《ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠰᠡᠷᠬᠡᠢᠯᠡᠶ᠎ᠡ》 ᠭᠡᠮᠡᠬᠦ ᠲᠦᠷᠪᠡᠨ ᠪᠦᠯᠦᠭᠳᠦ ᠤᠬᠤᠷ ᠹᠢᠯᠢᠮ ᠦᠵᠡᠭᠴᠢᠳ ᠲᠠᠢ ᠵᠤᠯᠭᠠᠯ᠎ᠠ
2020.02.24

  ᠬᠦᠮᠦᠨ ᠪᠦᠬᠦᠨ 《ᠬᠢᠵᠢᠭ ᠦᠨ ᠪᠠᠢᠳᠠᠯ ᠪᠣᠯ ᠵᠠᠷᠯᠢᠭ᠂ ᠬᠢᠵᠢᠭ ᠢ ᠰᠡᠷᠭᠡᠢᠯᠡᠬᠦ ᠪᠣᠯ ᠬᠠᠷᠢᠭᠤᠴᠠᠯᠭ᠎ᠠ ᠮᠦᠨ》 ᠭᠡᠳᠡᠭ ᠢ ᠭᠦᠨᠵᠡᠭᠡᠢ ᠤᠬᠠᠮᠰᠠᠷᠯᠠᠵᠤ ᠪᠣᠢ ᠪᠠᠴᠢᠮ ᠲᠤᠯᠭᠠᠮ᠎ᠠ ᠴᠠᠭ ᠦᠶ᠎ᠡ ᠳᠦ ᠦᠪᠦᠷ ᠮᠤᠩᠭᠤᠯ ᠦᠨ ᠬᠡᠪᠯᠡᠯ ᠦᠨ ᠪᠦᠯᠦᠭᠯᠡᠯ᠂ ᠦᠪᠦᠷ ᠮᠣᠩᠭᠣᠯ ᠤᠨ ᠰᠤᠷᠭᠠᠨ ᠬᠦᠮᠦᠵᠢᠯ ᠦᠨ ᠬᠡᠪᠯᠡᠯ ᠦᠨ ᠬᠣᠷᠢᠶ᠎ᠠ ᠨᠢ ᠬᠢᠵᠢᠭ ᠢ ᠰᠡᠷᠭᠡᠢᠯᠡᠵᠦ᠂ ᠬᠢᠵᠢᠭ ᠲᠠᠢ ᠲᠡᠮᠡᠴᠡᠬᠦ ᠡᠮᠤᠨ᠎ᠡ ᠹᠷᠣᠨᠲ ᠲᠤ ᠭᠠᠪᠰᠢᠭᠠᠢᠯᠠᠨ ᠠᠵᠢᠯᠯᠠᠵᠤ᠂ ᠬᠡᠤᠭᠡᠳ ᠪᠠᠭᠠᠴᠤᠳ ᠲᠤ ᠰᠢᠨ᠎ᠡ ᠬᠡᠯᠪᠡᠷᠢ ᠵᠢᠨ ᠲᠢᠳᠢᠮᠯᠢᠭ ᠸᠢᠷᠦ᠋ᠰ ᠤ᠋ᠨ ᠲᠤᠬᠠᠢ ᠮᠡᠳᠡᠯᠭᠡ ᠶᠢ ᠲᠠᠨᠢᠭᠤᠯᠵᠤ᠂ ᠰᠢᠨᠵᠢᠯᠡᠬᠦ ᠤᠬᠠᠭᠠᠨᠴᠢ ᠪᠡᠷ ᠬᠢᠵᠢᠭ ᠢ ᠰᠡᠷᠬᠡᠢᠯᠡᠬᠦ ᠠᠷᠭ᠎ᠠ ᠶᠢ ᠡᠵᠡᠮᠰᠢᠬᠦᠯᠬᠦ ᠵᠤᠷᠢᠯᠭ᠎ᠠ ᠪᠡᠷ ᠬᠠᠷᠠᠮᠥ᠋ᠷᠡᠨ ᠮᠤᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠬᠡᠪᠯᠡᠯ ᠦᠨ ᠬᠣᠷᠢᠶ᠎ᠠ ᠡᠴᠠ ᠨᠠᠢᠷᠠᠭᠤᠯᠤᠨ ᠬᠡᠪᠯᠡᠬᠦᠯᠦᠭᠰᠡᠨ 《ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠡᠷᠭᠡᠢᠯᠡᠬᠦ ᠵᠢᠷᠤᠭᠳᠤ ᠨᠤᠮ》 ᠢ ᠤᠷᠴᠢᠭᠤᠯᠵᠤ ᠬᠡᠪᠯᠡᠬᠦᠯᠦᠭᠰᠡᠨ ᠪᠢᠯᠡ᠃ ᠡᠬᠦᠨ ᠦ ᠤᠯᠠᠮ ᠡᠴᠡ ᠪᠢᠳᠡ ᠬᠡᠤᠬᠡᠳ ᠪᠠᠭᠠᠴᠤᠳ ᠲᠤ ᠪᠡᠨ ᠡᠳᠡᠬᠡᠷ ᠮᠡᠳᠡᠯᠬᠡ ᠶᠢ ᠤᠯᠠᠮ ᠬᠦᠨᠵᠡᠬᠡᠢ ᠤᠢᠯᠠᠭᠠᠭᠤᠯᠬᠤ ᠵᠢᠨ ᠳᠤᠯᠠᠳᠠ ᠦᠪᠦᠷ ᠮᠤᠩᠭᠤᠯ ᠦᠨ ᠮᠤᠩᠭᠤᠯ ᠤᠳᠤᠨ ᠲᠸᠯᠸᠢᠰ ᠲᠠᠢ ᠬᠠᠮᠳᠤᠷᠠᠯᠴᠠᠨ 《ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠰᠡᠷᠬᠡᠢᠯᠡᠶ᠎ᠡ》 ᠭᠡᠮᠡᠬᠦ ᠲᠦᠷᠪᠡᠨ ᠪᠦᠯᠦᠭᠳᠦ ᠤᠬᠤᠷ ᠹᠢᠯᠢᠮ ᠢ ᠬᠢᠵᠤ ᠦᠢᠯᠡᠳᠦᠬᠡᠳ ᠦᠵᠡᠭᠴᠢ ᠲᠦᠮᠡᠨ ᠳᠦ ᠪᠡᠨ ᠬᠦᠷᠬᠡᠵᠤ ᠪᠠᠢᠭ᠎ᠠ ᠶᠤᠮ᠃ ᠡᠨᠡ ᠪᠤᠯ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤ᠋ᠨ ᠲᠤᠬᠠᠢ ᠮᠤᠩᠭᠤᠯ ᠬᠡᠯᠡ ᠪᠡᠷ ᠨᠡᠪᠳᠡᠷᠡᠬᠦᠯᠵᠤ ᠪᠠᠢᠭ᠎ᠠ ᠬᠠᠮᠤᠭ ᠦᠨ ᠠᠩᠬᠠᠨ ᠦ ᠤᠬᠤᠷ ᠹᠢᠯᠢᠮ ᠪᠤᠯᠤᠨ᠎ᠠ᠃

  ᠲᠤᠰ ᠤᠬᠤᠷ ᠹᠢᠯᠢᠮ ᠨᠢ ᠦᠪᠦᠷ ᠮᠤᠩᠭᠤᠯ ᠦᠨ ᠮᠤᠩᠭᠤᠯ ᠤᠳᠤᠨ ᠲᠸᠯᠸᠢᠰ ᠵᠢᠡᠷ ᠡᠳᠦᠷ ᠪᠦᠷᠢ ᠨᠡᠪᠳᠡᠷᠡᠬᠦᠯᠬᠦ ᠳᠤᠯᠠ ᠲᠤᠬᠠᠢ ᠵᠢᠨ ᠴᠠᠭ ᠲᠤ ᠨᠢ ᠬᠦᠯᠢᠶᠡᠨ ᠠᠪᠴᠤ ᠦᠵᠡᠭᠡᠷᠡᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ