ᠨᠠᠢ᠍ᠮᠠᠨ ᠮᠤᠵᠢ ᠣᠷᠤᠨ ᠤ᠋ ᠲᠠᠪᠤᠳᠤᠭᠠᠷ ᠬᠤᠭᠤᠴᠠᠭᠠᠨ ᠤ᠋ ᠮᠣᠩᠭᠤᠯ ᠨᠣᠮ ᠤ᠋ᠨ ᠦᠵᠡᠭᠦᠯᠭᠡ ᠳ᠋ᠤ᠌ 3200 ᠲᠥᠷᠦᠯ ᠦ᠋ᠨ 2 ᠲᠦᠮᠡ ᠰᠢᠬᠠᠮ ᠨᠣᠮ ᠳᠡᠯᠭᠡᠭᠳᠡᠭᠰᠡᠨ ᠪᠠᠢᠨ᠎ᠠ
2019.10.23

  10 ᠰᠠᠷ᠎ᠠ ᠶ᠋ᠢᠨ 18 ᠤ᠋ ᠡᠳᠦᠷ᠂ ᠰᠢᠯᠢ ᠶ᠋ᠢᠨ ᠭᠣᠣᠯ ᠠᠵᠢᠯ ᠮᠡᠷᠭᠡᠵᠢᠯ ᠦ᠋ᠨ ᠳᠡᠭᠡᠲᠦ ᠰᠤᠷᠭᠠᠭᠤᠯᠢ ᠳ᠋ᠤ᠌ ᠨᠠᠢ᠍ᠮᠠᠨ ᠮᠤᠵᠢ ᠣᠷᠤᠨ ᠤ᠋ ᠲᠠᠪᠤᠳᠤᠭᠠᠷ ᠬᠤᠭᠤᠴᠠᠭᠠᠨ ᠤ᠋ ᠮᠣᠩᠭᠤᠯ ᠨᠣᠮ ᠤ᠋ᠨ ᠦᠵᠡᠭᠦᠯᠭᠡ ᠡᠬᠢᠯᠡᠪᠡ᠃ ᠲᠤᠰ ᠤᠳᠠᠭᠠᠨ ᠤ᠋ ᠮᠣᠩᠭᠤᠯ ᠨᠣᠮ ᠤ᠋ᠨ ᠦᠵᠡᠭᠦᠯᠭᠡ ᠶ᠋ᠢ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠲᠤᠭᠤᠢᠯᠠᠩ ᠤ᠋ᠨ ᠠᠯᠪᠠᠨ ᠭᠡᠷ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠰᠣᠨᠢᠨ ᠮᠡᠳᠡᠭᠡ ᠬᠡᠪᠯᠡᠯ ᠦ᠋ᠨ ᠲᠣᠪᠴᠢᠶ᠎ᠠ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ᠂ ᠥᠪᠦᠷ ᠮᠣᠩᠭᠤᠯ ᠤ᠋ᠨ ᠬᠡᠪᠯᠡᠨ ᠲᠠᠷᠬᠠᠭᠠᠬᠤ ᠪᠦᠯᠦᠭᠯᠡᠯ ᠡᠴᠡ ᠭᠣᠣᠯᠯᠠᠨ ᠡᠷᠬᠢᠯᠡᠵᠤ᠂ ᠰᠢᠯᠢ ᠶ᠋ᠢᠨ ᠭᠣᠣᠯ ᠠᠢᠮᠠᠭ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ᠂ ᠠᠢᠮᠠᠭ ᠤ᠋ᠨ ᠰᠣᠶᠤᠯ ᠲᠠᠮᠢᠷ ᠵᠢᠭᠤᠯᠴᠢᠯᠠᠯ ᠷᠠᠳᠢᠣ᠋ ᠲᠸᠯᠸᠢᠰ ᠤ᠋ᠨ ᠲᠣᠪᠴᠢᠶ᠎ᠠ᠂ ᠠᠢᠮᠠᠭ ᠤ᠋ᠨ ᠰᠢᠨᠬᠤᠸᠠ ᠨᠣᠮ ᠤ᠋ᠨ ᠳᠡᠯᠭᠡᠭᠦᠷ ᠡᠴᠡ ᠳᠠᠭᠠᠭᠠᠴᠢᠯᠠᠨ ᠡᠷᠬᠢᠯᠡᠵᠤ᠂ ᠰᠢᠯᠢ ᠶ᠋ᠢᠨ ᠭᠣᠣᠯ ᠨᠡᠢᠭᠡᠮᠯᠢᠭ ᠡᠴᠡ ᠬᠠᠮᠵᠢᠯᠴᠠᠨ ᠡᠷᠬᠢᠯᠡᠭᠰᠡᠨ ᠪᠠᠢᠨ᠎ᠠ᠃

 

  ᠰᠢᠯᠢ ᠨᠤᠲᠤᠭ ᠲᠤ᠌ ᠨᠣᠮ ᠤ᠋ᠨ ᠴᠠᠭᠠᠨ ᠪᠤᠶᠠᠨ ᠳᠡᠯᠭᠡᠷᠡᠬᠦ ᠡᠨᠡ ᠬᠦ᠌ ᠪᠠᠶᠠᠷᠲᠤ ᠠᠭᠱᠠᠨ ᠳ᠋ᠤ᠌᠂ ᠨᠣᠮ ᠳ᠋ᠤ᠌ ᠪᠠᠨ ᠬᠠᠢᠷᠠᠲᠠᠢ᠂ ᠨᠣᠮ ᠢ᠋ᠶ᠋ᠠᠷ ᠢ᠋ᠶ᠋ᠠᠨ ᠪᠠᠬᠠᠷᠬᠠᠳᠠᠭ ᠡᠯ᠎ᠡ ᠠᠵᠢᠯ ᠤ᠋ᠨ ᠹᠷᠣᠨᠲ᠋ ᠳᠡᠬᠢ ᠬᠥᠮᠦᠰ ᠵᠢᠴᠢ ᠳᠥᠷᠪᠡᠨ ᠵᠦᠭ ᠨᠠᠢ᠍ᠮᠠᠨ ᠵᠣᠪᠬᠢᠰ ᠠ᠋ᠴᠠ ᠬᠦᠷᠦᠯᠴᠡᠨ ᠢᠷᠡᠭᠰᠡᠨ ᠨᠣᠮ ᠤ᠋ᠨ ᠪᠠᠬᠠᠲᠠᠳ ᠳᠡᠯᠭᠡᠭᠳᠡᠭᠰᠡᠨ ᠨᠣᠮ ᠤ᠋ᠳ ᠢ᠋ ᠰᠣᠨᠢᠷᠬᠠᠨ ᠦᠵᠡᠵᠦ᠂ ᠥᠪᠡᠷ ᠥᠪᠡᠷ ᠦ᠋ᠨ ᠢ᠋ᠶ᠋ᠡᠨ ᠬᠡᠷᠡᠭᠴᠡᠭᠡᠨ ᠳ᠋ᠤ᠌ ᠲᠣᠬᠢᠷᠠᠭᠤᠯᠤᠨ ᠨᠣᠮ ᠬᠤᠳᠠᠯᠳᠤᠨ ᠠᠪᠴᠤ ᠪᠠᠢᠯ᠎ᠠ᠃ ᠲᠤᠰ ᠤᠳᠠᠭᠠᠨ ᠤ᠋ ᠨᠣᠮ ᠤ᠋ᠨ ᠦᠵᠡᠭᠦᠯᠭᠡ ᠳ᠋ᠤ᠌᠂ ᠨᠠᠢ᠍ᠮᠠᠨ ᠮᠤᠵᠢ ᠣᠷᠤᠨ ᠤ᠋ ᠬᠡᠪᠴᠢᠶᠡᠨ ᠳ᠋ᠡᠬᠢ ᠡᠯ᠎ᠡ ᠬᠡᠪᠯᠡᠯ ᠤ᠋ᠨ ᠬᠣᠷᠢᠶ᠎ᠠ ᠶ᠋ᠢ3200 ᠲᠥᠷᠦᠯ ᠦ᠋ᠨ 2 ᠲᠦᠮᠡ ᠰᠢᠬᠠᠮ ᠨᠣᠮ ᠳᠡᠯᠭᠡᠭᠳᠡᠵᠤ ᠦᠵᠡᠭᠴᠢ ᠤᠯᠠᠨ ᠤ᠋ ᠪᠠᠨ ᠬᠠᠷᠠᠭ᠎ᠠ ᠶ᠋ᠢ ᠮᠢᠯᠢᠶᠠᠭᠰᠠᠨ ᠪᠠᠢᠨ᠎ᠠ᠃ ᠣᠢᠯᠠᠭᠠᠭᠰᠠᠨ ᠢ᠋ᠶ᠋ᠠᠷ᠂ ᠲᠤᠰ ᠤᠳᠠᠭᠠᠨ ᠤ᠋ ᠮᠣᠩᠭᠤᠯ ᠨᠣᠮ ᠤ᠋ᠨ ᠦᠵᠡᠭᠦᠯᠭᠡ ᠨᠢ 10 ᠰᠠᠷ᠎ᠠ ᠶ᠋ᠢᠨ 20 ᠤ᠋ ᠡᠳᠦᠷ ᠬᠦᠷᠲᠡᠯ᠎ᠡ ᠶᠠᠪᠤᠭᠳᠠᠬᠤ ᠪᠣᠯᠤᠨ᠎ᠠ᠃

  (ᠤᠯᠤᠰ ᠤ᠋ᠨ ᠨᠢᠭᠡᠳᠦᠭᠡᠷ ᠳᠡᠰ ᠦ᠋ᠨ ᠵᠣᠬᠢᠶᠠᠯᠴᠢ᠂《ᠰᠣᠯᠤᠩᠭ᠎ᠠ》ᠱᠠᠩᠨᠠᠯᠲᠤ ᠢᠷᠠᠭᠤ ᠨᠠᠢᠷᠠᠭᠴᠢ ᠲ᠊ · ᠡᠯᠬᠡᠩᠭᠡ᠂ ᠰᠥᠨᠢᠳ ᠵᠡᠭᠦᠨ ᠬᠣᠰᠢᠭᠤ ᠪᠡᠷ ᠨᠤᠲᠤᠭᠲᠠᠢ᠂《ᠰᠣᠯᠤᠩᠭ᠎ᠠ》 ᠱᠠᠩᠨᠠᠯᠲᠤ ᠢᠷᠠᠭᠤ ᠨᠠᠢᠷᠠᠭᠴᠢ ᠶᠤ᠊ · ᠡᠷᠳᠡᠨᠢᠲᠤᠭᠳᠠᠬᠤ᠂ ᠠᠪᠠᠭ᠎ᠠ ᠬᠣᠰᠢᠭᠤᠨ ᠤ᠋ ᠬᠣᠩᠭᠤᠷᠭᠣᠣᠯ ᠪᠠᠯᠭᠠᠰᠤᠨ ᠤ᠋ ᠴ᠊ · ᠨᠠᠷᠠᠨᠪᠢᠯᠢᠭ᠌ ᠨᠠᠷ ᠰᠤᠷᠪᠤᠯᠵᠢᠯᠠᠭ᠎ᠠ ᠬᠦᠯᠢᠶᠡᠯ᠎ᠡ! )

 

 

  ᠨᠠᠢᠷᠠᠭᠤᠯᠤᠭᠴᠢ᠄ ᠡ᠊· ᠲᠤᠶᠠᠭ᠎ᠠ

  ᠬᠢᠨᠠᠭᠴᠢ᠄ ᠲᠠᠨ᠎ᠠ

  ᠶᠡᠷᠦᠩᠬᠡᠢ ᠬᠢᠨᠠᠭᠴᠢ᠄ ᠪᠦᠷᠢᠨᠲᠦ

  ᠰᠢᠯᠢ ᠶ᠋ᠢᠨ ᠭᠣᠣᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604