ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠬᠣᠶᠠᠳᠤᠭᠠᠷ ᠬᠤᠭᠤᠴᠠᠭᠠᠨ ᠤ ᠠᠵᠢᠯᠲᠠᠨ ᠤ ᠲᠥᠯᠥᠭᠡᠯᠡᠭᠴᠢᠳ ᠦᠨ ᠶᠡᠬᠡ ᠬᠤᠷᠠᠯ ᠦ᠋ᠨ ᠨᠢᠭᠡᠳᠦᠭᠡᠷ ᠤᠳᠠᠭᠠᠨ ᠤ᠋ ᠬᠤᠷᠠᠯ ᠢ᠋ ᠬᠤᠷᠠᠯᠳᠤᠭᠤᠯᠪᠠ
2020.03.20

  2020 ᠣᠨ ᠤ᠋ 3 ᠰᠠᠷ᠎ᠠ ᠶ᠋ᠢᠨ 20 ᠤ᠋ ᠡᠳᠦᠷ ᠦ᠋ᠨ 9 ᠴᠠᠭ ᠲᠤ᠌᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠬᠣᠶᠠᠳᠤᠭᠠᠷ ᠬᠤᠭᠤᠴᠠᠭᠠᠨ ᠤ ᠠᠵᠢᠯᠲᠠᠨ ᠤ ᠲᠥᠯᠥᠭᠡᠯᠡᠭᠴᠢᠳ ᠦᠨ ᠶᠡᠬᠡ ᠬᠤᠷᠠᠯ ᠤ᠋ᠨ ᠨᠢᠭᠡᠳᠦᠭᠡᠷ ᠤᠳᠠᠭᠠᠨ ᠤ᠋ ᠬᠤᠷᠠᠯ ᠢ ᠬᠤᠷᠠᠯᠳᠤᠭᠤᠯᠪᠡ᠃ ᠬᠤᠷᠠᠯ ᠨᠢ ᠳᠦᠷᠰᠦ ᠰᠢᠩᠭᠡᠭᠡᠯᠲᠡ ᠶ᠋ᠢᠨ ᠬᠤᠷᠠᠯ ᠤ᠋ᠨ ᠬᠡᠯᠪᠡᠷᠢ ᠪᠡᠷ ᠶᠠᠪᠤᠭᠳᠠᠵᠤ᠂ ᠨᠢᠭᠡ ᠭᠣᠣᠯ ᠬᠤᠷᠠᠯ ᠤ᠋ᠨ ᠲᠠᠯᠠᠪᠠᠢ ᠪᠠ ᠲᠠᠪᠤᠨ ᠬᠤᠪᠢᠶᠠᠷᠢ ᠲᠠᠯᠠᠪᠠᠢ ᠲᠣᠬᠢᠷᠠᠭᠤᠯᠵᠠᠢ᠃ ᠬᠡᠪᠯᠡᠯ ᠦ᠋ᠨ ᠪᠦᠯᠦᠭᠯᠡᠯ ᠦ᠋ᠨ ᠬᠣᠶᠠᠳᠤᠭᠠᠷ ᠬᠤᠭᠤᠴᠠᠭᠠᠨ ᠤ᠋ ᠠᠵᠢᠯᠲᠠᠨ ᠤ ᠲᠥᠯᠦᠭᠡᠯᠡᠭᠴᠢᠳ ᠨᠡᠢᠲᠡ 83 ᠬᠥᠮᠦᠨ ᠬᠤᠷᠠᠯ ᠳ᠋ᠤ᠌ ᠣᠷᠤᠯᠴᠠᠵᠤ᠂ ᠬᠡᠪᠯᠡᠯ ᠦ᠋ᠨ ᠪᠦᠯᠦᠭᠯᠡᠯ ᠵᠢᠴᠢ ᠬᠠᠷᠢᠶ᠎ᠠ ᠨᠢᠭᠡᠴᠢ ᠶ᠋ᠢᠨ ᠤᠳᠤᠷᠢᠳᠤᠯᠭ᠎ᠠ 26  ᠬᠥᠮᠦᠨ ᠬᠤᠷᠠᠯ ᠳ᠋ᠤ᠌ ᠰᠤᠯᠠ ᠣᠷᠤᠯᠴᠠᠵᠠᠢ᠃

 

ᠬᠤᠷᠠᠯ ᠤ᠋ᠨ ᠠᠬᠤᠢ ᠲᠠᠯᠠᠪᠠᠢ

  

  ᠥᠪᠥᠷ ᠮᠣᠩᠭᠣᠯ ᠤᠨ ᠬᠡᠪᠯᠡᠯ ᠦᠨ ᠪᠦᠯᠦᠭᠯᠡᠯ ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ ᠭᠡᠰᠢᠭᠦᠨ᠂ ᠶᠡᠷᠦᠩᠬᠡᠶ ᠨᠠᠢᠷᠠᠭᠤᠯᠤᠭᠴᠢ ᠶᠢᠨ ᠲᠤᠰᠠᠯᠠᠭᠴᠢ᠂ ᠠᠵᠢᠯᠲᠠᠨ ᠤ᠋ ᠡᠪᠯᠡᠯ ᠦ᠋ᠨ ᠳᠡᠳ᠋ ᠲᠡᠷᠢᠭᠦᠯᠡᠭᠴᠢ ᠬᠤᠸᠠᠩ ᠲᠤᠤ ᠬᠤᠷᠠᠯ ᠡᠷᠬᠢᠯᠡᠪᠡ᠃ ᠬᠤᠷᠠᠯ ᠳ᠋ᠤ᠌᠂ᠠᠵᠤ ᠦᠢᠯᠡᠳᠪᠦᠷᠢ ᠶ᠋ᠢᠨ ᠪᠡᠶᠡᠰ ᠦ᠋ᠨ ᠰᠦᠯᠵᠢᠶᠡᠨ ᠳ᠋ᠤ᠌ ᠰᠠᠭᠤᠷᠢᠯᠠᠭᠰᠠᠨ ᠪᠦᠷᠢᠨ ᠠᠦ᠋ᠲ᠋ᠣᠴᠢᠯᠠᠭᠰᠠᠨ ᠣᠶᠤᠨᠲᠤ ᠬᠡᠪᠯᠡᠯ ᠦ᠋ᠨ ᠦᠢᠯᠡᠳᠪᠦᠷᠢ ᠶ᠋ᠢᠨ ᠪᠦᠲᠦᠭᠡᠨ ᠪᠠᠢᠭᠤᠯᠤᠯᠲᠠ ᠵᠢᠴᠢ ᠵᠠᠩᠭᠢᠯᠠᠭ᠎ᠠ ᠶ᠋ᠢᠨ ᠮᠡᠷᠭᠡᠵᠢᠯ ᠤ᠋ᠨ ᠰᠤᠳᠤᠯᠭᠠᠨ ᠪᠠ ᠬᠡᠷᠡᠭᠯᠡᠭᠡᠬᠢᠲᠠᠳ ᠮᠣᠩᠭᠤᠯ ᠺᠣᠮᠫᠢᠦ᠋ᠲ᠋ᠧᠷ ᠲᠤᠰᠠᠯᠠᠮᠵᠢᠲᠤ ᠣᠷᠴᠢᠭᠤᠯᠭ᠎ᠠ ᠶ᠋ᠢᠨ ᠲᠠᠪᠴᠠᠩ ᠵᠢᠴᠢ ᠦᠢᠯᠡᠴᠢᠯᠡᠭᠡᠨ ᠤ᠋ ᠰᠢᠰᠲ᠋ᠧᠮ ᠤ᠋ᠨ ᠪᠠᠢᠭᠤᠯᠤᠯᠲᠠ ᠶ᠋ᠢᠨ ᠲᠥᠰᠦᠪ ᠵᠢᠴᠢ ᠠᠵᠢᠯ ᠤ᠋ᠨ ᠠᠬᠢᠴᠠ ᠶ᠋ᠢ ᠵᠠᠷᠯᠠᠪᠠ᠃《ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠠᠵᠤ ᠠᠬᠤᠢᠯᠠᠯ ᠤ᠋ᠨ ᠡᠮ ᠡᠮᠨᠡᠯᠭᠡ ᠶ᠋ᠢᠨ ᠨᠥᠬᠦᠪᠦᠷᠢ ᠳᠠᠭᠠᠳᠭᠠᠯ ᠢ᠋ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ》᠂ ᠪᠦᠯᠦᠭᠯᠡᠯ ᠦ᠋ᠨ ᠶᠡᠷᠦᠩᠬᠡᠢ ᠵᠠᠬᠢᠷᠭᠠᠨ ᠤ᠋ 2019 ᠣᠨ ᠤ᠋ ᠱᠠᠩᠨᠠᠯ ᠤ᠋ᠨ ᠦᠷ᠎ᠡ ᠪᠦᠲᠦᠮᠵᠢ ᠶ᠋ᠢᠨ ᠴᠠᠯᠢᠩ ᠤ᠋ᠨ ᠬᠤᠪᠢᠶᠠᠷᠢᠯᠠᠯᠲᠠ ᠶ᠋ᠢᠨ ᠲᠥᠰᠦᠪ᠂《ᠮᠣᠩᠭᠤᠯ ᠳ᠋ᠢᠭᠢᠲ ᠰᠤᠷᠬᠤ ᠪᠢᠴᠢᠭ ᠦ᠋ᠨ ᠪᠦᠲᠦᠭᠡᠨ ᠪᠠᠢᠭᠤᠯᠤᠯᠲᠠ》 ᠶ᠋ᠢᠨ ᠲᠥᠰᠦᠪ᠂《ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠣᠮ ᠬᠡᠪᠯᠡᠯ ᠦ᠋ᠨ ᠠᠵᠢᠯ ᠤ᠋ᠨ ᠬᠠᠮᠢᠶᠠᠷᠤᠯᠲᠠ ᠶ᠋ᠢᠨ ᠲᠠᠪᠴᠠᠩ》ᠪᠠᠢᠭᠤᠯᠬᠤ ᠲᠥᠰᠦᠪ ᠢ᠋ ᠬᠢᠨᠠᠨ ᠪᠠᠲᠤᠯᠠᠪᠠ᠃

 

ᠬᠤᠷᠠᠯ ᠤ᠋ᠨ ᠬᠥᠲᠦᠯᠦᠭᠴᠢ ᠬᠤᠸᠠᠩ ᠲᠤᠤ

 

  ᠬᠤᠷᠠᠯ ᠤ᠋ᠨ ᠡᠴᠦᠰ ᠲᠤ᠌᠂ ᠠᠵᠢᠯᠲᠠᠨ ᠤ᠋ ᠡᠪᠯᠡᠯ ᠦ᠋ᠨ ᠲᠡᠷᠢᠭᠦᠯᠡᠭᠴᠢ ᠮᠥᠩᠬᠡ ᠠᠵᠢᠯ ᠤ᠋ᠨ ᠮᠡᠳᠡᠭᠦᠯᠦᠯᠲᠡ ᠬᠢᠵᠦ 2019 ᠣᠨ ᠤ᠋ ᠠᠵᠢᠯᠲᠠᠨ ᠤ᠋ ᠡᠪᠯᠡᠯ ᠦ᠋ᠨ ᠠᠵᠢᠯ ᠢ᠋ᠶ᠋ᠠᠨ ᠡᠷᠭᠢᠴᠡᠭᠦᠯᠦᠨ᠂ 2020 ᠤᠨ ᠤ᠋ ᠠᠵᠢᠯ ᠢ᠋ᠶ᠋ᠠᠨ ᠪᠠᠢᠷᠢᠯᠠᠭᠤᠯᠪᠠ᠃ ᠮᠡᠳᠡᠭᠦᠯᠦᠯᠲᠡ ᠳ᠋ᠤ᠌᠂ 2019 ᠣᠨ ᠳᠤ ᠪᠦᠯᠦᠭᠯᠡᠯ ᠦᠨ ᠠᠵᠢᠯᠲᠠᠨ ᠤ ᠡᠪᠯᠡᠯ ᠨᠢ ᠪᠦᠯᠦᠭᠯᠡᠯ ᠦ᠋ᠨ ᠨᠠᠮ ᠤᠨ ᠬᠣᠷᠢᠶᠠᠨ ᠤ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠪᠠᠲᠤᠳᠠᠢ ᠲᠤᠭᠤᠰᠢᠯᠠᠭᠤᠯᠵᠤ᠂ ᠡᠯ᠎ᠡ ᠲᠠᠯ᠎ᠠ ᠶ᠋ᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠭᠰᠡᠨ ᠢ᠋ᠶ᠋ᠡᠷ ᠪᠦᠯᠦᠭᠯᠡᠯ ᠦᠨ ᠡᠶ᠎ᠡ ᠵᠣᠬᠢᠴᠠᠩᠭᠤᠢ᠂ ᠡᠷᠡᠭᠦᠯ ᠡᠩᠬᠡ᠂ ᠪᠥᠬᠥ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠪᠠ ᠭᠡᠵᠦ ᠳ᠋ᠦᠩᠨᠡᠯᠲᠡ ᠬᠢᠵᠦ᠂ ᠴᠢᠨᠠᠷ ᠰᠠᠢᠳᠠᠢ ᠬᠥᠭᠵᠢᠯᠲᠡ ᠵᠡᠷᠭᠡ ᠲᠠᠯ᠎ᠠ ᠪᠠᠷ ᠪᠤᠲᠠᠲᠠᠢ ᠱᠠᠭᠠᠷᠳᠠᠯᠭ᠎ᠠ ᠳᠤᠷᠠᠳᠴᠠᠢ᠃

 

ᠠᠵᠢᠯᠲᠠᠨ ᠤ᠋ ᠡᠪᠯᠡᠯ ᠦ᠋ᠨ ᠲᠡᠷᠢᠭᠦᠯᠡᠭᠴᠢ ᠮᠥᠩᠬᠡ

  

  ᠠᠵᠢᠯᠲᠠᠨ ᠤ᠋ ᠡᠪᠯᠡᠯ ᠦ᠋ᠨ ᠲᠡᠷᠢᠭᠦᠯᠡᠭᠴᠢ ᠮᠥᠩᠬᠡ ᠶᠠᠷᠢᠶᠠᠨ ᠤ᠋ ᠪᠠᠨ ᠲᠡᠭᠦᠰᠭᠡᠯ ᠳ᠋ᠤ᠌᠂ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠨᠢᠭᠲᠠᠷᠠᠨ ᠪᠦᠯᠬᠦᠮᠳᠡᠵᠦ᠂ ᠪᠦᠯᠦᠭᠯᠡᠯ ᠦᠨ ᠭᠣᠣᠯᠯᠠᠬᠤ ᠦᠢᠯᠡᠰ ᠦᠨ ᠲᠣᠭᠣᠷᠢᠨ ᠳᠤ ᠠᠵᠢᠯᠲᠠᠨ ᠤ ᠡᠪᠯᠡᠯ ᠦᠨ ᠬᠥᠭᠥᠷᠭᠡ ᠬᠣᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠵᠢᠯ ᠦᠨ ᠠᠵᠢᠯ ᠤᠨ ᠬᠠᠷᠠᠯᠲᠠ ᠪᠠᠨ ᠪᠡᠶᠡᠯᠡᠭᠦᠯᠬᠦ ᠪᠠᠷ ᠲᠡᠮᠡᠴᠡᠨ᠂ ᠪᠦᠬᠦ ᠲᠠᠯ᠎ᠠ ᠪᠠᠷ ᠴᠢᠨᠡᠭᠡᠯᠢᠭ ᠨᠡᠢᠭᠡᠮ ᠢ ᠪᠠᠢᠭᠤᠯᠬᠤ ᠰᠢᠢᠳᠪᠦᠷᠢᠲᠦ ᠢᠯᠠᠯᠲᠠ ᠶᠢ ᠤᠯᠬᠤ ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠡᠷ ᠴᠢᠷᠮᠠᠢᠵᠠᠭᠠᠶ᠎ᠠᠭᠡᠵᠦ ᠤᠷᠢᠶᠠᠯᠠᠪᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ