ᠎ᠠ᠃

  ᠨᠠᠢᠷᠠᠭᠤᠯᠤᠭᠴᠢ᠄ ᠪᠦᠷᠢᠨᠴᠢᠮᠡᠭ

  ᠬᠢᠨᠠᠭᠴᠢ᠄ ᠠᠯᠮᠠᠰ

  ᠰᠢᠯᠢ ᠶ᠋ᠢᠨ ᠭᠣᠣᠯ ᠷᠠᠳᠢᠣ᠋ ᠠ᠋ᠴᠠ ᠰᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604