ᠬᠡᠤᠬᠡᠳ ᠤᠳ ᠪᠠ ᠵᠢᠷᠤᠭᠲᠤ ᠲᠡᠪᠲᠡᠷ ᠦ᠋ᠨ ᠨᠢᠭᠡ ᠤᠳᠠᠭᠠᠨ ᠤ᠋ ᠳᠤᠳᠤᠨᠤᠰᠤᠭ ᠬᠠᠷᠢᠯᠴᠠᠭ᠎ᠠ
2019.12.31

  9 ᠰᠠᠷ᠎ᠠ ᠶᠢᠨ 23 ᠤ ᠡᠳᠦᠷ ᠤᠨ ᠦᠳᠡ ᠶᠢᠨ ᠬᠣᠢᠨ᠎ᠠ᠂ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠠᠴᠠ ᠭᠣᠤᠯᠯᠠᠨ ᠡᠷᠬᠢᠯᠡᠵᠦ᠂ ᠬᠦᠬᠡᠬᠣᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ ᠬᠠᠮᠲᠤᠷᠠᠨ ᠡᠷᠬᠢᠯᠡᠭᠰᠡᠨ 《ᠬᠡᠤᠬᠡᠳ ᠤᠨ ᠨᠢᠭᠡ ᠨᠠᠰᠤᠨ ᠦ᠌ ᠬᠤᠪᠢ ᠪᠡᠶ᠎ᠠ ᠶ᠋ᠢᠨ ᠦᠵᠡᠯ ᠤᠬᠠᠮᠰᠠᠷ ᠤ᠋ᠨ ᠪᠤᠢ ᠪᠣᠯᠬᠤ ᠶ᠋ᠢ ᠨᠥᠯᠦᠭᠡᠯᠡᠬᠦ ᠵᠢᠷᠤᠭᠲᠤ ᠲᠡᠪᠳᠡᠷ》 ( ᠮᠣᠩᠭᠣᠯ ᠬᠡᠪᠯᠡᠯ) ᠤᠨ ᠠᠩᠬ᠎ᠠ ᠲᠠᠷᠬᠠᠭᠠᠬᠤ ᠶᠣᠰᠣᠯᠠᠯ ᠬᠦᠬᠡᠬᠣᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ ᠲᠤ ᠶᠠᠪᠤᠭᠳᠠᠪᠠ᠃

  ᠥᠪᠥᠷ ᠮᠣᠩᠭᠣᠯ ᠤᠨ ᠬᠡᠪᠯᠡᠯ ᠤᠨ ᠪᠦᠯᠦᠭᠯᠡᠯ ᠤᠨ ᠶᠡᠷᠦᠩᠬᠡᠶ ᠨᠠᠢᠷᠠᠭᠤᠯᠤᠭᠴᠢ ᠶᠢᠨ ᠲᠤᠰᠠᠯᠠᠭᠴᠢ ᠬᠤᠧᠠᠩ ᠲᠤᠤ᠂ ᠠᠯᠤᠰ ᠤᠨ ᠪᠠᠷ᠎ᠠ ᠬᠡᠪᠯᠡᠯ ᠤᠨ  ᠬᠣᠷᠢᠶᠠᠨ ᠲᠠᠷᠤᠭ᠎ᠠ ᠭᠦᠧᠧ ᡁᠢ ᠴᠤᠤ᠂ ᠲᠡᠳ᠋ ᠬᠣᠷᠢᠶᠠᠨ ᠲᠠᠷᠤᠭ᠎ᠠ ᠶᠠᠩ ᠮᠢᠨ᠂ ᠠᠯᠪᠠᠨ ᠭᠡᠷ ᠤᠨ ᠡᠷᠬᠢᠯᠡᠭᠴᠢ ᠸᠠᠩ ᠹᠦ᠂ ᠵᠢᠶᠠᠩᠰᠢ ᠶᠢᠨ ᠤᠷᠠᠨ ᠵᠢᠷᠤᠭ ᠤᠨ ᠬᠡᠪᠯᠡᠯ ᠤᠨ ᠬᠣᠷᠢᠶᠠᠨ ᠲᠠᠷᠤᠭ᠎ᠠ ᠵᠧᠤ ᠵᠢᠶᠠᠨ ᠰᠧᠨ᠂ ᠲᠡᠳ᠋ ᠬᠣᠷᠢᠶᠠᠨ ᠲᠠᠷᠤᠭ᠎ᠠ ᠯᠢᠦ ᠹᠠᠩ᠂ ᠨᠠᠢᠷᠠᠭᠤᠯᠬᠤ ᠬᠡᠯᠲᠡᠰ ᠦᠨ ᠡᠷᠬᠢᠯᠡᠭᠴᠢ ᠯᠢᠦ ᠶᠠᠨ᠂ ᠵᠣᠬᠢᠶᠠᠭᠴᠢ ᠶᠢᠨ ᠲᠥᠯᠥᠭᠡᠯᠡᠭᠴᠢ ᠽᠧᠩ ᠹᠠᠩ᠂ ᠬᠦᠬᠡᠬᠣᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠲᠠᠷᠤᠭ᠎ᠠ ᠣᠷᠬᠢᠯ᠂ ᠡᠤ ᠶᠤᠧᠠᠢ ᠯᠠᠨ ᠨᠠᠷ ᠵᠢᠴᠢ ᠬᠡᠤᠬᠡᠳ ᠤᠨ ᠴᠡᠴᠡᠷᠯᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠪᠣᠯᠤᠨ ᠵᠠᠭᠤᠴᠢᠯᠠᠭᠤᠷ ᠤᠨ ᠰᠤᠷᠪᠤᠯᠵᠢᠯᠠᠭᠴᠢ ᠵᠡᠷᠭᠡ 300 ᠭᠠᠷᠤᠶ ᠬᠥᠮᠦᠨ ᠠᠩᠬ᠎ᠠ ᠲᠠᠷᠬᠠᠭᠠᠬᠤ ᠶᠣᠰᠣᠯᠠᠯ ᠳᠤ ᠣᠷᠣᠯᠴᠠᠵᠤ᠂ ᠲᠠᠯᠠᠪᠠᠢ ᠶᠢᠨ ᠪᠠᠢᠳᠠᠯ ᠶᠡᠬᠡᠳᠠ ᠬᠥᠷ ᠬᠥᠭᠵᠢᠶᠡᠨᠲᠡᠶ ᠪᠠᠢᠯ᠎ᠠ᠃ ᠡᠨᠡ ᠤᠳᠠᠭᠠᠨ ᠤ᠋ ᠠᠵᠢᠯᠯᠠᠭ᠎ᠠ ᠨᠢ ᠬᠡᠤᠬᠡᠳ ᠤᠨ ᠪᠠᠶᠠᠷ ᠪᠠᠶᠠᠰᠬᠤᠯᠠᠩᠲᠤ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠬᠦᠬᠡᠬᠣᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠪᠠᠭᠰᠢ ᠣᠳᠣᠨᠴᠢᠮᠡᠭ ᠡᠴᠡ ᠡᠷᠬᠢᠯᠡᠪᠡ᠃

  ᠭᠦᠧᠧ ᡁᠢ ᠴᠤᠤ ᠬᠣᠷᠢᠶᠠᠨ ᠲᠠᠷᠤᠭ᠎ᠠ ᠶᠣᠰᠣᠯᠠᠯ ᠳ᠋ᠤ᠌ ᠳᠡᠪᠰᠢᠭᠦᠯᠦᠭᠰᠡᠨ ᠦᠭᠡᠨ ᠳ᠋ᠦ᠍ ᠪᠡᠨ᠂ ᠣᠳᠣᠬᠠᠨ ᠳᠤ ᠴᠥᠭᠡᠨ ᠪᠤᠰᠤ ᠭᠡᠷ ᠤᠨ ᠠᠬᠠᠮᠠᠳ ᠪᠣᠯᠤᠨ ᠪᠠᠭᠰᠢ ᠨᠠᠷ ᠨᠣᠮ ᠪᠢᠴᠢᠭ ᠤᠨ ᠵᠠᠬ᠎ᠠ ᠲᠡᠯᠭᠡᠭᠦᠷ ᠲᠦ᠍ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠣᠩᠭᠣᠯ ᠬᠡᠯᠡᠨ ᠤ ᠵᠢᠷᠤᠭᠲᠤ ᠲᠡᠪᠲᠡᠷ ᠦᠨ ᠲᠥᠷᠥᠯ ᠵᠦᠢᠯ ᠨᠡᠯᠢᠶᠡᠳ ᠴᠥᠭᠡᠨ᠂ ᠮᠣᠩᠭᠣᠯ ᠦᠨᠳᠦᠰᠦᠲᠡᠨ ᠤ ᠬᠡᠤᠬᠡᠳ ᠤᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ ᠲᠡᠢᠯᠬᠦ ᠦᠭᠡᠢ ᠪᠠᠢᠨ᠎ᠠ ᠭᠡᠵᠦ ᠳᠤᠷᠠᠳᠪᠠ᠃ ᠡᠢᠮᠦ ᠠᠴᠠ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠵᠢᠶᠠᠩᠰᠢ ᠶᠢᠨ ᠤᠷᠠᠨ ᠵᠢᠷᠤᠭ ᠤᠨ ᠬᠡᠪᠯᠡᠯ ᠤᠨ ᠬᠣᠷᠢᠶ᠎ᠠ ᠲᠠᠢ ᠬᠠᠮᠲᠤᠷᠠᠨ᠂ 《ᠬᠡᠤᠬᠡᠳ ᠤᠨ ᠨᠢᠭᠡ ᠨᠠᠰᠤᠨ ᠦ᠌ ᠬᠤᠪᠢ ᠪᠡᠶ᠎ᠠ ᠶ᠋ᠢᠨ ᠦᠵᠡᠯ ᠤᠬᠠᠮᠰᠠᠷ ᠤ᠋ᠨ ᠪᠤᠢ ᠪᠣᠯᠬᠤ ᠶ᠋ᠢ ᠨᠥᠯᠦᠭᠡᠯᠡᠬᠦ ᠵᠢᠷᠤᠭᠲᠤ ᠲᠡᠪᠳᠡᠷ》 ᠭᠡᠬᠦ ᠨᠣᠮ ᠢ ᠮᠣᠩᠭᠣᠯ ᠪᠢᠴᠢᠭ ᠢ᠋ᠶ᠋ᠡᠷ ᠬᠡᠪᠯᠡᠭᠦᠯᠦᠨ ᠲᠠᠷᠬᠠᠭᠠᠵᠤ᠂ ᠦᠨᠳᠦᠰᠦᠲᠡᠨ ᠤ ᠣᠷᠣᠨ ᠤ ᠬᠡᠤᠬᠡᠳ ᠳ᠋ᠤ᠌ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠴᠢᠩᠭᠠᠳᠬᠠᠵᠤ᠂ ᠬᠡᠤᠬᠡᠳ ᠤᠨ ᠮᠣᠩᠭᠣᠯ ᠬᠡᠯᠡᠨ ᠦ ᠤᠩᠰᠢᠯᠭ᠎ᠠ ᠶ᠋ᠢᠨ ᠨᠣᠮ ᠢ᠋ ᠪᠠᠶᠠᠯᠢᠭᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠠᠷ ᠵᠣᠷᠢᠪᠠ᠃ ᠥᠪᠥᠷ ᠮᠣᠩᠭᠣᠯ ᠳᠤ ᠰᠠᠭᠤᠷᠢᠯᠠᠭᠰᠠᠨ ᠬᠡᠪᠯᠡᠯ ᠤᠨ ᠬᠥᠮᠦᠨ ᠪᠣᠯᠤᠭᠰᠠᠨ ᠤ ᠬᠤᠪᠢ ᠳᠤ᠂ ᠮᠦᠨ ᠴᠦ᠍ ᠨᠢᠭᠡ ᠭᠡᠷ ᠤᠨ ᠠᠬᠠᠮᠠᠳ ᠪᠣᠯᠤᠭᠰᠠᠨ ᠤ᠋ ᠬᠤᠪᠢ ᠠᠴᠠ᠂ ᠵᠢᠶᠠᠩᠰᠢ ᠶᠢᠨ ᠤᠷᠠᠨ ᠵᠢᠷᠤᠭ ᠤᠨ ᠬᠡᠪᠯᠡᠯ ᠤᠨ ᠬᠣᠷᠢᠶ᠎ᠠ ᠪᠣᠯᠤᠨ ᠵᠣᠬᠢᠶᠠᠯᠴᠢ ᠢᠮᠵᠢ ᠡᠵᠢ ᠶ᠋ᠢᠨ ᠦᠨᠳᠦᠰᠦᠲᠡᠨ ᠤ ᠰᠣᠶᠣᠯ ᠤᠨ ᠦᠢᠯᠡᠰ ᠢ ᠬᠠᠯᠠᠮᠵᠢᠯᠠᠨ ᠲᠠᠮᠵᠢᠵᠤ᠂ ᠦᠨ᠎ᠡ ᠲᠥᠯᠥᠪᠦᠷᠢ ᠦᠭᠡᠢ ᠪᠠᠷ ᠲᠣᠰ ᠢᠵᠢ ᠨᠣᠮ ᠤ᠋ᠨ ᠢ᠋ᠶ᠋ᠠᠨ ᠬᠡᠪᠯᠡᠬᠦ ᠡᠷᠬᠡ ᠶᠢ ᠣᠯᠭᠣᠭᠰᠠᠨ ᠦᠢᠯᠡ ᠠᠵᠢᠯᠯᠠᠭᠠᠨ ᠳ᠋ᠤ᠌ ᠴᠢᠩ ᠰᠡᠳᠬᠢᠯ ᠠᠴᠠ ᠪᠠᠨ ᠪᠢᠰᠢᠷᠡᠨ ᠲᠠᠯᠠᠷᠬᠠᠵᠤ ᠪᠠᠢᠨ᠎ᠠ ᠬᠡᠵᠤ ᠢᠯᠡᠳᠬᠡᠪᠡ᠃ ᠮᠣᠩᠭᠣᠯ ᠦᠨᠳᠦᠰᠦᠲᠡᠨ ᠤ ᠬᠡᠤᠬᠡᠳ ᠤ᠋ᠳ ᠤᠩᠰᠢᠯᠭ᠎ᠠ ᠡᠴᠡ ᠨᠠᠩ ᠣᠯᠠᠨ ᠮᠡᠳᠡᠯᠭᠡ ᠬᠠᠢᠨ ᠰᠦᠪᠡᠭᠴᠢᠯᠡᠵᠦ᠂ ᠣᠯᠠᠨ ᠮᠡᠳᠡᠯᠭᠡ ᠡᠵᠡᠮᠰᠢᠬᠦ ᠶᠢᠨ ᠬᠠᠮᠲᠤ ᠡᠷᠡᠭᠦᠯ ᠴᠢᠭᠢᠷᠠᠭ ᠢᠶᠠᠷ ᠦᠰᠦᠨ ᠪᠣᠢᠵᠢᠬᠤ ᠶᠢ ᠬᠦᠰᠡᠵᠦ ᠪᠠᠢᠨ᠎ᠠ ᠭᠡᠪᠡ᠃

  ᠵᠧᠤ ᠵᠢᠶᠠᠨ ᠰᠧᠨ ᠬᠣᠷᠢᠶᠠᠨ ᠲᠠᠷᠤᠭ᠎ᠠ ᠶᠣᠰᠣᠯᠠᠯ ᠳ᠋ᠤ᠌ ᠳᠡᠪᠰᠢᠭᠦᠯᠦᠭᠰᠡᠨ ᠦᠭᠡᠨ ᠳ᠋ᠦ᠍ ᠪᠡᠨ᠂ ᠲᠣᠰ ᠤᠳᠠᠭᠠᠨ ᠤ᠋ ᠬᠠᠮᠲᠤᠷᠠᠯᠴᠠᠭ᠎ᠠ ᠪᠠᠷ ᠳᠠᠮᠵᠢᠨ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠶ᠋ᠢᠨ ᠨᠣᠮ ᠪᠢᠴᠢᠭ ᠰᠣᠩᠭᠣᠨ ᠰᠡᠳᠤᠪᠯᠡᠵᠤ ᠲᠥᠰᠦᠪᠯᠡᠬᠦ ᠲᠠᠯ᠎ᠠ ᠪᠠᠷ ᠲᠡᠯᠡᠬᠡᠶ ᠶᠢᠨ ᠬᠠᠷᠠᠴᠠ ᠲᠠᠢ ᠪᠠᠢᠬᠤ ᠶ᠋ᠢ ᠦᠨᠡᠯᠡᠵᠦ᠂ ᠦᠨᠳᠦᠰᠦᠲᠡᠨ ᠤ ᠬᠢ ᠪᠣᠯ ᠲᠡᠯᠡᠬᠡᠶ ᠶᠢᠨ ᠬᠢ᠂ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠲᠠᠢ ᠬᠠᠮᠳᠤᠷᠠᠯᠴᠡᠨ ᠬᠡᠪᠯᠡᠭᠰᠡᠨ ᠳ᠋ᠤ᠌ ᠮᠠᠰᠢ ᠪᠠᠶᠠᠷᠲᠠᠶ ᠬᠡᠪᠠ᠃ ᠡᠨᠡ ᠪᠦᠲᠦᠭᠡᠯ ᠨᠢ ᠶᠠᠭ ᠯᠠ ᠥᠬᠢᠨ ᠢ᠋ᠶ᠋ᠡᠨ ᠬᠣᠯᠠ ᠮᠣᠷᠳᠠᠭᠤᠯᠬᠤ ᠲᠠᠢ ᠠᠳᠠᠯᠢ ᠪᠠᠷ ᠥᠪᠥᠷ ᠮᠣᠩᠭᠣᠯ ᠳᠤ ᠪᠠᠳᠠᠷᠠᠨ ᠲᠡᠯᠭᠡᠷᠡᠬᠦ ᠪᠣᠯᠣᠨ᠎ᠠ᠃ ᠲᠣᠰ ᠤᠳᠠᠭᠠᠨ ᠤ ᠬᠠᠮᠲᠤᠷᠠᠯᠴᠠᠭ᠎ᠠ ᠨᠢ ᠮᠥᠨ ᠴᠦ ᠵᠢᠶᠠᠩᠰᠢ ᠮᠤᠵᠢ ᠪᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤᠨ ᠲᠠᠯ᠎ᠠ ᠪᠠᠷ ᠬᠢ ᠰᠣᠯᠢᠯᠴᠠᠭ᠎ᠠ ᠬᠠᠮᠲᠤᠷᠠᠯᠴᠠᠭᠠᠨ ᠤ᠋ ᠪᠠᠰᠠ ᠨᠢᠭᠡ ᠦᠷ᠎ᠡ ᠪᠦᠲᠦᠭᠡᠯ ᠮᠥᠨ᠃ ᠬᠣᠶᠠᠷ ᠮᠤᠵᠢ ᠣᠷᠤᠨ ᠤ᠋ ᠬᠡᠪᠯᠡᠯ ᠤᠨ ᠪᠠᠢᠭᠤᠯᠭ᠎ᠠ ᠮᠣᠩᠭᠣᠯ ᠬᠢᠲᠠᠳ ᠢ᠋ᠶ᠋ᠡᠷ ᠨᠣᠮ ᠪᠢᠴᠢᠭ ᠬᠠᠮᠳᠤᠷᠠᠯᠴᠠᠨ ᠬᠡᠪᠯᠡᠬᠦ ᠠᠵᠢᠯᠯᠠᠭ᠎ᠠ ᠪᠠᠷ ᠳᠠᠮᠵᠢᠨ ᠥᠷᠭᠡᠨ ᠬᠡᠪᠴᠢᠶᠡᠨ ᠦ᠌ ᠬᠠᠮᠲᠤᠷᠠᠯᠴᠠᠬᠤ ᠲᠠᠯᠳᠠ ᠬᠦᠴᠦᠨ ᠢ᠋ ᠦᠷᠭᠦᠯᠵᠢᠯᠡᠨ ᠠᠭᠤᠳᠠᠯᠵᠤ᠂ ᠥᠷᠭᠡᠨ ᠣᠯᠠᠨ ᠤᠩᠰᠢᠭᠴᠢᠳ ᠲᠤ ᠨᠠᠩ ᠣᠯᠠᠨ ᠴᠢᠨᠠᠷᠯᠢᠭ ᠰᠣᠶᠣᠯ ᠤᠨ ᠪᠦᠲᠦᠭᠡᠭᠳᠡᠬᠦᠨ ᠬᠠᠩᠭᠠᠬᠤ ᠶᠢ ᠬᠦᠰᠡᠵᠦ ᠪᠠᠢᠨ᠎ᠠ ᠭᠡᠪᠡ᠃ 《ᠲᠡᠯᠡᠬᠡᠶ ᠶᠢᠷᠲᠢᠨᠴᠦ ᠪᠣᠯ ᠲᠠᠨᠤᠰ ᠤᠨ ᠬᠢ᠂ ᠮᠥᠨ ᠴᠦ ᠪᠢᠳᠡᠨ ᠤ ᠬᠢ᠂ ᠭᠡᠪᠡᠴᠦ ᠢᠷᠡᠭᠡᠳᠦᠶ ᠯᠠᠪᠲᠠᠶ ᠲᠠᠨᠤᠰ ᠤᠨ ᠬᠢ ᠶᠤᠮ 》 ᠬᠡᠵᠤ ᠵᠧᠤ ᠵᠢᠶᠠᠨ ᠰᠧᠨ ᠲᠤᠬᠠᠶ ᠶᠢᠨ ᠲᠠᠯᠠᠪᠠᠢ ᠶᠢᠨ ᠬᠡᠤᠬᠡᠳ ᠲᠤ ᠴᠢᠩ ᠰᠡᠳᠬᠢᠯ ᠤᠨ ᠬᠦᠰᠡᠯ ᠡᠷᠡᠮᠡᠯᠵᠡᠯ ᠳᠠᠪᠰᠢᠭᠦᠯᠪᠠ᠃

  ᠠᠵᠢᠯᠯᠠᠭᠠᠨ ᠤ᠋ ᠠᠬᠤᠶ ᠲᠠᠯᠠᠪᠠᠢ ᠳᠤ᠂ ᠵᠣᠬᠢᠶᠠᠯᠴᠢ ᠽᠧᠩ ᠹᠠᠩ ᠪᠠᠭᠰᠢ ᠡᠴᠡ ᠬᠡᠤᠬᠡᠳ ᠤᠨ ᠴᠡᠴᠡᠷᠯᠢᠭ ᠤᠨ ᠪᠠᠭᠰᠢ᠂ ᠭᠡᠷ ᠤᠨ ᠠᠬᠠᠮᠠᠳ᠂ ᠪᠢᠴᠢᠬᠠᠨ ᠨᠠᠢᠵᠠ ᠨᠠᠷ ᠵᠣᠬᠢᠶᠠᠯ ᠪᠢᠴᠢᠭᠰᠡᠨ ᠥᠩᠭᠡᠷᠡᠯᠲᠡ ᠪᠠᠨ ᠬᠤᠪᠢᠶᠠᠯᠴᠠᠨ ᠰᠠᠨᠠᠯ ᠰᠡᠳᠭᠢᠯᠭᠡ ᠪᠡᠨ ᠰᠣᠯᠢᠯᠴᠠᠪᠠ᠂ ᠣᠳᠣᠨᠴᠢᠮᠡᠭ ᠪᠠᠭᠰᠢ ᠡᠨᠡ ᠬᠦ᠌ ᠢᠵᠢ ᠨᠣᠮ ᠢ᠋ ᠬᠡᠤᠬᠡᠳ ᠤᠨ ᠲᠠᠢᠰᠠᠨ ᠤ ᠵᠦᠴᠦᠭᠡ ᠪᠣᠯᠭᠠᠨ ᠨᠠᠢᠷᠠᠭᠤᠯᠤᠨ ᠲᠣᠭᠯᠠᠭᠰᠠᠨ ᠳ᠋ᠤ᠌ ᠲᠠᠢᠰᠠᠨ ᠳᠣᠤᠷ᠎ᠠ ᠪᠠᠢᠨ ᠪᠠᠢᠨ ᠨᠢᠵᠢᠭᠢᠨᠡᠲᠡᠯ᠎ᠡ ᠠᠯᠠᠭ᠎ᠠ ᠲᠠᠰᠢᠪᠠ ᠃

  ᠠᠵᠢᠯᠯᠠᠭᠠᠨ ᠤ᠋ ᠡᠴᠦᠰ ᠲᠤ᠂ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠲᠠᠯᠠᠪᠠᠢ ᠳ᠋ᠤ᠌ ᠪᠠᠢᠭ᠎ᠠ ᠬᠦᠬᠡᠬᠣᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠪᠢᠴᠢᠬᠠᠨ ᠨᠠᠢᠵᠠ ᠨᠠᠷ ᠲᠤ ᠨᠣᠮ ᠪᠢᠴᠢᠭ ᠬᠠᠨᠳᠢᠪᠯᠠᠪᠠ᠃ ᠬᠡᠤᠬᠡᠳ ᠤᠳ 《ᠬᠡᠤᠬᠡᠳ ᠤᠨ ᠨᠢᠭᠡ ᠨᠠᠰᠤᠨ ᠦ᠌ ᠬᠤᠪᠢ ᠪᠡᠶ᠎ᠠ ᠶ᠋ᠢᠨ ᠦᠵᠡᠯ ᠤᠬᠠᠮᠰᠠᠷ ᠤ᠋ᠨ ᠪᠤᠢ ᠪᠣᠯᠬᠤ ᠶ᠋ᠢ ᠨᠥᠯᠦᠭᠡᠯᠡᠬᠦ ᠵᠢᠷᠤᠭᠲᠤ ᠲᠡᠪᠳᠡᠷ》 ᠭᠡᠬᠦ ᠨᠣᠮ ᠢ᠋ ᠭᠠᠷᠳᠠᠭᠠᠳ ᠴᠢᠷᠠᠶ ᠳ᠋ᠤ᠌ ᠨᠢ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠢᠯ᠎ᠠ᠃

 

 

        ᠣᠷᠴᠢᠭᠤᠯᠤᠭᠴᠢ᠄ ᠰᠠᠢᠬᠠᠨ᠎ᠠ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ