ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ 2020 ᠣᠨ ᠤ᠋ ᠠᠵᠢᠯ ᠤ᠋ᠨ ᠬᠤᠷᠠᠯ ᠵᠢᠴᠢ ᠠᠵᠢᠯᠲᠠᠨ ᠤ᠋ ᠲᠥᠯᠦᠭᠡᠯᠡᠭᠴᠢᠳ ᠦ᠋ᠨ ᠬᠤᠷᠠᠯ ᠢ᠋ᠶ᠋ᠠᠨ ᠠᠮᠵᠢᠯᠲᠠ ᠲᠠᠢ ᠪᠠᠷ ᠡᠬᠢᠯᠡᠭᠦᠯᠪᠡ
2020.03.19

  ᠰᠢᠨ᠎ᠡ ᠬᠡᠯᠪᠡᠷᠢ ᠶ᠋ᠢᠨ ᠲᠢᠲᠢᠮᠯᠢᠭ ᠸᠢᠷᠦ᠋ᠰ ᠳᠡᠯᠭᠡᠷᠡᠭᠰᠡᠨ ᠴᠠᠭ ᠦᠶ᠎ᠡ ᠳ᠋ᠤ᠌ ᠪᠥᠬᠥ ᠤᠯᠤᠰ ᠤᠨ ᠠᠷᠠᠳ ᠲᠦᠮᠡᠨ ᠬᠠᠮᠲᠤ ᠪᠠᠷ ᠴᠢᠷᠮᠠᠢᠵᠤ᠂ ᠡᠷᠡᠯᠬᠡᠭ ᠢ᠋ᠶ᠋ᠡᠷ ᠲᠡᠮᠡᠴᠡᠵᠦ᠂ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠨ᠂ ᠠᠵᠢᠯ ᠤ᠋ᠨ ᠪᠠᠢᠷᠢ ᠪᠠᠨ ᠴᠢᠩᠭ᠎ᠠ ᠰᠠᠬᠢᠵᠤ᠂ ᠬᠢᠵᠢᠭ ᠲᠠᠢ ᠲᠡᠮᠡᠴᠡᠬᠦ ᠲᠠᠢᠨ ᠤ᠋ ᠢᠯᠠᠯᠲᠠ ᠶ᠋ᠢ ᠤᠯᠬᠤ ᠪᠠᠷ ᠴᠢᠷᠮᠠᠢᠵᠤ ᠪᠠᠢᠭ᠎ᠠ ᠡᠨᠡ ᠮᠥᠴᠡ ᠳ᠋ᠦ᠍᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ ᠪᠦᠬᠦ ᠠᠵᠢᠯᠲᠠᠳ ᠢ᠋ᠶ᠋ᠠᠨ ᠳᠠᠢᠴᠢᠯᠠᠨ ᠬᠢᠵᠢᠭ ᠢ᠋ ᠰᠡᠷᠭᠡᠢᠯᠡᠵᠦ ᠬᠢᠵᠢᠭ ᠲᠠᠢ ᠲᠡᠮᠡᠴᠡᠬᠦ ᠶ᠋ᠢᠨ ᠳᠠᠭᠠᠤ ᠠᠯᠪᠠᠨ ᠠᠵᠢᠯ ᠢ᠋ᠶ᠋ᠠᠨ ᠦᠷᠭᠦᠯᠵᠢᠯᠡᠭᠦᠯᠦᠭᠰᠡᠭᠡᠷ ᠪᠠᠢᠭ᠎ᠠ ᠶᠤᠮ᠃

  ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠥᠶ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠪᠠᠲᠤᠲᠠᠢ ᠲᠤᠭᠤᠰᠢᠯᠠᠭᠤᠯᠵᠤ᠂ ᠨᠠᠮ ᠤ᠋ᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠤ ᠪᠣᠳᠣᠯᠭ᠎ᠠ ᠶᠢᠨ ᠪᠠᠢᠷᠢᠯᠠᠭᠤᠯᠤᠯᠲᠠ ᠶᠢ ᠨᠠᠢᠳᠠᠪᠦᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠬᠤᠷᠠᠯ ᠤ᠋ᠨ ᠵᠣᠷᠢᠭ ᠰᠠᠨᠠᠭ᠎ᠠ ᠵᠢᠴᠢ ᠪᠥᠬᠥ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠪᠥᠬᠥ ᠣᠷᠣᠨ ᠤ ᠤᠬᠠᠭᠤᠯᠬᠤ ᠬᠡᠯᠲᠡᠰ ᠦᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 2019 ᠣᠨ ᠤ᠋ ᠨᠠᠮ ᠤᠨ ᠪᠠᠢᠭᠤᠯᠤᠯᠲᠠ ᠶ᠋ᠢᠨ ᠠᠵᠢᠯ᠂ ᠨᠠᠮ ᠤ᠋ᠨ ᠰᠤᠷᠲᠠᠯ ᠪᠠ ᠰᠠᠬᠢᠯᠭ᠎ᠠ ᠪᠠᠲᠤ ᠪᠠᠢᠴᠠᠭᠠᠬᠤ ᠠᠵᠢᠯ ᠵᠢᠴᠢ ᠡᠵᠡᠩᠨᠡᠯᠲᠡ ᠶᠢᠨ ᠠᠵᠢᠯ ᠢ ᠡᠷᠭᠢᠴᠡᠭᠦᠯᠬᠦ ᠶ᠋ᠢᠨ ᠬᠠᠮᠲᠤ 2020 ᠣᠨ ᠤ ᠭᠣᠣᠯᠳᠠᠯᠭ᠎ᠠ ᠲᠠᠢ ᠠᠵᠢᠯ ᠢ᠋ᠶ᠋ᠠᠨ ᠪᠠᠢᠷᠢᠯᠠᠭᠤᠯᠬᠤ ᠶ᠋ᠢᠨ ᠲᠥᠯᠦᠭᠡ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠨᠢ 2020 ᠣᠨ ᠤ᠋ 3 ᠰᠠᠷ᠎ᠠ ᠶ᠋ᠢᠨ 19 ᠤ᠋ ᠡᠳᠦᠷ ᠦ᠋ᠨ 9 ᠴᠠᠭ ᠲᠤ᠌ 2020 ᠣᠨ ᠤ ᠠᠵᠢᠯ ᠤᠨ ᠬᠤᠷᠠᠯ ᠵᠢᠴᠢ ᠬᠣᠶᠠᠳᠤᠭᠠᠷ ᠬᠤᠭᠤᠴᠠᠭᠠᠨ ᠤ ᠠᠵᠢᠯᠲᠠᠨ ᠤ ᠲᠥᠯᠥᠭᠡᠯᠡᠭᠴᠢᠳ ᠦᠨ ᠶᠡᠬᠡ ᠬᠤᠷᠠᠯ ᠤ᠋ᠨ ᠠᠩᠬᠠᠳᠤᠭᠠᠷ ᠤᠳᠠᠭᠠᠨ ᠤ᠋ ᠬᠤᠷᠠᠯ ᠢ᠋ᠶ᠋ᠠᠨ ᠠᠮᠵᠢᠯᠲᠠ ᠲᠠᠢ ᠡᠬᠢᠯᠡᠭᠦᠯᠦᠭᠰᠡᠨ ᠶᠤᠮ᠃

  ᠲᠤᠰ ᠤᠳᠠᠭᠠᠨ ᠤ᠋ ᠬᠤᠷᠠᠯ ᠨᠢ ᠳᠦᠷᠰᠦ ᠰᠢᠩᠭᠡᠭᠡᠯᠲᠡ ᠶ᠋ᠢᠨ ᠬᠤᠷᠠᠯ ᠪᠠ ᠠᠬᠤᠢ ᠲᠠᠯᠠᠪᠠᠢ ᠶ᠋ᠢᠨ ᠬᠤᠷᠠᠯ ᠢ᠋ ᠤᠶᠠᠯᠳᠤᠭᠤᠯᠬᠤ ᠬᠡᠯᠪᠡᠷᠢ ᠪᠡᠷ ᠶᠠᠪᠤᠭᠳᠠᠵᠤ᠂ ᠨᠢᠭᠡ ᠭᠣᠣᠯ ᠬᠤᠷᠠᠯ ᠤ᠋ᠨ ᠲᠠᠯᠠᠪᠠᠢ ᠪᠠ ᠲᠠᠪᠤᠨ ᠬᠤᠪᠢᠶᠠᠷᠢ ᠬᠤᠷᠠᠯ ᠤ᠋ᠨ ᠲᠠᠯᠠᠪᠠᠢ ᠲᠣᠬᠢᠷᠠᠭᠤᠯᠵᠠᠢ᠃ ᠬᠤᠷᠠᠯ ᠨᠢ ᠨᠠᠮ ᠤᠨ ᠪᠠᠢᠭᠤᠯᠤᠯᠲᠠ ᠶᠢᠨ ᠠᠵᠢᠯ ᠤᠨ ᠬᠤᠷᠠᠯ᠂ ᠨᠠᠮ ᠤᠨ ᠰᠤᠷᠲᠠᠯ ᠪᠠ ᠰᠠᠬᠢᠯᠭ᠎ᠠ ᠪᠠᠲᠤ ᠶ᠋ᠢ ᠪᠠᠢᠴᠠᠭᠠᠬᠤ ᠠᠵᠢᠯ ᠤᠨ ᠬᠤᠷᠠᠯ᠂ ᠡᠵᠡᠩᠨᠡᠯᠲᠡ ᠶ᠋ᠢᠨ ᠠᠵᠢᠯ ᠤᠨ ᠬᠤᠷᠠᠯ᠂ ᠬᠣᠶᠠᠳᠤᠭᠠᠷ ᠬᠤᠭᠤᠴᠠᠭᠠᠨ ᠤ ᠠᠵᠢᠯᠲᠠᠨ ᠤ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯ ᠵᠡᠷᠭᠡ ᠳᠥᠷᠪᠡᠨ ᠠᠭᠤᠯᠭ᠎ᠠ ᠶ᠋ᠢ ᠪᠠᠭᠲᠠᠭᠠᠵᠤ᠂ ᠬᠡᠪᠯᠡᠯ ᠦᠨ ᠪᠦᠯᠦᠭᠯᠡᠯ ᠦᠨ ᠤᠳᠤᠷᠢᠳᠤᠯᠭ᠎ᠠ᠂ ᠪᠦᠯᠦᠭᠯᠡᠯ ᠦ᠋ᠨ ᠶᠡᠷᠦᠩᠬᠡᠢ ᠵᠠᠬᠢᠷᠭᠠᠨ ᠤ᠋ ᠡᠯ᠎ᠡ ᠬᠡᠯᠲᠦᠰ ᠤ᠋ᠨ ᠲᠥᠯᠦᠭᠡᠯᠡᠭᠴᠢ᠂ ᠬᠠᠷᠢᠶ᠎ᠠ ᠨᠢᠭᠡᠴᠢ ᠶ᠋ᠢᠨ ᠤᠳᠤᠷᠢᠳᠬᠤ ᠪᠠᠭ ᠤᠨ ᠭᠡᠰᠢᠭᠦᠨ ᠵᠢᠴᠢ ᠬᠠᠮᠢᠶ᠎ᠠ ᠪᠦᠬᠦᠢ ᠰᠠᠯᠠᠭᠠᠨ ᠤ᠋ ᠡᠷᠬᠢᠯᠡᠭᠴᠢ ᠵᠡᠷᠭᠡ ᠬᠥᠮᠦᠰ ᠬᠤᠷᠠᠯ ᠳᠤ ᠣᠷᠤᠯᠴᠠᠬᠤ ᠶ᠋ᠢᠨ ᠬᠠᠮᠲᠤ᠂ ᠲᠤᠰᠭᠠᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠦᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠢ᠋ ᠤᠷᠢᠵᠤ ᠣᠷᠤᠯᠴᠠᠭᠤᠯᠤᠭᠰᠠᠨ ᠪᠠᠢᠨ᠎ᠠ᠃

  2020 ᠣᠨ ᠪᠣᠯ《ᠠᠷᠪᠠᠨ ᠭᠤᠷᠪᠠᠳᠤᠭᠠᠷ ᠲᠠᠪᠤᠨ ᠵᠢᠯ ᠤ᠋ᠨ ᠲᠥᠯᠦᠪᠵᠢᠭᠦᠯᠭᠡ》 ᠶ᠋ᠢᠨ ᠰᠡᠭᠦᠯ ᠬᠤᠷᠢᠶᠠᠬᠤ ᠵᠢᠯ ᠮᠥᠷᠲᠡᠭᠡᠨ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠠᠢᠭᠤᠯᠬᠤ ᠴᠢᠬᠤᠯᠠ ᠨᠢᠭᠡᠨ ᠵᠢᠯ᠂ ᠮᠥᠨ ᠴᠦ᠍ ᠬᠡᠪᠯᠡᠯ ᠦ᠋ᠨ ᠪᠦᠯᠦᠭᠯᠡᠯ ᠦ᠋ᠨ ᠬᠣᠶᠠᠳᠤᠭᠠᠷ ᠠᠷᠪᠠᠨ ᠵᠢᠯ ᠤ᠋ᠨ ᠠᠵᠢᠯ ᠤ᠋ᠨ ᠡᠬᠢᠯᠡᠯᠲᠡ ᠶ᠋ᠢᠨ ᠵᠢᠯ ᠮᠥᠨ᠃ ᠡᠨᠡ ᠬᠦ᠌ ᠵᠠᠩᠭᠢᠯᠠᠭ᠎ᠠ ᠶ᠋ᠢᠨ ᠴᠠᠭ ᠦᠶ᠎ᠡ ᠳ᠋ᠤ᠌᠂ ᠬᠡᠪᠯᠡᠯ ᠦ᠋ᠨ ᠪᠦᠯᠦᠭᠯᠡᠯ ᠨᠢ ᠬᠦᠴᠢᠷᠳᠡᠯ ᠢ᠋ ᠢᠯᠠᠨ ᠳᠠᠪᠠᠵᠤ᠂ ᠠᠵᠢᠯ ᠢ᠋ᠶ᠋ᠠᠨ ᠴᠠᠭ ᠲᠤᠬᠠᠢ ᠳ᠋ᠤ᠌ ᠨᠢ ᠪᠠᠢᠷᠢᠯᠠᠭᠤᠯᠤᠨ᠂ ᠡᠯ᠎ᠡ ᠱᠠᠲᠤᠨ ᠤ᠋ ᠡᠭᠦᠷᠭᠡ ᠪᠠᠨ ᠠᠮᠵᠢᠯᠲᠠ ᠲᠠᠢ ᠪᠡᠷ ᠪᠡᠶᠡᠯᠡᠭᠦᠯᠵᠦ᠂ ᠰᠢᠨ᠎ᠡ ᠨᠢᠭᠡᠨ ᠵᠢᠯ ᠳ᠋ᠤ᠌ ᠪᠠᠨ ᠭᠠᠨᠵᠤᠭ᠎ᠠ ᠳᠦᠭᠦᠷᠡᠩ ᠠᠮᠵᠢᠯᠲᠠ ᠤᠯᠬᠤ ᠪᠠᠷ ᠮᠡᠷᠡᠢᠨ ᠴᠢᠷᠮᠠᠢᠵᠤ ᠪᠠᠢᠨ᠎ᠠ᠃

 

ᠭᠣᠣᠯ ᠬᠤᠷᠠᠯ ᠤ᠋ᠨ ᠲᠠᠯᠠᠪᠠᠢ

 

ᠥᠪᠦᠷ ᠮᠣᠩᠭᠤᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ

 

ᠥᠪᠦᠷ ᠮᠣᠩᠭᠤᠯ ᠤ᠋ᠨ ᠪᠠᠭᠠᠴᠤᠳ ᠬᠡᠤᠬᠡᠳ ᠦ᠋ᠨ ᠬᠡᠪᠯᠡᠯ ᠦ᠋ᠨ ᠬᠣᠷᠢᠶ᠎ᠠ

  

ᠥᠪᠦᠷ ᠮᠣᠩᠭᠤᠯ ᠤ᠋ᠨ ᠰᠣᠶᠤᠯ ᠤ᠋ᠨ ᠬᠡᠪᠯᠡᠯ ᠦ᠋ᠨ ᠬᠣᠷᠢᠶ᠎ᠠ
(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ