《ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ  ᠢ ᠰᠡᠷᠬᠡᠢᠯᠡᠬᠦ ᠵᠢᠷᠤᠭᠳᠤ ᠨᠤᠮ (ᠰᠤᠨᠤᠰᠳᠠᠭ ᠨᠤᠮ)》 ᠮᠠᠨᠢ ᠤᠩᠰᠢᠭᠴᠢ ᠲᠦᠮᠡᠨ ᠲᠠᠢ ᠪᠡᠨ ᠵᠤᠯᠭᠠᠵᠤ ᠪᠠᠢᠨ᠎ᠠ
2020.02.14

  ᠦᠪᠦᠷ ᠮᠤᠩᠭᠤᠯ ᠦᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶᠠᠨ ᠡᠴᠡ ᠤᠷᠴᠢᠭᠤᠯᠤᠨ ᠬᠡᠪᠯᠡᠬᠦᠯᠦᠭᠰᠡᠨ 《ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ  ᠢ ᠰᠡᠷᠬᠡᠢᠯᠡᠬᠦ ᠵᠢᠷᠤᠭᠳᠤ ᠨᠤᠮ (ᠰᠤᠨᠤᠰᠳᠠᠭ ᠨᠤᠮ)》 ᠮᠠᠨᠢ ᠤᠩᠰᠢᠭᠴᠢ ᠲᠦᠮᠡᠨ ᠲᠠᠢ ᠪᠡᠨ ᠵᠤᠯᠭᠠᠵᠤ ᠪᠠᠢᠨ᠎ᠠ᠃ ᠡᠨᠡ ᠪᠤᠯ ᠤᠨᠴᠠᠭᠠᠢ ᠴᠠᠭ ᠦᠶ᠎ᠡ ᠳᠦ ᠪᠠᠭᠠᠴᠤᠳ ᠬᠡᠤᠬᠡᠳ ᠲᠤ ᠪᠡᠨ ᠵᠤᠷᠢᠭᠤᠯᠤᠨ ᠪᠦᠲᠦᠬᠡᠭᠰᠡᠨ ᠵᠢᠷᠤᠭᠳᠤ ᠨᠤᠮ ᠪᠤᠯᠬᠤ ᠶᠤᠮ ᠃

  ᠬᠦᠮᠦᠨ ᠪᠦᠬᠦᠨ 《ᠬᠢᠵᠢᠭ  ᠦᠨ ᠪᠠᠢᠳᠠᠯ ᠪᠤᠯ ᠵᠠᠷᠯᠢᠭ ᠂ ᠬᠢᠵᠢᠭ  ᠢ ᠰᠡᠷᠬᠡᠢᠯᠡᠬᠦ ᠪᠤᠯ ᠬᠠᠷᠢᠭᠤᠴᠠᠯᠭ᠎ᠠ 》 ᠭᠡᠳᠡᠭ  ᠢ ᠬᠦᠨᠵᠡᠬᠡᠢ ᠤᠬᠠᠮᠰᠠᠷᠯᠠᠵᠤ ᠪᠤᠢ ᠪᠠᠴᠢᠮ ᠲᠤᠯᠭᠠᠮ᠎ᠠ ᠴᠠᠭ ᠦᠶ᠎ᠡ ᠳᠦ ᠦᠪᠦᠷ ᠮᠤᠩᠭᠤᠯ ᠦᠨ ᠬᠡᠪᠯᠡᠯ ᠦᠨ ᠪᠦᠯᠦᠭᠯᠡᠯ᠂ ᠦᠪᠦᠷ ᠮᠤᠩᠭᠤᠯ  ᠦᠨ ᠰᠤᠷᠭᠠᠨ ᠬᠦᠮᠦᠵᠢᠯ  ᠦᠨ ᠬᠡᠪᠯᠡᠯ  ᠦᠨ ᠬᠤᠷᠢᠶ᠎ᠠ ᠨᠢ ᠬᠢᠵᠢᠭ ᠢ ᠰᠡᠷᠬᠡᠢᠯᠡᠵᠤ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠦ ᠭᠠᠪᠰᠢᠭᠠᠢᠯᠠᠨ ᠠᠵᠢᠯᠯᠠᠬᠤ ᠨᠢ ᠬᠡᠪᠯᠡᠯ  ᠦᠨ ᠠᠵᠢᠯᠳᠠᠳ  ᠦᠨ ᠨᠡᠢᠬᠡᠮ ᠦᠨ ᠴᠢᠬᠤᠯᠠ ᠬᠠᠷᠢᠭᠤᠴᠠᠯᠭ᠎ᠠ ᠪᠤᠯᠬᠤ ᠪᠡᠨ ᠬᠦᠨᠵᠡᠬᠡᠢ ᠲᠠᠨᠢᠵᠤ᠂ ᠬᠡᠤᠬᠡᠳ ᠪᠠᠭᠠᠴᠤᠳ ᠲᠤ ᠪᠡᠨ ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ ᠦᠨ ᠲᠤᠬᠠᠢ ᠰᠢᠨᠵᠢᠯᠡᠬᠦ ᠤᠬᠠᠭᠠᠨᠴᠢ ᠮᠡᠳᠡᠯᠬᠡ ᠤᠯᠭᠤᠬᠤ ᠵᠢᠨ ᠲᠦᠯᠦᠬᠡ᠂ ᠮᠠᠰᠢ ᠤᠬᠤᠷᠬᠠᠨ ᠬᠤᠭᠤᠴᠠᠭᠠᠨ ᠳᠦ ᠲᠤᠰ ᠨᠤᠮ ᠢ ᠤᠷᠴᠢᠭᠤᠯᠬᠤ ᠵᠢᠨ ᠬᠠᠮᠳᠤ ᠴᠠᠬᠢᠮ ᠨᠤᠮ᠂ ᠰᠤᠨᠤᠰᠳᠠᠭ ᠨᠤᠮ ᠢ ᠬᠢᠵᠤ ᠪᠦᠲᠦᠬᠡᠭᠰᠡᠨ ᠪᠢᠯᠡ᠃

  ᠲᠤᠰ ᠵᠢᠷᠤᠭᠳᠤ ᠨᠤᠮ ᠳᠦ 《ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ ᠬᠡᠵᠤ ᠶᠠᠭᠤ ᠪᠤᠯᠬᠤ᠂ ᠬᠦᠮᠦᠨ ᠲᠦᠷᠦᠯᠬᠢᠳᠡᠨ ᠳᠦ ᠭᠠᠢ ᠭᠠᠮᠰᠢᠭ ᠤᠴᠠᠷᠠᠭᠤᠯᠳᠠᠭ ᠪᠤᠰᠤᠳ ᠬᠡᠯᠪᠡᠷᠢ ᠵᠢᠨ ᠶᠠᠮᠠᠷ ᠶᠠᠮᠠᠷ ᠸᠢᠷᠦ᠋ᠰ ᠪᠠᠢᠳᠠᠭ ᠪᠤᠢ᠂ ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ ᠢ ᠬᠡᠷᠬᠢᠨ ᠰᠡᠷᠬᠡᠢᠯᠡᠬᠦ ᠪᠤᠢ᠂ ᠠᠮᠠᠪᠴᠢ ᠵᠡᠬᠦᠬᠦ ᠳᠦ ᠪᠡᠨ ᠶᠠᠭᠤ ᠶᠢ ᠠᠩᠬᠠᠷᠬᠤ ᠬᠡᠷᠡᠭᠳᠡᠢ ᠪᠤᠢ᠂ ᠭᠠᠷ ᠵᠢᠡᠨ ᠬᠡᠷᠬᠢᠨ ᠵᠦᠪ ᠤᠬᠢᠶᠠᠬᠤ ᠪᠤᠢ᠂ ᠬᠢᠵᠢᠭ ᠢ ᠰᠡᠷᠬᠡᠢᠯᠡᠬᠦ ᠲᠠᠯ᠎ᠠ ᠪᠡᠷ ᠬᠢ ᠵᠠᠷᠢᠮ ᠪᠤᠷᠤᠭᠤ ᠤᠢᠯᠠᠭᠠᠯᠳᠠ ᠨᠤᠭᠤᠳ ᠲᠤ ᠬᠡᠷᠬᠢᠨ ᠵᠦᠪ ᠵᠢᠡᠷ ᠬᠠᠨᠳᠤᠬᠤ ᠪᠤᠢ 》 ᠭᠡᠬᠦ ᠮᠡᠳᠦ ᠵᠢᠨ ᠤᠯᠠᠨ ᠲᠠᠯ᠎ᠠ ᠵᠢᠨ ᠠᠰᠠᠭᠤᠳᠠᠯ ᠢ ᠵᠢᠷᠤᠭᠳᠤ ᠨᠤᠮ ᠦᠨ ᠬᠡᠯᠪᠡᠷᠢ ᠪᠡᠷ ᠬᠠᠮᠤᠭ ᠦᠨ ᠲᠦᠬᠦᠮ ᠵᠢᠡᠷ ᠤᠢᠯᠠᠭᠠᠭᠤᠯᠬᠤ ᠶᠢ ᠵᠤᠷᠢᠵᠤ᠂ ᠰᠤᠨᠤᠰᠳᠠᠭ ᠨᠤᠮ ᠦᠨ ᠬᠡᠯᠪᠡᠷᠢ ᠪᠡᠷ ᠤᠩᠰᠢᠭᠴᠢᠳ ᠲᠤ ᠬᠦᠷᠬᠡᠪᠡ᠃ ᠡᠯ᠎ᠡ ᠬᠡᠪᠯᠡᠯ ᠦ᠋ᠨ ᠬᠣᠷᠢᠶᠠᠨ ᠤ᠋ ᠬᠠᠮᠳᠤ ᠵᠢᠨ ᠴᠢᠷᠮᠠᠢᠯᠭ᠎ᠠ ᠪᠡᠷ ᠪᠦᠲᠦᠬᠡᠭᠰᠡᠨ ᠡᠨᠡ ᠬᠦ᠌ ᠨᠤᠮ ᠮᠠᠨᠢ ᠡᠷᠡᠬᠦᠯ ᠡᠩᠬᠡ ᠵᠢᠨ ᠲᠦᠯᠦᠬᠡ ᠴᠢᠷᠮᠠᠢᠨ ᠵᠢᠳᠬᠦᠵᠤ ᠪᠠᠢᠭ᠎ᠠ ᠬᠦᠮᠦᠨ ᠪᠦᠬᠦᠨ  ᠦ ᠰᠡᠳᠬᠢᠯ ᠳᠦ ᠬᠡᠷᠡᠯ ᠬᠡᠬᠡ ᠤᠯᠭᠤᠵᠤ᠂ ᠪᠢᠳᠡᠨ  ᠦ ᠦᠷ᠎ᠡ ᠬᠡᠤᠬᠡᠳ ᠢ᠋ᠶ᠋ᠠᠨ ᠡᠪᠡᠳᠴᠢᠨ ᠬᠢᠵᠢᠭ ᠦᠨ ᠲᠤᠬᠠᠢ ᠰᠢᠨᠵᠢᠯᠡᠬᠦ ᠤᠬᠠᠭᠠᠨᠴᠢ ᠵᠦᠪ ᠤᠢᠯᠠᠭᠠᠯᠳᠠ ᠲᠠᠢ ᠪᠤᠯᠭᠠᠬᠤ ᠭᠡᠰᠡᠨ ᠶᠤᠮ᠃

  ᠲᠤᠰ ᠨᠤᠮ ᠢ ᠦᠪᠦᠷ ᠮᠤᠩᠭᠤᠯ ᠦᠨ ᠬᠡᠪᠯᠡᠯ ᠦᠨ ᠪᠦᠯᠦᠭᠯᠡᠯ᠂ ᠦᠪᠦᠷ ᠮᠤᠩᠭᠤᠯ ᠦᠨ ᠰᠤᠷᠭᠠᠨ ᠬᠦᠮᠦᠵᠢᠯ ᠦᠨ ᠬᠡᠪᠯᠡᠯ ᠦᠨ ᠬᠤᠷᠢᠶ᠎ᠠ ᠡᠴᠡ ᠦᠪᠦᠷ ᠮᠤᠩᠭᠤᠯ ᠦᠨ ᠦᠪᠡᠷᠳᠡᠬᠡᠨ ᠵᠠᠰᠠᠬᠤ ᠤᠷᠤᠨ ᠦ ᠠᠷᠪᠠᠨ ᠬᠤᠶᠠᠷ ᠠᠢᠮᠠᠭ ᠬᠤᠳᠠ ᠵᠢᠨ ᠦᠨᠳᠦᠰᠦᠳᠡᠨ ᠦ ᠴᠡᠴᠡᠷᠯᠢᠭ ᠪᠠ ᠪᠠᠭ᠎ᠠ ᠰᠤᠷᠭᠠᠭᠤᠯᠢ ᠳᠦ 17000 ᠲᠡᠪᠳᠡᠷ ᠢ ᠶᠠᠮᠠᠷ ᠴᠦ ᠦᠨ᠎ᠡ ᠲᠦᠯᠦᠪᠦᠷᠢ ᠦᠬᠡᠢ ᠪᠡᠷ ᠬᠠᠨᠳᠢᠪᠯᠠᠬᠤ ᠪᠡᠷ ᠪᠤᠯᠵᠤ᠂ ᠬᠠᠮᠤᠭ ᠦᠨ ᠲᠦᠷᠬᠡᠨ ᠬᠤᠷᠳᠤᠴᠠ ᠪᠡᠷ ᠨᠤᠮ ᠢ ᠬᠡᠪᠯᠡᠬᠦᠯᠵᠤ᠂ ᠡᠯ᠎ᠡ ᠠᠢᠮᠠᠭ ᠬᠤᠳᠠ ᠵᠢᠨ ᠰᠤᠷᠭᠠᠨ ᠬᠦᠮᠦᠵᠢᠯ ᠦᠨ ᠲᠤᠪᠴᠢᠶᠠᠨ ᠳᠦ ᠭᠠᠷᠳᠠᠭᠤᠯᠬᠤ ᠪᠤᠯᠤᠨ᠎ᠠ᠃

  ᠲᠤᠰ ᠵᠢᠷᠤᠭᠳᠤ ᠨᠤᠮ ᠢ ᠬᠠᠷᠠᠮᠥ᠋ᠷᠡᠨ ᠮᠤᠵᠢ ᠵᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠦᠨ ᠬᠡᠪᠯᠡᠯ ᠦᠨ ᠬᠤᠷᠢᠶ᠎ᠠ ᠡᠴᠡ ᠨᠠᠢᠷᠠᠭᠤᠯᠤᠨ ᠬᠡᠪᠯᠡᠬᠦᠯᠦᠭᠰᠡᠨ 《ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ ᠢ ᠰᠡᠷᠬᠡᠢᠯᠡᠬᠦ ᠵᠢᠷᠤᠭᠳᠤ ᠨᠤᠮ》 ᠢ ᠦᠨᠳᠦᠰᠦᠯᠡᠵᠤ ᠤᠷᠴᠢᠭᠤᠯᠤᠨ ᠨᠠᠢᠷᠠᠭᠤᠯᠪᠠ᠃

( ᠳᠤᠳᠤᠷᠬᠠᠢᠯᠠᠬᠤ ᠨᠢ᠄ ᠵᠦᠪᠬᠡᠨ iPhone ᠭᠠᠷ ᠤᠳᠠᠰᠤᠨ ᠳᠦ ᠪᠤᠯ ᠴᠠᠬᠢᠮ ᠨᠤᠮ ᠪᠠ ᠰᠤᠨᠤᠰᠳᠠᠭ ᠨᠤᠮ  ᠢ ᠵᠡᠷᠬᠡ ᠪᠡᠷ ᠰᠤᠨᠢᠷᠬᠠᠵᠤ ᠪᠤᠯᠤᠨ᠎ᠠ᠃ Android ᠭᠠᠷ ᠤᠳᠠᠰᠤᠨ ᠳᠦ ᠪᠤᠯ ᠲᠤᠰ ᠲᠤᠰ ᠵᠢᠡᠷ ᠨᠢ ᠰᠤᠨᠢᠷᠬᠠᠵᠤ ᠪᠤᠯᠤᠨ᠎ᠠ ᠃ )

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ