ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ 2020 ᠣᠨ ᠤ᠋ ᠡᠵᠡᠩᠨᠡᠯᠲᠡ  ᠶ᠋ᠢᠨ ᠠᠵᠢᠯ  ᠤ᠋ᠨ ᠬᠤᠷᠠᠯ ᠬᠤᠷᠠᠯᠳᠤᠭᠤᠯᠪᠠ
2020.03.20

  2020 ᠣᠨ ᠤ᠋ 3 ᠰᠠᠷ᠎ᠠ ᠶ᠋ᠢᠨ 19 ᠤ᠋ ᠡᠳᠦᠷ ᠦ᠋ᠨ ᠦᠳᠡ ᠶ᠋ᠢᠨ ᠬᠣᠢᠨ᠎ᠠ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ 2020 ᠣᠨ ᠤ᠋ ᠡᠵᠡᠩᠨᠡᠯᠲᠡ ᠶ᠋ᠢᠨ ᠠᠵᠢᠯ ᠤ᠋ᠨ ᠬᠤᠷᠠᠯ ᠬᠤᠷᠠᠯᠳᠤᠭᠤᠯᠪᠠ᠃ ᠲᠤᠰ ᠤᠳᠠᠭᠠᠨ ᠤ᠋ ᠬᠤᠷᠠᠯ ᠨᠢ ᠬᠢᠵᠢᠭ ᠢ᠋ ᠰᠡᠷᠭᠡᠢᠯᠡᠬᠦ ᠪᠤᠳᠠᠳᠤ ᠪᠠᠢᠳᠠᠯ ᠲᠠᠢ ᠤᠶᠠᠯᠳᠤᠭᠤᠯᠤᠨ ᠳᠦᠷᠰᠦ ᠰᠢᠩᠭᠡᠭᠡᠯᠲᠡ ᠶ᠋ᠢᠨ ᠬᠤᠷᠠᠯ ᠤ᠋ᠨ ᠬᠡᠯᠪᠡᠷᠢ ᠪᠡᠷ ᠶᠠᠪᠤᠭᠳᠠᠭᠤᠯᠵᠤ᠂ ᠭᠣᠣᠯ ᠬᠤᠷᠠᠯ ᠤ᠋ᠨ ᠲᠠᠯᠠᠪᠠᠢ ᠠ᠋ᠴᠠ ᠭᠠᠳᠠᠨ᠎ᠠ ᠪᠠᠰᠠ ᠲᠠᠪᠤᠨ ᠬᠤᠪᠢᠶᠠᠷᠢ ᠬᠤᠷᠠᠯ ᠤ᠋ᠨ ᠲᠠᠯᠠᠪᠠᠢ ᠲᠣᠬᠢᠷᠠᠭᠤᠯᠤᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ ᠤᠳᠤᠷᠢᠳᠤᠯᠭ᠎ᠠ᠂ ᠪᠦᠯᠦᠭᠯᠡᠯ ᠦ᠋ᠨ ᠤᠳᠤᠷᠢᠳᠬᠤ ᠪᠠᠭ ᠤ᠋ᠨ ᠭᠡᠰᠢᠭᠦᠨ᠂ ᠪᠦᠯᠦᠭᠯᠡᠯ ᠦ᠋ᠨ ᠶᠡᠷᠦᠩᠬᠡᠢ ᠵᠠᠬᠢᠷᠭᠠᠨ ᠤ᠋ ᠺᠠᠲᠷ ᠠᠵᠢᠯᠲᠠᠨ᠂ ᠪᠦᠯᠦᠭᠯᠡᠯ ᠦ᠋ᠨ ᠬᠥᠬᠡᠬᠣᠲᠠ ᠳ᠋ᠤ᠌ ᠰᠠᠭᠤᠭ᠎ᠠ ᠪᠠᠢᠭᠤᠯᠭ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠨ ᠨᠠᠷ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠤᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ᠂ ᠪᠠᠭᠠᠴᠤᠳ ᠬᠡᠦᠬᠡᠳ ᠦ᠋ᠨ ᠬᠡᠪᠯᠡᠯ ᠤ᠋ᠨ ᠬᠣᠷᠢᠶ᠎ᠠ᠂ ᠰᠣᠶᠤᠯ ᠤ᠋ᠨ ᠬᠡᠪᠯᠡᠯ ᠦ᠋ᠨ ᠬᠣᠷᠢᠶ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠨ᠂ ᠬᠠᠷᠢᠶ᠎ᠠ ᠪᠠᠢᠭᠤᠯᠭ᠎ᠠ ᠶ᠋ᠢᠨ ᠬᠠᠮᠢᠶ᠎ᠠ ᠪᠦᠬᠦᠢ ᠲᠠᠰᠤᠭ ᠤ᠋ᠨ ᠬᠠᠷᠢᠭᠤᠴᠠᠯᠭᠠᠲᠠᠨ ᠨᠠᠷ ᠲᠠᠪᠤᠨ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠲᠤᠰ ᠲᠤᠰ ᠬᠤᠷᠠᠯ ᠳ᠋ᠤ᠌ ᠣᠷᠤᠯᠴᠠᠵᠠᠢ᠃ ᠬᠤᠷᠠᠯ ᠢ᠋ ᠬᠡᠪᠯᠡᠯ ᠦ᠋ᠨ ᠪᠦᠯᠦᠭᠯᠡᠯ ᠤ᠋ᠨ ᠶᠡᠷᠦᠩᠬᠡᠢ ᠨᠠᠢᠷᠠᠭᠤᠯᠤᠭᠴᠢ ᠴᠡᠴᠡᠭ ᠡᠷᠭᠢᠯᠡᠵᠦ᠂ ᠨᠠᠮ ᠤ᠋ᠨ ᠬᠣᠷᠢᠶᠠᠨ ᠤ᠋ ᠳᠡᠳ᠋ ᠱᠦᠵᠢ᠂ ᠶᠡᠷᠦᠩᠬᠡᠢ ᠳᠠᠭᠠᠭᠠᠮᠠᠯ ᠽᠧᠩ ᠬᠠᠨ  ᠬᠡᠪᠯᠡᠯ ᠦ᠋ᠨ ᠪᠦᠯᠦᠭᠯᠡᠯ ᠦ᠋ᠨ 2019 ᠣᠨ ᠤ᠋ ᠡᠵᠡᠩᠨᠡᠯᠲᠡ ᠶ᠋ᠢᠨ ᠠᠵᠢᠯ ᠢ᠋ ᠳ᠋ᠦᠩᠨᠡᠵᠦ᠂ 2020 ᠣᠨ ᠤ᠋ ᠭᠣᠣᠯᠳᠠᠯᠭ᠎ᠠ ᠲᠠᠢ ᠡᠵᠡᠩᠨᠡᠯᠲᠡ ᠶ᠋ᠢᠨ ᠠᠵᠢᠯ ᠢ᠋ ᠪᠠᠢᠷᠢᠯᠠᠭᠤᠯᠵᠤ᠂ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠡᠭᠦᠷ ᠦ᠋ᠨ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠳ᠋ᠦᠩᠨᠡᠯᠲᠡ ᠶ᠋ᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ ᠳᠡᠳ᠋ ᠬᠡᠯᠲᠡᠰ ᠦ᠋ᠨ ᠳᠠᠷᠤᠭ᠎ᠠ ᠬᠠᠨ ᠶᠦᠨ ᠰᠢᠶᠠᠩ ᠴᠢᠬᠤᠯᠠ ᠶᠠᠷᠢᠶ᠎ᠠ ᠲᠠᠯᠪᠢᠪᠠ᠃

 

 

  ᠪᠦᠯᠦᠭᠯᠡᠯ ᠦ᠋ᠨ ᠶᠡᠷᠦᠩᠬᠡᠢ ᠳᠠᠭᠠᠭᠠᠮᠠᠯ ᠽᠧᠩ ᠬᠠᠨ 2019 ᠣᠨ ᠤ᠋ ᠡᠵᠡᠩᠨᠡᠯᠲᠡ ᠶ᠋ᠢᠨ ᠠᠵᠢᠯ ᠢ᠋ ᠪᠦᠬᠦ ᠲᠠᠯ᠎ᠠ ᠪᠠᠷ ᠡᠷᠭᠢᠴᠡᠭᠦᠯᠵᠦ᠂ ᠡᠯ᠎ᠡ ᠲᠠᠯ᠎ᠠ ᠶ᠋ᠢᠨ ᠠᠵᠢᠯ ᠤ᠋ᠨ ᠭᠢᠯᠠᠯᠵᠠᠭᠰᠠᠨ ᠠᠮᠵᠢᠯᠲᠠ ᠶ᠋ᠢ ᠳ᠋ᠦᠩᠨᠡᠵᠦ᠂ ᠣᠷᠤᠰᠢᠵᠤ ᠪᠠᠢᠭ᠎ᠠ ᠠᠰᠠᠭᠤᠳᠠᠯ ᠢ᠋ ᠵᠠᠳᠠᠯᠤᠭᠰᠠᠨ ᠤ᠋ ᠰᠠᠭᠤᠷᠢᠨ ᠳᠡᠭᠡᠷ᠎ᠡ᠂ 2020 ᠣᠨ ᠤ᠋ ᠭᠣᠣᠯᠳᠠᠯᠭ᠎ᠠ ᠲᠠᠢ ᠠᠵᠢᠯ ᠢ᠋ ᠬᠡᠪᠯᠡᠯ ᠦ᠋ᠨ ᠭᠣᠣᠯᠯᠠᠬᠤ ᠦᠢᠯᠡᠰ ᠦ᠋ᠨ ᠪᠠᠢᠭᠤᠯᠤᠯᠲᠠ᠂ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ᠂ ᠣᠯᠠᠨ ᠡᠰᠢᠲᠦ ᠠᠵᠤ ᠦᠢᠯᠡᠰ ᠦ᠋ᠨ ᠪᠠᠢᠭᠤᠯᠤᠯᠲᠠ᠂ ᠡᠩᠨᠡᠭᠡᠨ ᠦ᠌ ᠪᠠᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠲᠠᠪᠤᠨ ᠲᠠᠯ᠎ᠠ ᠪᠠᠷ ᠨᠠᠷᠢᠨ ᠪᠠᠢᠷᠢᠯᠠᠭᠤᠯᠵᠤ᠂ ᠬᠡᠪᠯᠡᠯ ᠦ᠋ᠨ ᠪᠦᠯᠦᠭᠯᠡᠯ ᠦ᠋ᠨ ᠥᠭᠡᠷᠡᠴᠢᠯᠡᠯᠲᠡ ᠬᠥᠭᠵᠢᠯᠲᠡ ᠶ᠋ᠢᠨ ᠰᠢᠨ᠎ᠡ ᠬᠠᠭᠤᠳᠠᠰᠤ ᠶ᠋ᠢ ᠪᠢᠴᠢᠭᠯᠡᠨ᠂ ᠪᠦᠬᠦ ᠲᠠᠯ᠎ᠠ ᠪᠠᠷ ᠴᠢᠨᠡᠭᠡᠯᠢᠭ ᠨᠡᠢᠭᠡᠮ ᠢ᠋ ᠪᠠᠢᠭᠤᠯᠬᠤ ᠳ᠋ᠤ᠌ ᠰᠣᠶᠤᠯ ᠤ᠋ᠨ ᠲᠠᠯ᠎ᠠ ᠪᠠᠷ ᠬᠦᠴᠦᠨ ᠢ᠋ᠶ᠋ᠡᠨ ᠡᠷᠭᠦᠰᠦᠭᠡᠢ ᠭᠡᠵᠦ ᠤᠷᠢᠶᠠᠯᠠᠪᠠ᠃

  ᠪᠦᠯᠦᠭᠯᠡᠯ ᠦ᠋ᠨ ᠨᠠᠮ ᠤ᠋ᠨ ᠡᠭᠦᠷ ᠦ᠋ᠨ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠶᠠᠷᠢᠶᠠᠨ ᠳ᠋ᠤ᠌ ᠪᠠᠨ ᠬᠡᠪᠯᠡᠯ ᠦ᠋ᠨ ᠪᠦᠯᠦᠭᠯᠡᠯ ᠪᠠᠢᠭᠤᠯᠤᠭᠳᠠᠭᠰᠠᠨ ᠠᠷᠪᠠᠨ ᠵᠢᠯ ᠤ᠋ᠨ ᠬᠥᠭᠵᠢᠯᠲᠡ ᠶ᠋ᠢᠨ ᠪᠠᠢᠳᠠᠯ ᠢ᠋ ᠡᠷᠭᠢᠴᠡᠭᠦᠯᠵᠦ᠂ ᠥᠩᠭᠡᠷᠡᠭᠰᠡᠨ ᠦ᠌ ᠠᠵᠢᠯ ᠢ᠋ ᠲᠠᠪᠤᠨ ᠲᠠᠯ᠎ᠠ ᠪᠠᠷ ᠬᠣᠷᠢᠶᠠᠨ ᠳ᠋ᠦᠩᠨᠡᠵᠦ᠂ ᠴᠠᠭ ᠤ᠋ᠨ ᠪᠠᠢᠳᠠᠯ ᠪᠠ ᠬᠡᠪᠯᠡᠯ ᠦ᠋ᠨ ᠦᠢᠯᠡᠰ ᠦ᠋ᠨ ᠪᠣᠳᠠᠲᠠᠢ ᠪᠠᠢᠳᠠᠯ ᠳ᠋ᠤ᠌ ᠭᠦᠨᠵᠢᠭᠡᠢ ᠵᠠᠳᠠᠯᠤᠯᠲᠠ ᠬᠢᠵᠦ᠂ 2020 ᠣᠨ ᠤ᠋ ᠪᠦᠬᠦ ᠲᠠᠯ᠎ᠠ ᠶ᠋ᠢᠨ ᠠᠵᠢᠯ ᠤ᠋ᠨ ᠡᠭᠦᠷᠭᠡ ᠪᠠ ᠬᠠᠷᠠᠯᠲᠠ ᠶ᠋ᠢ ᠴᠢᠬᠤᠯᠠᠴᠢᠯᠠᠨ ᠪᠠᠢᠷᠢᠯᠠᠭᠤᠯᠵᠤ᠂ ᠥᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠡᠷ ᠬᠢᠵᠢᠭ ᠢ᠋ ᠰᠡᠷᠭᠡᠢᠯᠡᠬᠦ ᠠᠵᠢᠯ ᠢ᠋ ᠦᠷᠭᠦᠯᠵᠢᠯᠡᠨ ᠰᠠᠢᠲᠤᠷ ᠬᠢᠵᠦ᠂ ᠨᠠᠮ ᠤ᠋ᠨ ᠪᠠᠢᠭᠤᠯᠤᠯᠲᠠ ᠶ᠋ᠢᠨ ᠠᠵᠢᠯ ᠪᠠ ᠰᠤᠷᠳᠠᠯ ᠤ᠋ᠨ ᠪᠠᠢᠭᠤᠯᠤᠯᠲᠠ ᠶ᠋ᠢᠨ ᠠᠵᠢᠯ ᠢ᠋ ᠦᠷᠭᠦᠯᠵᠢᠯᠡᠨ ᠴᠢᠩᠭᠠᠳᠭᠠᠨ᠂ ᠡᠵᠡᠩᠨᠡᠯᠲᠡ ᠶ᠋ᠢᠨ ᠠᠵᠢᠯ ᠤ᠋ᠨ ᠲᠣᠭᠲᠠᠭᠤᠨ ᠢ᠋ᠶ᠋ᠠᠷ ᠦᠷᠭᠦᠯᠵᠢᠯᠡᠨ ᠬᠥᠭᠵᠢᠬᠦ ᠬᠠᠨᠳᠤᠰᠢ ᠶ᠋ᠢ ᠪᠠᠲᠤᠯᠠᠬᠤ ᠶ᠋ᠢ ᠱᠠᠭᠠᠷᠳᠠᠵᠤ᠂ ᠪᠣᠳᠠᠲᠠᠢ ᠠᠵᠢᠯᠯᠠᠭ᠎ᠠ ᠪᠠᠷ ᠢ᠋ᠶ᠋ᠡᠨ ᠪᠦᠬᠦ ᠲᠠᠯ᠎ᠠ ᠪᠠᠷ ᠶᠠᠳᠠᠭᠤ ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠤ᠋ ᠢᠯᠠᠯᠲᠠ ᠪᠠ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠠᠢᠭᠤᠯᠬᠤ ᠳ᠋ᠤ᠌ ᠬᠤᠪᠢ ᠨᠡᠮᠡᠷᠢ ᠪᠡᠨ ᠦᠵᠡᠭᠦᠯᠦᠶ᠎ᠡ ᠭᠡᠵᠡᠢ᠃ ᠱᠤᠸᠠᠩ ᠯᠦᠩ ᠱᠦᠵᠢ ᠶ᠋ᠢᠨ ᠶᠠᠷᠢᠶ᠎ᠠ ᠨᠢ ᠬᠡᠪᠯᠡᠯ ᠦ᠋ᠨ ᠪᠦᠯᠦᠭᠯᠡᠯ ᠵᠢᠴᠢ ᠬᠠᠷᠢᠶ᠎ᠠ ᠪᠠᠢᠭᠤᠯᠭ᠎ᠠ ᠶ᠋ᠢᠨ 2020 ᠣᠨ ᠤ᠋ ᠠᠵᠢᠯ ᠢ᠋ ᠥᠷᠨᠢᠭᠦᠯᠬᠦ ᠳ᠋ᠤ᠌ ᠴᠢᠬᠤᠯᠠ ᠵᠢᠭᠠᠪᠤᠷᠢ ᠬᠠᠩᠭᠠᠵᠠᠢ᠃

 

 

  ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠦ᠋ᠨ ᠳᠡᠳ᠋ ᠬᠡᠯᠲᠡᠰ ᠦ᠋ᠨ ᠳᠠᠷᠤᠭ᠎ᠠ ᠬᠠᠨ ᠶᠦᠨ ᠰᠢᠶᠠᠩ ᠶᠠᠷᠢᠶᠠᠨ ᠳ᠋ᠤ᠌ ᠪᠠᠨ ᠬᠡᠪᠯᠡᠯ ᠦ᠋ᠨ ᠪᠦᠯᠦᠭᠯᠡᠯ ᠦ᠋ᠨ 2019  ᠤᠨ ᠤ᠋ ᠠᠵᠢᠯ ᠤ᠋ᠨ ᠠᠮᠵᠢᠯᠲᠠ ᠶ᠋ᠢ ᠭᠤᠷᠪᠠᠨ ᠲᠠᠯ᠎ᠠ ᠪᠠᠷ ᠥᠨᠳᠦᠷ ᠦᠨᠡᠯᠡᠨ᠂ ᠣᠨᠴᠠᠭᠠᠢᠯᠠᠨ ᠬᠢᠵᠢᠭ ᠤ᠋ᠨ ᠬᠤᠭᠤᠴᠠᠭᠠᠨ ᠳ᠋ᠤ᠌ ᠨᠠᠢ᠍ᠮᠠᠨ ᠮᠤᠵᠢ ᠣᠷᠤᠨ ᠤ᠋ ᠮᠣᠩᠭᠤᠯ ᠢ᠋ᠶ᠋ᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭᠰᠢ ᠰᠤᠷᠤᠭᠴᠢᠳ ᠲᠤ᠌ ᠰᠤᠷᠬᠤ ᠪᠢᠴᠢᠭ ᠦ᠋ᠨ ᠡᠯᠧᠺᠲ᠋ᠷᠣᠨ ᠬᠡᠪᠯᠡᠯ ᠪᠠ ᠬᠠᠷᠠᠭᠠᠯᠵᠠᠭᠰᠠᠨ ᠡᠬᠢ ᠪᠠᠶᠠᠯᠢᠭ ᠵᠢᠴᠢ ᠳᠠᠶᠠᠩ ᠣᠶᠤᠨᠲᠤ ᠬᠢᠴᠢᠶᠡᠯᠯᠡᠭᠡ ᠶ᠋ᠢᠨ ᠲᠠᠪᠴᠠᠩ ᠢ᠋ ᠴᠠᠭ ᠲᠤᠬᠠᠢ ᠳ᠋ᠤ᠌ ᠨᠢ ᠦᠨ᠎ᠡ ᠲᠥᠯᠦᠪᠦᠷᠢ ᠦᠭᠡᠢ ᠪᠡᠷ ᠬᠠᠩᠭᠠᠭᠰᠠᠨ ᠠᠵᠢᠯᠯᠠᠭ᠎ᠠ ᠶ᠋ᠢ ᠮᠠᠭᠲᠠᠨ ᠰᠠᠢᠰᠢᠶᠠᠵᠤ᠂ 2020 ᠣᠨ ᠤ᠋ ᠠᠵᠢᠯ ᠤ᠋ᠨ ᠲᠤᠬᠠᠢ ᠵᠢᠷᠭᠤᠭᠠᠨ ᠲᠠᠯ᠎ᠠ ᠶ᠋ᠢᠨ ᠵᠢᠯᠤᠭᠤᠳᠬᠤ ᠰᠠᠨᠠᠯ ᠥᠭᠴᠡᠢ᠄ ᠨᠢᠭᠡ ᠳ᠋ᠤ᠌᠂ ᠬᠡᠪᠯᠡᠯ ᠦ᠋ᠨ ᠭᠣᠣᠯ ᠦᠢᠯᠡᠰ ᠦ᠋ᠨ ᠬᠥᠭᠵᠢᠯᠲᠡ ᠶ᠋ᠢ ᠪᠠᠷᠢᠮᠲᠠᠯᠠᠵᠤ᠂ ᠰᠡᠳᠦᠪ ᠰᠣᠩᠭᠤᠯᠲᠠ ᠪᠠ ᠬᠡᠪᠯᠡᠯ ᠦ᠋ᠨ ᠴᠢᠨᠠᠷ ᠢ᠋ ᠪᠠᠲᠤᠯᠠᠨ᠂ ᠬᠡᠪᠯᠡᠯ ᠦ᠋ᠨ ᠦᠢᠯᠡᠰ ᠦ᠋ᠨ ᠰᠢᠨ᠎ᠡ ᠪᠦᠲᠦᠮᠵᠢ ᠶ᠋ᠢ ᠡᠭᠦᠳᠬᠦ ᠶ᠋ᠢ ᠴᠢᠩᠭᠠᠳᠭᠠᠬᠤ ᠬᠡᠷᠡᠭᠲᠡᠢ᠃ ᠬᠣᠶᠠᠷ ᠲᠤ᠌᠂ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠵᠤ᠂ ᠬᠡᠪᠯᠡᠯ ᠦ᠋ᠨ ᠦᠢᠯᠡᠰ ᠦ᠋ᠨ ᠳ᠋ᠢᠭᠢᠲ᠋ᠴᠢᠯᠡᠯᠲᠡ ᠶ᠋ᠢ ᠬᠤᠷᠳᠤᠳᠭᠠᠬᠤ ᠶ᠋ᠢ ᠠᠬᠢᠭᠤᠯᠬᠤ ᠬᠡᠷᠡᠭᠲᠡᠢ᠃ ᠭᠤᠷᠪᠠ ᠳ᠋ᠤ᠌᠂ ᠣᠯᠠᠨ ᠡᠰᠢᠴᠢᠯᠡᠭᠰᠡᠨ ᠬᠥᠭᠵᠢᠯᠲᠡ ᠶ᠋ᠢ ᠪᠠᠷᠢᠮᠲᠠᠯᠠᠵᠤ ᠠᠵᠤ ᠦᠢᠯᠡᠰ ᠦ᠋ᠨ ᠬᠡᠯᠪᠡᠷᠢ ᠰᠢᠯᠵᠢᠯᠲᠡ ᠶ᠋ᠢ ᠠᠬᠢᠭᠤᠯᠬᠤ ᠬᠡᠷᠡᠭᠲᠡᠢ᠃ ᠳᠥᠷᠪᠡ ᠳ᠋ᠤ᠌᠂ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ ᠶ᠋ᠢ ᠪᠠᠷᠢᠮᠲᠠᠯᠠᠵᠤ᠂ ᠪᠠᠢᠭᠤᠯᠤᠮᠵᠢ ᠶ᠋ᠢᠨ ᠥᠭᠡᠷᠡᠴᠢᠯᠡᠯᠲᠡ ᠶ᠋ᠢᠨ ᠰᠢᠪᠲᠤᠯᠤᠯᠲᠠ ᠶ᠋ᠢ ᠪᠡᠶᠡᠯᠡᠭᠦᠯᠬᠦ ᠬᠡᠷᠡᠭᠲᠡᠢ᠃ ᠲᠠᠪᠤ ᠳ᠋ᠤ᠌᠂ ᠲᠥᠯᠦᠪᠵᠢᠭᠦᠯᠭᠡ ᠶ᠋ᠢᠨ ᠬᠥᠲᠦᠯᠦᠯᠲᠡ ᠶ᠋ᠢ ᠪᠠᠷᠢᠮᠲᠠᠯᠠᠵᠤ᠂《ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠦᠪᠵᠢᠭᠦᠯᠭᠡ》 ᠶ᠋ᠢ ᠰᠠᠢᠲᠤᠷ  ᠨᠠᠢᠷᠠᠭᠤᠯᠤᠨ ᠵᠣᠬᠢᠶᠠᠬᠤ ᠬᠡᠷᠡᠭᠲᠡᠢ᠃ ᠵᠢᠷᠭᠤᠭ᠎ᠠ ᠳ᠋ᠤ᠌᠂ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠨᠠᠮ ᠤ᠋ᠨ ᠪᠠᠢᠭᠤᠯᠤᠯᠲᠠ ᠪᠠᠷ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠶ᠋ᠢ ᠬᠥᠲᠦᠯᠬᠦ ᠬᠡᠷᠡᠭᠲᠡᠢ ᠭᠡᠵᠡᠢ᠃

 

 

  ᠬᠤᠷᠠᠯ ᠳᠡᠭᠡᠷ᠎ᠡ ᠪᠠᠰᠠ 2019 ᠣᠨ ᠤ᠋ ᠠᠵᠢᠯ ᠳ᠋ᠤ᠌ ᠭᠠᠷᠮᠠᠭᠠᠢ ᠵᠢᠳᠭᠦᠯ ᠦᠵᠡᠭᠦᠯᠦᠭᠰᠡᠨ ᠪᠦᠯᠦᠭᠯᠡᠯ ᠤ᠋ᠨ ᠬᠠᠷᠢᠶ᠎ᠠ 6 ᠪᠠᠢᠭᠤᠯᠭ᠎ᠠ᠂ 31 ᠬᠤᠪᠢ ᠬᠥᠮᠦᠨ ᠢ᠋ ᠬᠥᠬᠢᠭᠦᠯᠦᠨ ᠱᠠᠩᠨᠠᠬᠤ ᠲᠣᠭᠲᠠᠭᠠᠯ ᠢ᠋ ᠨᠡᠢᠲᠡᠯᠡᠵᠦ᠂ ᠨᠡᠢᠲᠡ ᠣᠯᠠᠨ ᠢ᠋ ᠳᠠᠭᠠᠨ ᠰᠤᠷᠤᠯᠴᠠᠲᠤᠭᠠᠢ ᠭᠡᠵᠦ ᠤᠷᠢᠶᠠᠯᠠᠪᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ