ᠬᠡᠤᠬᠡᠳ ᠪᠦᠬᠦᠨ ᠤ᠋ ᠮᠥᠷᠦᠭᠡᠳᠦᠯ ᠦ᠋ᠨ ᠨᠣᠮ |《ᠴᠢᠬᠢᠨᠳᠠᠢ》ᠴᠤᠪᠤᠷᠠᠯ ᠨᠣᠮ ᠤ᠋ᠨ ᠲᠠᠷᠬᠠᠭᠠᠯᠲᠠ ᠶ᠋ᠢᠨ ᠶᠣᠰᠣᠯᠠᠯ ᠠᠮᠵᠢᠯᠲᠠ ᠲᠠᠢ ᠶᠠᠪᠤᠭᠳᠠᠪᠠ
2019.10.23

 

  ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠠ᠋ᠴᠠ ᠭᠣᠣᠯᠯᠠᠨ ᠡᠷᠬᠢᠯᠡᠭᠰᠡᠨ《< ᠴᠢᠬᠢᠨᠳᠠᠢ> ᠴᠤᠪᠤᠷᠠᠯ ᠨᠣᠮ ᠤ᠋ᠨ ᠲᠠᠷᠬᠠᠭᠠᠯᠲᠠ ᠶ᠋ᠢᠨ ᠶᠣᠰᠣᠯᠠᠯ》ᠨᠢ 2019 ᠣᠨ ᠤ᠋ 10 ᠰᠠᠷ᠎ᠠ ᠶ᠋ᠢᠨ 18 ᠤ᠋ ᠡᠳᠦᠷ ᠦ᠋ᠨ ᠦᠳᠡ ᠶ᠋ᠢᠨ ᠡᠮᠦᠨ᠎ᠡ᠂ ᠰᠢᠯᠢ ᠶ᠋ᠢᠨ ᠭᠣᠣᠯ ᠠᠵᠢᠯ ᠮᠡᠷᠭᠡᠵᠢᠯ ᠦ᠋ᠨ ᠳᠡᠭᠡᠲᠤ ᠰᠤᠷᠭᠠᠭᠤᠯᠢ ᠳ᠋ᠤ᠌ ᠠᠮᠵᠢᠯᠲᠠ ᠲᠠᠢ ᠶᠠᠪᠤᠭᠳᠠᠪᠠ᠃

  ᠲᠤᠰ ᠤᠳᠠᠭᠠᠨ ᠤ᠋ ᠲᠠᠷᠬᠠᠭᠠᠯᠲᠠ ᠶ᠋ᠢᠨ ᠶᠣᠰᠣᠯᠠᠯ ᠳ᠋ᠤ᠌᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ᠂ ᠥᠪᠦᠷ ᠮᠣᠩᠭᠤᠯ ᠤ᠋ᠨ ᠰᠣᠨᠢᠨ ᠮᠡᠳᠡᠭᠡ ᠬᠡᠪᠯᠡᠯ ᠦ᠋ᠨ ᠲᠣᠪᠴᠢᠶ᠎ᠠ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ᠂ ᠰᠢᠯᠢ ᠶ᠋ᠢᠨ ᠭᠣᠣᠯ ᠠᠢᠮᠠᠭ ᠤ᠋ᠨ ᠨᠠᠮ ᠤ᠋ᠨ ᠬᠣᠷᠢᠶ᠎ᠠ ᠵᠠᠰᠠᠭ ᠤ᠋ᠨ ᠣᠷᠳᠤᠨ᠂ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ᠂ ᠰᠢᠯᠢ ᠶ᠋ᠢᠨ ᠭᠣᠣᠯ ᠠᠢᠮᠠᠭ ᠤ᠋ᠨ ᠷᠠᠳᠢᠣ᠋ ᠲᠸᠯᠸᠢᠰ ᠲᠣᠪᠴᠢᠶ᠎ᠠ᠂ ᠰᠢᠯᠢ ᠶ᠋ᠢᠨ ᠭᠣᠣᠯ ᠠᠢᠮᠠᠭ ᠤ᠋ᠨ ᠡᠳᠦᠷ ᠦ᠋ᠨ ᠰᠣᠨᠢᠨ ᠤ᠋ ᠬᠣᠷᠢᠶ᠎ᠠ ᠪᠣᠯᠤᠨ ᠨᠠᠢ᠍ᠮᠠᠨ ᠮᠤᠵᠢ ᠣᠷᠤᠨ ᠤ᠋ ᠡᠯ᠎ᠡ ᠭᠠᠵᠠᠷ ᠠ᠋ᠴᠠ ᠬᠦᠷᠦᠯᠴᠡᠨ ᠢᠷᠡᠭᠰᠡᠨ ᠬᠡᠪᠯᠡᠯ ᠦ᠋ᠨ ᠬᠣᠷᠢᠶᠠᠨ ᠤ᠋ ᠳᠠᠷᠤᠭ᠎ᠠ ᠤᠳᠤᠷᠢᠳᠤᠯᠭ᠎ᠠ ᠨᠠᠷ ᠵᠢᠴᠢ ᠰᠢᠯᠢ ᠶ᠋ᠢᠨ ᠬᠤᠳᠠ ᠶ᠋ᠢᠨ ᠮᠣᠩᠭᠤᠯ ᠦᠨᠳᠦᠰᠦᠲᠡᠨ ᠤ᠋ ᠪᠠᠭ᠎ᠠ ᠰᠤᠷᠭᠠᠭᠤᠯᠢ ᠶ᠋ᠢᠨ ᠪᠠᠭᠰᠢ ᠰᠤᠷᠤᠭᠴᠢᠳ᠂ ᠨᠣᠮ ᠳ᠋ᠤ᠌ ᠬᠠᠢᠷᠠᠲᠠᠢ ᠨᠡᠢᠭᠡᠮ ᠦ᠋ᠨ ᠡᠯ᠎ᠡ ᠡᠳᠡᠭᠡᠳ ᠦ᠋ᠨ ᠬᠢᠨ ᠣᠷᠤᠯᠴᠠᠵᠠᠢ᠃

  ᠨᠣᠮ ᠤ᠋ᠨ ᠲᠠᠷᠬᠠᠭᠠᠯᠲᠠ ᠶ᠋ᠢᠨ ᠶᠣᠰᠣᠯᠠᠯ ᠳ᠋ᠤ᠌ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠳᠡᠳ᠋ ᠬᠣᠷᠢᠶᠠᠨ ᠳᠠᠷᠤᠭ᠎ᠠ ᠢᠪᠡᠭᠡᠯᠲᠦ ᠡᠬᠢᠯᠡᠯᠲᠡ ᠶ᠋ᠢᠨ ᠶᠠᠷᠢᠶ᠎ᠠ ᠲᠠᠯᠪᠢᠪᠠ᠃ ᠨᠣᠮ ᠤ᠋ᠨ ᠲᠠᠷᠬᠠᠭᠠᠯᠲᠠ ᠶ᠋ᠢᠨ ᠶᠣᠰᠣᠯᠠᠯ ᠨᠢ ᠤᠷᠠᠨ ᠰᠠᠢᠬᠠᠨ ᠤ᠋ ᠲᠣᠭᠯᠠᠯᠲᠠ᠂ ᠰᠢᠨ᠎ᠡ ᠨᠣᠮ ᠤ᠋ᠨ ᠲᠠᠨᠢᠯᠴᠠᠭᠤᠯᠭ᠎ᠠ᠂ ᠰᠢᠨ᠎ᠡ ᠨᠣᠮ ᠤ᠋ᠨ ᠨᠡᠭᠡᠭᠡᠯᠲᠡ ᠶ᠋ᠢᠨ ᠶᠣᠰᠣᠯᠠᠯ᠂ ᠨᠣᠮ ᠪᠡᠯᠭᠡᠯᠡᠬᠦ ᠦᠢᠯᠡ ᠠᠵᠢᠯᠯᠠᠭ᠎ᠠ᠂ ᠰᠤᠷᠤᠭᠴᠢᠳ ᠤ᠋ᠨ ᠠᠪᠢᠶᠠᠰ ᠢ᠋ ᠰᠣᠷᠢᠭᠰᠠᠨ ᠰᠣᠷᠢᠯᠲᠠ ᠵᠡᠷᠭᠡ ᠤᠯᠠᠨ ᠠᠭᠤᠯᠭ᠎ᠠ ᠶ᠋ᠢ ᠬᠠᠮᠤᠷᠤᠭᠰᠠᠨ ᠪᠠᠢᠳᠠᠭ᠃

  ᠮᠥᠨ ᠴᠤ᠌ ᠲᠤᠰ ᠤᠳᠠᠭᠠᠨ ᠤ᠋ ᠦᠢᠯᠡ ᠠᠵᠢᠯᠯᠠᠭᠠᠨ ᠳ᠋ᠤ᠌ ᠰᠢᠯᠢ ᠶ᠋ᠢᠨ ᠬᠤᠳᠠ ᠶ᠋ᠢᠨ ᠮᠣᠩᠭᠤᠯ ᠦᠨᠳᠦᠰᠦᠲᠡᠨ ᠤ᠋ ᠪᠠᠭ᠎ᠠ ᠰᠤᠷᠭᠠᠭᠤᠯᠢ ᠶ᠋ᠢᠨ ᠭᠤᠷᠪᠠ ᠶ᠋ᠢᠨ ᠳᠥᠷᠪᠡᠳᠦᠭᠡᠷ ᠠᠩᠭᠢ ᠶ᠋ᠢᠨ ᠰᠤᠷᠤᠭᠴᠢᠳ᠂ ᠥᠪᠡᠷ ᠥᠪᠡᠷ ᠦ᠋ᠨ ᠢ᠋ᠶ᠋ᠡᠨ ᠤᠷ᠎ᠠ ᠠᠪᠢᠶᠠᠰ ᠢ᠋ᠶ᠋ᠠᠨ ᠭᠠᠢᠬᠠᠭᠤᠯᠵᠤ᠂ ᠰᠢᠯᠦᠭ ᠤᠩᠰᠢᠨ᠂ ᠳᠠᠭᠤᠤ ᠳᠠᠭᠤᠯᠠᠬᠤ ᠶ᠋ᠢᠨ ᠬᠠᠮᠲᠤ᠂《ᠴᠢᠬᠢᠨᠲᠠᠢ ᠺᠤᠮᠢᠺ ᠪᠦᠳᠦᠭᠡᠵᠡᠭᠡᠶ᠎ᠡ》ᠭᠡᠬᠦ ᠨᠣᠮ ᠳ᠋ᠡᠬᠢ ᠴᠢᠬᠢᠨᠳᠠᠢ ᠪᠠ ᠴᠠᠭᠠᠢ ᠶ᠋ᠢᠨ ᠲᠦᠷᠢ ᠳ᠋ᠤ᠌ ᠪᠤᠳᠤᠭ ᠣᠷᠤᠭᠤᠯᠤᠨ ᠵᠢᠷᠤᠵᠤ᠂ ᠠᠬᠤᠢ ᠲᠠᠯᠠᠪᠠᠢ ᠳ᠋ᠡᠬᠢ ᠦᠵᠡᠭᠴᠢ ᠲᠦᠮᠡᠨ ᠤ᠋ ᠰᠡᠳᠭᠢᠯ ᠢ᠋ ᠪᠠᠶᠠᠰᠭᠠᠨ᠂ ᠲᠠᠷᠬᠠᠭᠠᠯᠲᠠ ᠶ᠋ᠢᠨ ᠶᠣᠰᠣᠯᠠᠯ ᠢ᠋ ᠮᠠᠰᠢ ᠶᠡᠬᠡ ᠤᠳᠭ᠎ᠠ ᠲᠡᠭᠦᠯᠲᠡᠷ ᠪᠣᠯᠭᠠᠭᠰᠠᠨ ᠶᠤᠮ᠃

  ᠡᠨᠡ ᠤᠳᠠᠭᠠᠨ ᠤ᠋ ᠲᠠᠷᠬᠠᠭᠠᠯᠲᠠ ᠶ᠋ᠢᠨ ᠶᠣᠰᠣᠯᠠᠯ ᠤ᠋ᠨ ᠦᠶ᠎ᠡ ᠪᠡᠷ ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠠ᠋ᠴᠠ ᠰᠢᠯᠢ ᠶ᠋ᠢᠨ ᠬᠤᠳᠠ ᠶ᠋ᠢᠨ ᠮᠣᠩᠭᠤᠯ ᠦᠨᠳᠦᠰᠦᠲᠡᠨ ᠤ᠋ ᠪᠠᠭ᠎ᠠ ᠰᠤᠷᠭᠠᠭᠤᠯᠢ ᠶ᠋ᠢᠨ ᠪᠠᠭᠰᠢ ᠰᠤᠷᠤᠭᠴᠢᠳ ᠲᠤ᠌ ᠬᠤᠶᠠᠷ ᠲᠦᠮᠡ ᠭᠠᠷᠤᠢ ᠲᠥᠭᠦᠷᠢᠭ ᠦ᠋ᠨ ᠦᠷᠳᠡᠭ ᠪᠦᠬᠦᠢ ᠨᠣᠮ ᠬᠠᠨᠳᠢᠪᠯᠠᠪᠠ᠃

  ᠡᠨᠡ ᠨᠢ ᠬᠡᠤᠬᠡᠳ ᠪᠠᠭᠠᠴᠤᠳ ᠤ᠋ᠨ ᠨᠣᠮ ᠤᠩᠰᠢᠬᠤ ᠳᠠᠳᠭᠠᠯ ᠢ᠋ ᠪᠤᠢ ᠪᠣᠯᠭᠠᠬᠤ᠂ ᠨᠣᠮ ᠢ᠋ ᠬᠦᠨᠳᠦᠳᠭᠡᠬᠦ᠂ ᠨᠣᠮ ᠢ᠋ ᠬᠠᠢᠷᠠᠯᠠᠬᠤ᠂ ᠨᠣᠮ ᠪᠦᠲᠦᠭᠡᠭᠴᠢᠳ ᠦ᠋ᠨ ᠬᠥᠳᠡᠯᠮᠦᠷᠢ ᠶ᠋ᠢ ᠬᠦᠨᠳᠦᠳᠭᠡᠬᠦ ᠦᠵᠡᠯ ᠤᠬᠠᠮᠰᠠᠷ ᠢ᠋ ᠨᠢ ᠳᠡᠭᠡᠭᠰᠢᠯᠡᠭᠦᠯᠬᠦ ᠳ᠋ᠤ᠌ ᠮᠠᠰᠢ ᠠᠴᠢ ᠬᠣᠯᠪᠤᠭᠳᠠᠯ ᠲᠠᠢ ᠶᠠᠪᠤᠳᠠᠯ ᠪᠣᠯᠬᠤ ᠶᠤᠮ᠃

 

 

 

 

ᠨᠣᠣᠷᠠᠭ ᠬᠠᠩᠭᠠᠭᠴᠢ᠄ ᠠᠯᠲᠠᠨᠵᠡᠭᠡᠰᠦ

ᠬᠢᠨᠠᠭᠴᠢ᠄ ᠨᠠᠷᠠᠨᠲᠤᠶᠠᠭ᠎ᠠ

ᠬᠦᠳᠡᠯᠭᠡᠨᠲᠦ ᠵᠢᠷᠤᠭ ᠦᠢᠯᠡᠳᠦᠭᠴᠢ᠄ ᠸᠠᠩ ᠴᠢᠤ ᠱᠢ

ᠥᠪᠦᠷ ᠮᠣᠩᠭᠤᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠸᠢᠴᠠᠲ ᠲᠠᠪᠴᠠᠩ ᠠ᠋ᠴᠠ ᠰᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604