《ᠳᠡᠯᠡᠬᠡᠢ ᠮᠤᠩᠭᠤᠯ ᠬᠡᠯᠡᠨ᠎ᠤ ᠰᠤᠷᠭᠠᠨ ᠬᠦᠮᠦᠵᠢᠯ᠎ᠤᠨ ᠮᠡᠳᠡᠬᠡ ᠵᠠᠩᠬᠢᠴᠢᠯᠠᠯᠳᠠ᠎ᠶᠢᠨ ᠪᠦᠳᠦᠬᠡᠭᠳᠡᠬᠦᠨ᠎ᠤ ᠳᠠᠨᠢᠯᠴᠠᠭᠤᠯᠭ᠎ᠠ》 ᠱᠢᠯᠢᠩᠬᠤᠳᠠ᠎ᠳᠤ ᠶᠠᠪᠤᠭᠳᠠᠪᠠ
2019.11.25
 
  10 ᠰᠠᠷ᠎ᠠ᠎ᠶᠢᠨ 18᠎ᠤ ᠡᠳᠦᠷ᠎ᠤᠨ ᠦᠳᠡ᠎ᠶᠢᠨ ᠬᠣᠢᠨ᠎ᠠ᠂ ᠨᠠᠶ᠋ᠮᠠᠨ ᠮᠤᠵᠢ ᠤᠷᠤᠨ᠎ᠤ ᠳᠠᠪᠤᠳᠤᠭᠠᠷ ᠬᠤᠭᠤᠴᠠᠭᠠᠨ᠎ᠤ ᠮᠤᠩᠭᠤᠯ ᠨᠤᠮ᠎ᠤᠨ ᠦᠵᠡᠰᠬᠦᠯᠡᠩ᠎ᠤᠨ ᠴᠢᠬᠤᠯᠠ ᠠᠵᠢᠯᠯᠠᠭᠠᠨ᠎ᠤ ᠨᠢᠬᠡ ᠪᠤᠯᠬᠤ 《ᠳᠡᠯᠡᠬᠡᠢ ᠮᠤᠩᠭᠤᠯ ᠬᠡᠯᠡᠨ᠎ᠤ ᠰᠤᠷᠭᠠᠨ ᠬᠦᠮᠦᠵᠢᠯ᠎ᠤᠨ ᠮᠡᠳᠡᠬᠡ ᠵᠠᠩᠬᠢᠴᠢᠯᠠᠯᠳᠠ᠎ᠶᠢᠨ ᠪᠦᠳᠦᠬᠡᠭᠳᠡᠬᠦᠨ᠎ᠤ ᠳᠠᠨᠢᠯᠴᠠᠭᠤᠯᠭ᠎ᠠ》᠎ᠶᠢᠨ ᠠᠵᠢᠯᠯᠠᠭ᠎ᠠ ᠱᠢᠯᠢ᠎ᠶᠢᠨ ᠭᠤᠤᠯ ᠠᠵᠢᠯ ᠮᠡᠷᠬᠡᠵᠢᠯ᠎ᠤᠨ ᠳᠡᠬᠡᠳᠦ ᠰᠤᠷᠭᠠᠭᠤᠯᠢ᠎ᠳᠤ ᠶᠠᠪᠤᠭᠳᠠᠪᠠ᠃
 

 
  ᠠᠵᠢᠯᠯᠠᠭ᠎ᠠ᠎ᠪᠡᠷ ᠳᠡᠯᠡᠬᠡᠢ ᠺᠤᠮᠫᠠᠨᠢ᠎ᠶᠢᠨ ᠮᠡᠷᠬᠡᠵᠢᠯᠳᠡᠨ᠎ᠡᠴᠡ ᠰᠤᠷᠭᠠᠨ ᠬᠦᠮᠦᠵᠢᠯ᠎ᠤᠨ ᠮᠡᠳᠡᠬᠡ ᠵᠠᠩᠬᠢᠴᠢᠯᠠᠯᠳᠠ᠎ᠨᠢ ᠵᠢᠭᠠᠨ ᠰᠤᠷᠭᠠᠯᠳᠠ᠎ᠶᠢᠨ ᠴᠢᠨᠠᠷ ᠴᠢᠨᠰᠠᠭ᠎ᠠ᠎ᠶᠢ ᠬᠡᠷᠬᠢᠨ ᠳᠡᠬᠡᠭᠱᠢᠯᠡᠬᠦᠯᠬᠦ ᠲᠤᠬᠠᠢ ᠰᠡᠳᠦᠪ᠎ᠦᠨ ᠳᠤᠭᠤᠷᠢᠨ᠎ᠳᠤ ᠲᠠᠢᠯᠤᠮᠵᠢ ᠬᠢᠵᠤ᠂ ᠭᠤᠤᠯᠳᠠᠭᠤ ᠹᠢᠽᠢᠺ ᠬᠢᠮᠢ ᠠᠮᠢᠳᠤ ᠪᠤᠳᠠᠰ᠎ᠤᠨ ᠵᠢᠱᠢᠮᠡᠭ ᠳᠤᠷᠱᠢᠯᠳᠠ᠂ ᠮᠤᠩᠭᠤᠯ ᠬᠢᠲᠠᠳ ᠱᠢᠯᠭᠠᠯᠳᠠ ᠤᠷᠴᠢᠭᠤᠯᠬᠤ ᠪᠠᠭᠠᠵᠢ᠂ ᠵᠢᠭᠠᠨ ᠰᠤᠷᠭᠠᠯᠳᠠ᠎ᠶᠢᠨ ᠡᠬᠢ ᠪᠠᠶᠠᠯᠢᠭ᠎ᠤᠨ ᠬᠦᠮᠦᠷᠬᠡ᠂ ᠮᠤᠩᠭᠤᠯ ᠬᠡᠯᠡ ᠪᠢᠴᠢᠭ᠌᠎ᠤᠨ ᠵᠢᠭᠠᠨ ᠰᠤᠷᠭᠠᠯᠳᠠ᠎ᠶᠢᠨ ᠰᠤᠹᠲ᠂ ᠲᠠᠶᠠᠩ ᠳᠠᠰᠭᠠᠯ᠂ ᠮᠤᠩᠭᠤᠯ ᠣᠶᠤᠨᠯᠢᠭ ᠬᠢᠴᠢᠶᠡᠯᠯᠡᠭᠡ᠎ᠶᠢᠨ ᠳᠠᠩᠬᠢᠮ᠂ ᠮᠤᠩᠭᠤᠯ ᠬᠢᠳᠠᠳ ᠣᠶᠤᠨᠯᠢᠭ ᠰᠤᠷᠭᠠᠭᠤᠯᠢ᠎ᠶᠢᠨ ᠬᠠᠮᠢᠶᠠᠷᠤᠯᠳᠠ᠎ᠶᠢᠨ ᠱᠢᠰᠲᠧᠮ ᠵᠡᠷᠬᠡ ᠳᠤᠯᠤᠭᠠᠨ ᠵᠦᠢᠯ᠎ᠤᠨ ᠰᠤᠹᠲ᠎ᠢ ᠳᠠᠨᠢᠯᠴᠠᠭᠤᠯᠵᠠᠢ᠃
  ᠳᠤᠰ ᠠᠵᠢᠯᠯᠠᠭ᠎ᠠ᠎ᠶᠢ ᠱᠢᠯᠢ᠎ᠶᠢᠨ ᠭᠤᠤᠯ ᠠᠢᠮᠠᠭ᠎ᠤᠨ ᠰᠤᠷᠭᠠᠨ ᠬᠦᠮᠦᠵᠢᠯ᠎ᠤᠨ ᠮᠡᠷᠬᠡᠵᠢᠯ᠎ᠤᠨ ᠡᠬᠢ ᠪᠠᠶᠠᠯᠢᠭ᠎ᠤᠨ ᠬᠠᠮᠢᠶᠠᠷᠤᠯᠳᠠ᠎ᠶᠢᠨ ᠳᠦᠪ᠎ᠡᠴᠡ ᠰᠤᠷᠭᠠᠨ ᠬᠦᠮᠦᠵᠢᠯ᠎ᠤᠨ ᠶᠠᠮᠤᠨ᠎ᠡᠴᠡ ᠬᠡᠪᠯᠡᠨ ᠳᠠᠷᠬᠠᠭᠠᠭᠰᠠᠨ 《ᠰᠤᠷᠭᠠᠨ ᠬᠦᠮᠦᠵᠢᠯ᠎ᠤᠨ ᠮᠡᠳᠡᠬᠡ ᠵᠠᠩᠬᠢᠴᠢᠯᠠᠯᠳᠠ᠎ᠶᠢᠨ 2.0 ᠠᠵᠢᠯᠯᠠᠭᠠᠨ᠎ᠤ ᠳᠦᠯᠦᠪᠯᠡᠬᠡ》᠎ᠶᠢ ᠦᠨᠳᠦᠰᠦᠯᠡᠨ ᠠᠢᠮᠠᠭ᠎ᠤᠨ᠎ᠢᠶᠡᠨ ᠪᠤᠳᠠᠳᠤ ᠪᠠᠢᠳᠠᠯ᠎ᠲᠠᠢ ᠤᠶᠠᠯᠳᠤᠭᠤᠯᠵᠤ ᠵᠤᠬᠢᠶᠠᠨ ᠪᠠᠢᠭᠤᠯᠤᠭᠰᠠᠨ ᠪᠠᠢᠨ᠎ᠠ᠃
 

 

 

  ᠪᠡᠯᠡᠳᠭᠡᠭᠰᠡᠨ᠎ᠨᠢ᠄ ᠪᠣᠯᠤᠷᠴᠡᠴᠡᠭ
  ᠱᠢᠨᠬᠤᠸᠠ ᠮᠣᠩᠭᠤᠯ ᠨᠸᠲ᠎ᠠᠴᠠ ᠱᠢᠯᠵᠢᠭᠦᠯᠦᠨ ᠨᠡᠢᠳᠡᠯᠡᠪᠡ
 
(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604