ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠤ᠋ᠨ 2020 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠠᠵᠢᠯ ᠤ᠋ᠨ ᠬᠤᠷᠠᠯ
2020.03.19

2020 ᠣᠨ ᠤ᠋ 3 ᠰᠠᠷ᠎ᠠ ᠶ᠋ᠢᠨ 19  ᠤ᠋ ᠦᠳᠡ ᠶ᠋ᠢᠨ ᠡᠮᠦᠨ᠎ᠡ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ 2020 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠠᠵᠢᠯ ᠤ᠋ᠨ ᠬᠤᠷᠠᠯᠳᠤᠭᠠᠨ ᠢ᠋ ᠬᠤᠷᠠᠯᠳᠤᠭᠤᠯᠵᠦ᠂ ᠬᠡᠪᠯᠡᠯ ᠦ᠋ᠨ ᠪᠦᠯᠦᠭᠯᠡᠯ ᠦ᠋ᠨ 2019 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠠᠵᠢᠯ ᠢ᠋ ᠳ᠋ᠦᠩᠨᠡᠨ᠂ 2020 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠠᠵᠢᠯ ᠤ᠋ᠨ ᠡᠭᠦᠷᠭᠡ ᠳ᠋ᠤ᠌ ᠪᠠᠢᠷᠢᠯᠠᠭᠤᠯᠤᠯᠳᠠ ᠬᠢᠪᠡ᠃ ᠦᠪᠡᠷᠳᠡᠬᠡᠨ ᠵᠠᠰᠠᠬᠤ ᠣᠷᠤᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠤ᠋ᠨ ᠨᠠᠮ ᠤ᠋ᠨ ᠬᠣᠷᠢᠶᠠᠨ ᠤ᠋ ᠤᠬᠠᠭᠤᠯᠬᠤ ᠬᠡᠯᠳᠡᠰ ᠲᠤ᠌ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠡᠳ᠋ ᠳᠠᠷᠤᠭ᠎ᠠ ᠮᠠ ᠵᠢᠶᠦ᠋ᠨ ᠸᠸᠢ᠂ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠬᠤᠷᠠᠯ ᠳ᠋ᠤ᠌ ᠰᠠᠭᠠᠳᠠᠪᠠ᠃ ᠪᠦᠯᠦᠭᠯᠡᠯ ᠦ᠋ᠨ ᠶᠡᠷᠦᠩᠬᠡᠢ ᠨᠠᠢᠷᠠᠭᠤᠯᠤᠭᠴᠢ ᠴᠡᠴᠡᠭ ᠬᠤᠷᠠᠯ ᠡᠷᠬᠢᠯᠡᠵᠦ᠂ ᠪᠦᠯᠦᠭᠯᠡᠯ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠱᠦᠵᠢ ᠯᠢ ᠮᠸᠩ ᡁᠢ ᠠᠵᠢᠯ ᠦ᠋ᠨ ᠬᠠᠷᠢᠭᠤ ᠮᠡᠳᠡᠬᠦᠯᠦᠯᠳᠡ ᠬᠢᠬᠦ ᠶ᠋ᠢᠨ ᠬᠠᠮᠳᠤ᠂ ᠳᠠᠷᠠᠭ᠎ᠠ ᠠᠯᠬᠤᠮ ᠤ᠋ᠨ ᠭᠣᠣᠯᠳᠠᠯᠭ᠎ᠠ ᠲᠠᠢ ᠠᠵᠢᠯ ᠳ᠋ᠤ᠌ ᠪᠠᠢᠷᠢᠯᠠᠭᠤᠯᠤᠯᠳᠠ ᠬᠢᠵᠡᠢ᠃ ᠬᠢᠵᠢᠭ ᠤ᠋ᠨ ᠪᠠᠢᠳᠠᠯ ᠢ᠋ ᠰᠡᠷᠭᠡᠢᠯᠡᠬᠦ᠌ ᠴᠢᠬᠤᠯᠠ ᠱᠠᠭᠠᠷᠳᠠᠯᠭ᠎ᠠ ᠠ᠋ᠴᠠ ᠪᠣᠯᠵᠤ ᠬᠤᠷᠠᠯᠳᠤᠭᠠᠨ ᠢ᠋ ᠭᠣᠣᠯ ᠬᠤᠷᠠᠯ ᠤ᠋ᠨ ᠳᠠᠯᠠᠪᠠᠢ ᠪᠣᠯᠤᠨ ᠬᠤᠪᠢᠶᠠᠷᠢ ᠬᠤᠷᠠᠯ ᠤ᠋ᠨ ᠳᠠᠯᠠᠪᠠᠢ ᠬᠤᠪᠢᠶᠠᠵᠦ ᠬᠤᠷᠠᠯ ᠤ᠋ᠨ ᠠᠭᠤᠯᠭ᠎ᠠ ᠶ᠋ᠢ ᠰᠦᠯᠵᠢᠶ᠎ᠡ ᠪᠠᠷ ᠳᠠᠮᠵᠢᠭᠤᠯᠤᠨ ᠡᠯ᠎ᠡ ᠬᠤᠪᠢᠶᠠᠷᠢ ᠬᠤᠷᠠᠯ ᠤ᠋ᠨ ᠳᠠᠯᠠᠪᠠᠢ ᠳ᠋ᠤ᠌ ᠰᠢᠭᠤᠳ ᠨᠡᠪᠳᠡᠷᠡᠬᠦᠯᠵᠡᠢ

 

 

            ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠱᠦᠵᠢ
            ᠬᠡᠷᠡᠭ ᠮᠡᠳᠡᠭᠴᠢᠳ ᠦ᠋ᠨ ᠳᠠᠷᠤᠭ᠎ᠠ   ᠱᠤᠸᠠᠩ ᠯᠦᠩ

  

 

            ᠦᠪᠡᠷᠳᠡᠬᠡᠨ ᠵᠠᠰᠠᠬᠤ ᠣᠷᠤᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ
            ᠬᠢᠨᠠᠨ ᠪᠠᠢᠴᠠᠭᠠᠬᠤ ᠵᠥᠪᠯᠡᠯ ᠤ᠋ᠨ ᠨᠠᠮ ᠤ᠋ᠨ ᠬᠣᠷᠢᠶᠠᠨ ᠤ᠋ ᠤᠬᠠᠭᠤᠯᠬᠤ
            ᠬᠡᠯᠳᠡᠰ ᠲᠤ᠌ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ
            ᠳᠤᠭᠤᠢᠯᠠᠩ ᠤ᠋ᠨ ᠳᠡᠳ᠋ ᠳᠠᠷᠤᠭ᠎ᠠ   ᠮᠠ ᠵᠢᠶᠦ᠋ᠨ ᠸᠸᠢ

  

 

  ᠯᠢ ᠮᠸᠩ ᡁᠢ ᠶᠠᠷᠢᠭᠰᠠᠨ ᠨᠢ᠂ 2019 ᠣᠨ ᠳ᠋ᠤ᠌ ᠦᠪᠡᠷᠳᠡᠬᠡᠨ ᠵᠠᠰᠠᠬᠤ ᠣᠷᠤᠨ ᠤ᠋ ᠰᠠᠬᠢᠯᠭ᠎ᠠ ᠪᠠᠳᠤ ᠪᠠᠢᠴᠠᠭᠠᠬᠤ ᠬᠣᠷᠢᠶ᠎ᠠ ᠪᠣᠯᠤᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ ᠪᠦᠯᠦᠭᠯᠡᠯ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶ᠎ᠠ ᠨᠢ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠵᠤ᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠪᠣᠯᠤᠨ ᠦᠪᠡᠷᠳᠡᠬᠡᠨ ᠵᠠᠰᠠᠬᠤ ᠣᠷᠤᠨ ᠤ᠋ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠳᠠᠪᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠬᠦᠨᠵᠡᠬᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠦ᠂《ᠳᠥᠷᠪᠡᠨ ᠤᠬᠠᠮᠰᠠᠷ》 ᠢ᠋ ᠴᠢᠩᠭᠠᠳᠭᠠᠨ᠂ 《ᠳᠥᠷᠪᠡᠨ ᠢᠳᠡᠭᠡᠯ》 ᠢ᠋ ᠪᠠᠲᠤᠵᠢᠭᠤᠯᠵᠤ᠂《ᠬᠤᠶᠠᠷ ᠢ᠋ ᠬᠠᠮᠠᠭᠠᠯᠠᠬᠤ》 ᠶ᠋ᠢ ᠦᠨᠡᠨᠴᠢ ᠪᠡᠷ ᠦᠢᠯᠡᠳᠦᠯᠭᠡᠵᠢᠭᠦᠯᠵᠦ ᠯᠠᠪᠳᠠᠭᠤᠨ ᠪᠠᠳᠤᠳᠠᠢ ᠤᠷᠤᠬᠰᠢᠯᠠᠬᠤ ᠠᠵᠢᠯ ᠤ᠋ᠨ ᠵᠠᠷᠴᠢᠮ ᠢ᠋ ᠪᠠᠷᠢᠮᠳᠠᠯᠠᠵᠤ᠂ ᠨᠠᠮ ᠤ᠋ᠨ ᠳᠦᠷᠢᠮ ᠪᠣᠯᠤᠨ ᠦᠨᠳᠦᠰᠦᠨ ᠬᠠᠤᠯᠢ ᠡᠴᠡ ᠣᠯᠭᠤᠭᠰᠠᠨ ᠬᠢᠨᠠᠯᠳᠠ ᠳᠠᠯᠪᠢᠬᠤ ᠳᠤᠰᠢᠶᠠᠯ ᠬᠠᠷᠢᠭᠤᠴᠠᠯᠭ᠎ᠠ ᠶ᠋ᠢ ᠦᠨᠡᠨᠴᠢ ᠪᠡᠷ ᠬᠦᠢᠴᠡᠳᠬᠡᠵᠦ᠂ ᠨᠠᠮ ᠤ᠋ᠨ ᠤᠯᠤᠰ ᠳᠦᠷᠦ ᠶ᠋ᠢᠨ ᠪᠦᠳᠦᠬᠡᠨ ᠪᠠᠢᠭᠤᠯᠤᠯᠳᠠ ᠪᠡᠷ ᠶᠡᠷᠦᠩᠬᠡᠢ ᠵᠢᠯᠤᠭᠤᠳᠤᠯᠭ᠎ᠠ ᠪᠣᠯᠭᠠᠨ᠂ ᠨᠠᠮ ᠡᠴᠡ ᠨᠠᠮ ᠢ᠋ ᠬᠠᠮᠢᠶᠠᠷᠬᠤ ᠪᠠ ᠨᠠᠮ ᠢ᠋ ᠪᠦᠬᠦ ᠲᠠᠯ᠎ᠠ ᠪᠡᠷ ᠴᠢᠩᠭ᠎ᠠ ᠵᠠᠰᠠᠬᠤ ᠶ᠋ᠢ ᠠᠬᠢᠭᠤᠯᠤᠨ᠂《ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ》ᠭᠣᠣᠯ ᠰᠡᠳᠦᠪᠳᠤ ᠬᠥᠮᠦᠵᠢᠯ ᠢ᠋ ᠥᠷᠨᠢᠭᠦᠯᠵᠦ᠂ ᠬᠡᠪ ᠰᠤᠷᠳᠠᠯ ᠢ᠋ ᠲᠦᠪᠰᠢᠷᠡᠭᠦᠯᠦᠨ ᠰᠠᠬᠢᠯᠭ᠎ᠠ ᠪᠠᠳᠤ ᠶ᠋ᠢ ᠴᠢᠩᠭᠠᠳᠭᠠᠬᠤ ᠶ᠋ᠢ ᠭᠤᠢᠪᠢᠰᠢ ᠦᠭᠡᠢ ᠪᠠᠷᠢᠮᠳᠠᠯᠠᠵᠦ᠂ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢ ᠬᠠᠮᠵᠢᠨ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠪᠣᠯᠤᠨ ᠢᠯᠵᠡᠷᠡᠯ ᠢ᠋ ᠡᠰᠡᠷᠭᠦᠴᠡᠬᠦ ᠠᠵᠢᠯ ᠢ᠋ ᠬᠦᠨᠵᠡᠬᠡᠢᠷᠡᠬᠦᠯᠵᠦ᠂ ᠲᠥᠪ ᠴᠢᠬᠡᠴᠢ ᠬᠡᠪ ᠰᠤᠷᠳᠠᠯ ᠪᠦᠬᠦᠢ ᠤᠯᠤᠰ ᠳᠦᠷᠦ ᠶ᠋ᠢᠨ ᠠᠮᠢ ᠠᠬᠤᠢ ᠪᠣᠯᠤᠨ ᠠᠵᠢᠯ ᠳ᠋ᠤ᠌ ᠪᠠᠨ ᠰᠢᠮᠳᠠᠵᠦ ᠦᠢᠯᠡᠰ ᠪᠣᠰᠭᠠᠬᠤ ᠰᠠᠢᠨ ᠰᠠᠢᠬᠠᠨ ᠣᠷᠴᠢᠨ ᠲᠣᠭᠤᠷᠢᠨ ᠢ᠋ ᠢᠳᠡᠪᠬᠢᠳᠡᠢ ᠪᠡᠷ ᠴᠣᠭᠴᠠᠯᠠᠪᠠ᠃

 

 

            ᠪᠦᠯᠦᠭᠯᠡᠯ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠱᠦᠵᠢ

            ᠯᠢ ᠮᠸᠩ ᡁᠢ ᠠᠵᠢᠯ ᠦ᠋ᠨ ᠮᠡᠳᠡᠬᠦᠯᠦᠯᠳᠡ ᠬᠢᠪᠡ

 

            ᠪᠦᠯᠦᠭᠯᠡᠯ ᠦ᠋ᠨ ᠶᠡᠷᠦᠩᠬᠡᠢ ᠨᠠᠢᠷᠠᠭᠤᠯᠤᠭᠴᠢ ᠴᠡᠴᠡᠭ ᠬᠤᠷᠠᠯ ᠡᠷᠬᠢᠯᠡᠪᠡ

 

  ᠪᠦᠯᠦᠭᠯᠡᠯ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠱᠦᠵᠢ ᠯᠢ ᠮᠸᠩ ᡁᠢ᠂ 2019 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠪᠦᠬᠦ ᠲᠠᠯ᠎ᠠ ᠪᠡᠷ ᠳ᠋ᠦᠩᠨᠡᠭᠰᠡᠨ ᠰᠠᠭᠤᠷᠢᠨ ᠳᠡᠭᠡᠷ᠎ᠡ 2020 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠳᠠ ᠵᠢᠴᠢ ᠪᠦᠯᠦᠭᠯᠡᠯ ᠦ᠋ᠨ ᠰᠠᠬᠢᠯᠭ᠎ᠠ ᠪᠠᠲᠤ ᠪᠠᠢᠴᠠᠭᠠᠬᠤ ᠠᠵᠢᠯ ᠳ᠋ᠤ᠌ ᠪᠠᠢᠷᠢᠯᠠᠭᠤᠯᠤᠯᠳᠠ ᠬᠢᠵᠡᠢ᠃ 2020 ᠣᠨ ᠳ᠋ᠤ᠌ ᠪᠦᠯᠦᠭᠯᠡᠯ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠨᠢ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠦ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠵᠦ᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯ ᠪᠣᠯᠤᠨ ᠦᠪᠡᠷᠳᠡᠬᠡᠨ ᠵᠠᠰᠠᠬᠤ ᠣᠷᠤᠨ ᠤ᠋ ᠰᠠᠬᠢᠯᠭ᠎ᠠ ᠪᠠᠳᠤ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠬᠦᠨᠵᠡᠬᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠦ᠂《ᠳᠥᠷᠪᠡᠨ ᠤᠬᠠᠮᠰᠠᠷ》  ᠢ᠋ ᠴᠢᠩᠭᠠᠳᠭᠠᠨ᠂《ᠳᠥᠷᠪᠡᠨ ᠢᠳᠡᠭᠡᠯ》 ᠢ᠋ ᠪᠠᠲᠤᠵᠢᠭᠤᠯᠵᠤ᠂ 《ᠬᠤᠶᠠᠷ ᠢ᠋ ᠬᠠᠮᠠᠭᠠᠯᠠᠬᠤ》 ᠶ᠋ᠢ ᠦᠨᠡᠨᠴᠢ ᠪᠠᠷ ᠦᠢᠯᠡᠳᠦᠯᠭᠡᠵᠢᠭᠦᠯᠵᠦ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢ ᠬᠠᠮᠵᠢᠨ ᠨᠠᠮ ᠢ᠋ ᠪᠦᠬᠦ ᠲᠠᠯ᠎ᠠ ᠪᠡᠷ ᠴᠢᠩᠭ᠎ᠠ ᠵᠠᠰᠠᠬᠤ ᠶ᠋ᠢ ᠬᠦᠨᠵᠡᠬᠡᠢᠷᠡᠬᠦᠯᠦᠨ᠂ ᠳᠡᠭᠡᠷ᠎ᠡ ᠱᠠᠳᠤᠨ ᠤ᠋ ᠠᠵᠢᠯ ᠤ᠋ᠨ ᠪᠠᠢᠷᠢᠯᠠᠭᠤᠯᠤᠯᠳᠠ ᠶ᠋ᠢ ᠨᠠᠢᠳᠠᠪᠤᠷᠢᠵᠢᠭᠤᠯᠵᠦ᠂ ᠤᠯᠤᠰ ᠳᠦᠷᠦ ᠶ᠋ᠢᠨ ᠵᠣᠭᠰᠤᠴᠠ ᠪᠠᠨ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠰᠠᠬᠢᠵᠦ᠂ ᠨᠠᠷᠢᠨ ᠣᠨᠤᠪᠴᠢᠲᠠᠢ ᠬᠢᠨᠠᠯᠳᠠ ᠳᠠᠯᠪᠢᠵᠦ᠂ ᠰᠠᠬᠢᠯᠭ᠎ᠠ ᠪᠠᠲᠦ ᠬᠢᠨᠠᠨ ᠪᠠᠢᠴᠠᠭᠠᠬᠤ ᠪᠠᠢᠭᠤᠯᠤᠮᠵᠢ ᠶ᠋ᠢᠨ ᠦᠬᠡᠷᠡᠴᠢᠯᠡᠯᠳᠡ ᠶ᠋ᠢ ᠤᠯᠠᠮ ᠬᠦᠨᠵᠡᠬᠡᠢᠷᠡᠬᠦᠯᠵᠦ᠂ ᠪᠦᠯᠦᠭᠯᠡᠯ ᠤ᠋ᠨ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠦᠷᠭᠦᠯᠵᠢᠯᠡᠨ ᠨᠡᠩ ᠴᠢᠨᠠᠷᠳᠠᠢ ᠬᠥᠭᠵᠢᠭᠦᠯᠦᠨ᠎ᠡ》ᠭᠡᠪᠡ᠃

  ᠬᠤᠷᠠᠯᠳᠤᠭᠠᠨ ᠡᠴᠡ《ᠪᠦᠯᠦᠭᠯᠡᠯ ᠦ᠋ᠨ ᠰᠠᠬᠢᠯᠭ᠎ᠠ ᠪᠠᠳᠤ ᠪᠠᠢᠴᠠᠭᠠᠬᠤ ᠺᠠᠳ᠋ᠷᠴᠤᠳ ᠡᠷᠬᠡᠪᠰᠢ ᠤᠯᠤᠰ ᠳᠦᠷᠦ ᠶ᠋ᠢᠨ ᠤᠬᠠᠮᠰᠠᠷ ᠢ᠋ᠶ᠋ᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠢᠨᠠᠯᠳᠠ ᠳᠠᠯᠪᠢᠬᠤ ᠠᠵᠢᠯ ᠢ᠋ ᠦᠨᠡᠨ ᠪᠤᠳᠠᠳᠠᠢ᠂ ᠨᠠᠷᠢᠨ ᠨᠢᠬᠳᠠ ᠬᠢᠵᠦ᠂ ᠨᠠᠷᠢᠨ ᠤᠨᠤᠴᠠᠳᠠᠢ᠂ ᠪᠦᠳᠦᠬᠡᠯᠴᠢ ᠰᠢᠨᠡᠴᠢᠯᠡᠯ ᠲᠠᠢ ᠪᠡᠷ ᠬᠢᠨᠠᠯᠳᠠ ᠳᠠᠯᠪᠢᠵᠦ᠂ ᠡᠭᠦᠷᠭᠡᠯᠡᠨ ᠳᠠᠭᠠᠭᠠᠬᠤ ᠵᠣᠷᠢᠭ ᠰᠠᠨᠠᠭ᠎ᠠ ᠶ᠋ᠢ ᠴᠢᠩᠭᠠᠳᠭᠠᠨ᠂ᠠᠵᠢᠯ ᠤ᠋ᠨ ᠴᠢᠳᠠᠪᠤᠷᠢ ᠪᠠᠨ ᠳᠡᠭᠡᠭᠰᠢᠯᠡᠭᠦᠯᠵᠦ᠂ ᠬᠡᠪᠯᠡᠯ ᠦ᠋ᠨ ᠪᠦᠯᠦᠭᠯᠡᠯ ᠦ᠋ᠨ 2020 ᠣᠨ ᠤ᠋ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠦᠨᠡᠨ ᠬᠦ᠌ ᠰᠠᠢᠳᠤᠷ ᠬᠢᠵᠦ᠂ ᠬᠡᠪᠯᠡᠯ ᠦ᠋ᠨ ᠪᠦᠯᠦᠭᠯᠡᠯ ᠦ᠋ᠨ ᠤᠯᠠᠮ ᠰᠠᠢᠨ ᠬᠥᠭᠵᠢᠭᠦ ᠳ᠋ᠤ᠌ ᠪᠠᠲᠦ ᠴᠢᠩᠭ᠎ᠠ ᠰᠠᠬᠢᠯᠭ᠎ᠠ ᠪᠠᠳᠤ ᠶ᠋ᠢᠨ ᠪᠠᠳᠤᠯᠠᠭ᠎ᠠ ᠬᠠᠩᠭ᠋ᠠᠰᠤᠭᠠᠢ》 ᠭᠡᠮᠡᠨ ᠴᠢᠬᠤᠯᠠᠴᠢᠯᠠᠪᠠ᠃

                (ᠵᠣᠬᠢᠶᠠᠭᠴᠢ᠄ᠲᠡᠷᠭᠡᠯ)

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ