ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠠᠷᠢᠶ᠎ᠠ ᠪᠠᠢᠭᠤᠯᠭ᠎ᠠ ᠮᠤᠨᠢ ᠺᠣᠮᠫᠠᠨᠢ᠎ᠳᠤ ᠪᠠᠢᠴᠠᠭᠠᠨ ᠰᠤᠳᠤᠯᠤᠯᠲᠠ ᠬᠢᠵᠤ ᠠᠵᠢᠯ ᠵᠢᠯᠤᠭᠤᠳᠪᠠ
2020.03.20

  ᠬᠡᠪᠯᠡᠯ᠎ᠦᠨ ᠪᠦᠯᠦᠭᠯᠡᠯ᠎ᠦᠨ ᠳ᠋ᠢᠭᠢᠲᠴᠢᠯᠡᠯᠳᠡ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠴᠢᠨᠠᠷ ᠰᠠᠢᠳᠠᠢ ᠬᠥᠭᠵᠢᠯᠳᠡ᠎ᠶᠢ ᠪᠡᠶᠠᠯᠡᠭᠦᠯᠭᠦ᠎ᠶᠢᠨ ᠲᠥᠯᠦᠭᠡ᠂ 2020 ᠣᠨ᠎ᠤ 3 ᠰᠠᠷ᠎ᠠ᠎ᠶᠢᠨ 12᠎ᠦᠨ ᠡᠳᠦᠷ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠪᠦᠯᠦᠭᠯᠡᠯ᠎ᠦᠨ ᠬᠠᠮᠢᠶ᠎ᠠ ᠪᠦᠬᠦᠢ ᠺᠠᠳ᠋ᠷ ᠠᠵᠢᠯᠲᠠᠨ᠎ᠢᠶᠠᠨ ᠳᠠᠭᠠᠭᠤᠯᠤᠨ ᠬᠡᠪᠯᠡᠯ᠎ᠦᠨ ᠪᠦᠯᠦᠭᠯᠡᠯ᠎ᠦᠨ ᠳ᠋ᠢᠭᠢᠲ ᠡᠬᠢ ᠪᠠᠶᠠᠯᠢᠭ ᠪᠣᠯᠪᠠᠰᠤᠷᠠᠭᠤᠯᠤᠨ ᠡᠵᠡᠩᠨᠡᠬᠦ ᠭᠣᠤᠯ ᠬᠦᠴᠦᠨ ᠪᠣᠯᠬᠤ ᠮᠤᠨᠢ ᠨᠡᠷᠡᠮᠵᠢᠲᠦ ᠰᠣᠶᠤᠯ᠎ᠤᠨ ᠵᠠᠭᠤᠴᠢ ᠪᠦᠷᠢᠨ ᠪᠤᠰᠦ ᠬᠠᠷᠢᠭᠤᠴᠠᠯᠭᠠᠲᠤ ᠺᠣᠮᠫᠠᠨᠢ᠎ᠳᠤ ᠬᠦᠷᠴᠦ ᠪᠠᠢᠴᠠᠭᠠᠨ ᠰᠤᠳᠤᠯᠤᠯᠲᠠ᠎ᠶᠢᠨ ᠬᠤᠷᠠᠯ ᠬᠤᠷᠠᠯᠳᠤᠭᠤᠯᠪᠠ᠃

ᠬᠤᠷᠠᠯ᠎ᠤᠨ ᠠᠬᠤᠢ ᠳᠠᠯᠠᠪᠠᠢ

  ᠬᠤᠷᠠᠯ᠎ᠳᠤ ᠬᠡᠪᠯᠡᠯ᠎ᠦᠨ ᠪᠦᠯᠦᠭᠯᠡᠯ᠎ᠡᠴᠡ ᠶᠡᠷᠦᠩᠬᠡᠢ ᠨᠠᠢᠷᠠᠭᠤᠯᠤᠭᠴᠢ ᠴᠡᠴᠡᠭ᠂ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠰᠣᠶᠤᠯ᠂ ᠳᠡᠳ᠋ ᠶᠡᠷᠦᠩᠬᠡᠢ ᠳᠠᠭᠠᠭᠠᠮᠠᠯ ᠸᠠᠩ ᠱᠢᠶᠤᠤ ᠯᠢᠩ ᠵᠢᠴᠢ ᠪᠦᠯᠦᠭᠯᠡᠯ᠎ᠦᠨ ᠠᠯᠪᠠᠨ ᠭᠡᠷ᠂ ᠨᠠᠮ ᠪᠠ ᠤᠯᠠᠨ ᠲᠦᠮᠡᠨ᠎ᠦ ᠠᠵᠢᠯ᠎ᠤᠨ ᠬᠡᠯᠳᠡᠰ᠂ ᠵᠣᠬᠢᠶᠠᠨ ᠪᠠᠢᠭᠤᠯᠤᠯᠲᠠ ᠠᠵᠢᠯᠲᠠᠨ᠎ᠤ ᠬᠡᠯᠳᠡᠰ᠂ ᠦᠢᠯᠡᠰ ᠬᠥᠭᠵᠢᠯᠳᠡ᠎ᠶᠢᠨ ᠬᠡᠯᠳᠡᠰ᠂ ᠮᠡᠳᠡᠭᠡ ᠵᠠᠩᠭᠢ᠎ᠶᠢᠨ ᠲᠥᠪ ᠵᠡᠷᠭᠡ ᠬᠠᠮᠢᠶ᠎ᠠ ᠪᠦᠬᠦᠢ ᠬᠡᠯᠲᠡᠰ᠎ᠦᠨ ᠲᠥᠯᠦᠭᠡᠯᠡᠭᠴᠢᠳ ᠬᠤᠷᠠᠯ᠎ᠳᠤ ᠣᠷᠤᠯᠴᠠᠵᠤ᠂ ᠮᠤᠨᠢ ᠺᠣᠮᠫᠠᠨᠢ᠎ᠶᠢᠨ ᠤᠳᠤᠷᠢᠳᠭᠤ ᠪᠠᠭ᠎ᠦᠨ ᠬᠡᠱᠢᠭᠦᠨ᠂ ᠡᠯ᠎ᠡ ᠬᠡᠯᠳᠡᠰ᠎ᠦᠨ ᠡᠷᠬᠢᠯᠡᠭᠴᠢ ᠪᠠ ᠠᠵᠢᠯᠲᠠᠨ᠎ᠤ ᠲᠥᠯᠦᠭᠡᠯᠡᠭᠴᠢ ᠬᠤᠷᠠᠯ᠎ᠳᠤ ᠣᠷᠤᠯᠴᠠᠪᠠ᠃

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ

  ᠲᠤᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠬᠤᠷᠠᠯ᠎ᠨᠢ ᠮᠤᠨᠢ ᠺᠣᠮᠫᠠᠨᠢ᠎ᠶᠢᠨ ᠠᠵᠢᠯ ᠦᠢᠯᠡᠰ᠎ᠤᠨ ᠬᠥᠭᠵᠢᠯᠲᠡ᠎ᠶᠢᠨ ᠪᠠᠢᠳᠠᠯ᠂ ᠡᠵᠡᠩᠨᠡᠯᠲᠡ᠎ᠶᠢᠨ ᠪᠠᠢᠳᠠᠯ᠂ ᠠᠵᠢᠯᠲᠠᠨ᠎ᠤ ᠡᠩᠨᠡᠭᠡ᠎ᠶᠢᠨ ᠲᠡᠭᠦᠯᠳᠡᠷᠵᠢᠭᠦᠯᠦᠯᠲᠡ ᠵᠢᠴᠢ ᠬᠣᠢᠱᠢᠳᠠ᠎ᠶᠢᠨ ᠬᠥᠭᠵᠢᠯᠲᠡ᠎ᠶᠢᠨ ᠲᠥᠯᠦᠪᠯᠡᠭᠡ᠂ ᠡᠵᠡᠩᠨᠡᠯᠲᠡ᠎ᠶᠢᠨ ᠶᠠᠪᠤᠴᠠ᠎ᠳᠤ ᠣᠷᠤᠱᠢᠵᠤ ᠪᠠᠢᠭ᠎ᠠ ᠠᠰᠠᠭᠤᠳᠠᠯ᠎ᠦᠨ ᠲᠣᠭᠤᠷᠢᠨ᠎ᠳᠤ ᠶᠠᠪᠤᠭᠳᠠᠵᠠᠢ᠃ ᠮᠤᠨᠢ ᠺᠣᠮᠫᠠᠨᠢ᠎ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠺᠣᠮᠫᠠᠨᠢ᠎ᠶᠢᠨ ᠤᠳᠤᠷᠢᠳᠭᠤ ᠪᠠᠭ᠎ᠦᠨ ᠬᠡᠱᠢᠭᠦᠨ᠎ᠨᠠᠷ᠎ᠡᠴᠡ ᠺᠣᠮᠫᠠᠨᠢ᠎ᠶᠢᠨ ᠣᠢᠷ᠎ᠠ᠎ᠶᠢᠨ ᠬᠤᠶᠠᠷ ᠵᠢᠯ᠎ᠤᠨ ᠡᠵᠡᠩᠨᠡᠯᠲᠡ᠎ᠶᠢᠨ ᠪᠠᠢᠳᠠᠯ ᠪᠠ ᠬᠣᠢᠱᠢᠳᠠ᠎ᠶᠢᠨ ᠬᠥᠭᠵᠢᠯᠲᠡ᠎ᠶᠢᠨ ᠬᠠᠨᠳᠤᠱᠢ᠎ᠶᠢᠨ ᠳᠤᠬᠠᠢ ᠨᠠᠷᠢᠯᠢᠭ ᠮᠡᠳᠡᠭᠦᠯᠦᠯᠲᠡ ᠬᠢᠭᠰᠡᠨ ᠪᠠᠢᠨ᠎ᠠ᠃ ᠱᠤᠸᠠᠩ ᠯᠦᠩ ᠱᠦᠵᠢ ᠬᠠᠷᠢᠭᠤ ᠮᠡᠳᠡᠭᠦᠯᠦᠯᠲᠡ᠎ᠶᠢ ᠰᠣᠨᠤᠰᠴᠤ᠂ ᠰᠠᠨᠠᠯ ᠰᠣᠯᠢᠯᠴᠠᠬᠤ᠎ᠶᠢᠨ ᠳᠠᠭᠠᠤ ᠠᠮᠵᠢᠯᠲᠠ᠎ᠶᠢ ᠥᠨᠳᠦᠷ ᠦᠨᠡᠯᠡᠵᠦ᠂ ᠣᠷᠤᠱᠢᠵᠤ ᠪᠠᠢᠭ᠎ᠠ ᠠᠰᠠᠭᠤᠳᠠᠯ᠎ᠢ ᠰᠤᠳᠤᠯᠤᠨ ᠶᠠᠷᠢᠯᠴᠠᠵᠤ᠂ ᠮᠤᠨᠢ ᠺᠣᠮᠫᠠᠨᠢ᠎ᠶᠢᠨ ᠬᠥᠭᠵᠢᠯᠲᠡ᠎ᠶᠢᠨ ᠳᠤᠬᠠᠢ 《ᠴᠠᠭ ᠲᠣᠬᠢᠶᠠᠯ》᠎ᠢ ᠴᠢᠩᠭ᠎ᠠ ᠠᠳᠭᠤᠵᠤ᠂ ᠦᠵᠡᠯᠲᠡ ᠰᠡᠳᠬᠢᠴᠠ᠎ᠪᠠᠨ ᠬᠥᠪᠴᠢᠯᠡᠨ᠂ ᠪᠥᠬᠦ ᠲᠠᠯ᠎ᠠ᠎ᠡᠴᠡ ᠭᠠᠷᠳᠠᠵᠤ ᠭᠣᠤᠯᠳᠠᠯᠭ᠎ᠠ᠎ᠲᠠᠢ ᠱᠢᠪᠳᠤᠯᠤᠨ ᠬᠥᠭᠵᠢᠯᠲᠡ᠎ᠪᠡᠨ ᠠᠬᠢᠭᠤᠯᠬᠤ ᠬᠡᠷᠡᠭᠳᠠᠢ ᠬᠡᠵᠤ ᠱᠠᠭᠠᠷᠳᠠᠨ᠂ ᠭᠣᠤᠯᠳᠠᠯᠭ᠎ᠠ᠎ᠲᠠᠢ ᠵᠢᠷᠭᠤᠭᠠᠨ ᠲᠠᠯ᠎ᠠ᠎ᠪᠠᠷ ᠴᠢᠩᠭᠠᠳᠭᠠᠭᠰᠠᠨ ᠪᠠᠢᠨ᠎ᠠ᠃ ᠨᠢᠭᠡ᠎ᠳᠦ᠂ ᠢᠷᠡᠭᠡᠳᠦᠢ᠎ᠶᠢᠨ ᠬᠥᠭᠵᠢᠯᠲᠡ᠎ᠪᠡᠨ ᠲᠥᠯᠦᠪᠵᠢᠭᠦᠯᠵᠦ᠂ ᠺᠣᠮᠫᠠᠨᠢ᠎ᠪᠠᠨ ᠪᠦᠲᠦᠭᠡᠨ ᠪᠠᠢᠭᠤᠯᠬᠤ᠎ᠡᠴᠡ ᠡᠵᠡᠩᠨᠡᠬᠦ ᠲᠡᠢᠱᠢ ᠱᠢᠯᠵᠢᠬᠦ᠎ᠶᠢ ᠭᠦᠨᠵᠡᠭᠡᠢ ᠪᠣᠳᠤᠯᠬᠢᠯᠠᠵᠤ᠂ ᠵᠣᠭᠰᠤᠴᠠ᠂ ᠬᠠᠷᠠᠯᠲᠠ᠂ ᠬᠠᠷᠢᠭᠤᠴᠠᠯᠭ᠎ᠠ᠎ᠪᠠᠨ ᠳᠤᠳᠦ ᠪᠣᠯᠭᠠᠬᠤ ᠬᠡᠷᠡᠭᠳᠠᠢ᠃ ᠬᠤᠶᠠᠷ᠎ᠲᠤ᠂ ᠺᠣᠮᠫᠠᠨᠢ᠎ᠶᠢᠨ ᠠᠵᠢᠯ᠎ᠤᠨ ᠲᠥᠯᠦᠪᠯᠡᠭᠡ᠂ ᠬᠥᠭᠵᠢᠯᠲᠡ᠎ᠶᠢᠨ ᠬᠠᠨᠳᠤᠱᠢ᠎ᠳᠤ ᠲᠣᠬᠢᠷᠠᠬᠤ ᠵᠣᠬᠢᠶᠠᠨ ᠪᠠᠢᠭᠤᠯᠤᠯᠲᠠ᠎ᠶᠢᠨ ᠵᠠᠭᠪᠤᠷ᠎ᠢ ᠲᠥᠰᠦᠪᠯᠡᠬᠦ ᠬᠡᠷᠡᠭᠲᠠᠢ᠃ ᠭᠤᠷᠪᠠ᠎ᠳᠤ᠂ ᠤᠳᠦ ᠴᠠᠭ ᠪᠣᠯᠤᠨ ᠢᠷᠡᠭᠡᠳᠦᠢ᠎ᠶᠢ ᠤᠶᠠᠯᠳᠤᠭᠤᠯᠤᠨ ᠠᠵᠢᠯᠲᠠᠨ᠎ᠤ ᠡᠩᠨᠡᠭᠡ᠎ᠶᠢᠨ ᠪᠣᠯᠪᠠᠰᠤᠷᠠᠯ᠎ᠢᠶᠡᠨ ᠳᠡᠭᠡᠭᠱᠢᠯᠡᠭᠦᠯᠦᠨ᠂ ᠺᠣᠮᠫᠠᠨᠢ᠎ᠶᠢᠨ ᠬᠠᠮᠢᠶᠠᠷᠤᠯᠲᠠ᠎ᠪᠠᠨ ᠴᠢᠩᠭᠠᠳᠭᠠᠨ᠂ ᠠᠵᠢᠯᠴᠢᠨ ᠪᠠ ᠠᠵᠢᠯ᠎ᠤᠨ ᠪᠠᠢᠷᠢ᠎ᠶᠢ ᠠᠮᠢᠳᠤᠯᠢᠭ᠎ᠢᠶᠠᠷ ᠲᠣᠬᠢᠷᠠᠭᠤᠯᠵᠤ᠂ ᠠᠵᠢᠯᠴᠢᠨ᠎ᠤ ᠤᠷᠮ᠎ᠠ᠎ᠶᠢ ᠬᠥᠪᠴᠢᠯᠡᠨ᠂ ᠬᠡᠷᠡᠭᠵᠢᠭᠦᠯᠬᠦ᠎ᠳᠦ ᠱᠢᠯᠦᠭᠤᠨ ᠪᠥᠭᠡᠳ ᠪᠦᠲᠦᠮᠵᠢ ᠰᠠᠢᠲᠠᠢ ᠠᠵᠢᠯ᠎ᠤᠨ ᠶᠠᠪᠤᠴᠠ ᠪᠠ ᠳᠦᠷᠢᠮ᠎ᠢ ᠪᠤᠢ ᠪᠣᠯᠭᠠᠬᠤ ᠬᠡᠷᠡᠭᠲᠠᠢ᠃ ᠲᠦᠷᠪᠠ᠎ᠳᠤ᠂ ᠡᠬᠢ ᠪᠠᠶᠠᠯᠢᠭ᠎ᠢᠶᠡᠨ ᠭᠦᠢᠴᠠᠳ ᠠᠱᠢᠭᠯᠠᠵᠤ᠂ ᠤᠳᠤᠬᠢ ᠪᠠᠢᠭᠤᠯᠤᠯᠲᠠ᠎ᠶᠢᠨ ᠦᠷ᠎ᠡ ᠳ᠋ᠦᠩ᠎ᠤᠨ ᠰᠠᠭᠤᠷᠢᠨ ᠳᠡᠭᠡᠷ᠎ᠡ ᠡᠬᠢ ᠪᠠᠶᠠᠯᠢᠭ᠎ᠤᠨ ᠪᠣᠯᠪᠠᠰᠤᠷᠠᠭᠤᠯᠤᠯᠲᠠ ᠪᠠ ᠪᠦᠲᠦᠭᠡᠭᠳᠡᠬᠦᠨ᠎ᠦ ᠥᠷᠲᠡᠭ᠎ᠢ ᠨᠡᠮᠡᠭᠳᠡᠭᠦᠯᠬᠦ ᠬᠡᠷᠡᠭᠳᠡᠢ᠃ ᠲᠠᠪᠤ᠎ᠳᠤ᠂ ᠳ᠋ᠢᠭᠢᠲ ᠪᠦᠲᠦᠭᠡᠭᠳᠡᠬᠦᠨ᠎ᠢᠶᠡᠨ ᠰᠠᠢᠳᠤᠷ ᠪᠣᠯᠪᠠᠰᠤᠷᠠᠭᠤᠯᠵᠤ᠂ ᠰᠣᠶᠤᠯ ᠪᠠ ᠮᠡᠷᠭᠡᠵᠢᠯ᠎ᠢ ᠠᠮᠢᠳᠤᠯᠢᠭ ᠤᠶᠠᠯᠳᠤᠭᠤᠯᠤᠨ ᠪᠦᠲᠦᠭᠡᠭᠳᠡᠬᠦᠨ᠎ᠢᠶᠡᠨ ᠵᠠᠬ᠎ᠠ ᠳᠡᠯᠭᠡᠭᠦᠷᠴᠢᠯᠡᠵᠤ᠂ ᠠᠵᠤ ᠦᠢᠯᠡᠰ᠎ᠦᠨ ᠤᠯᠠᠷᠢᠯᠳᠠ ᠳᠠᠪᠱᠢᠯᠲᠠ᠎ᠶᠢ ᠪᠡᠶᠡᠯᠡᠭᠦᠯᠬᠦ ᠬᠡᠷᠡᠭᠲᠠᠢ᠃ ᠵᠢᠷᠭᠤᠭ᠎ᠠ᠎ᠳᠤ᠂ ᠱᠢᠨ᠎ᠡ᠎ᠶᠢ ᠡᠭᠦᠳᠬᠦ᠎ᠶᠢ ᠤᠷᠢᠶᠠᠯᠠᠨ᠂ ᠬᠦᠴᠢᠷ᠎ᠢ ᠲᠡᠪᠴᠢᠨ ᠳᠠᠪᠠᠭᠤᠯᠢᠭ᠎ᠢᠶᠠᠨ ᠪᠠᠳᠠᠷᠠᠭᠤᠯᠤᠨ ᠠᠵᠢᠯ ᠲᠥᠷᠦᠯ᠎ᠢᠶᠡᠨ ᠥᠷᠭᠡᠳᠭᠡᠬᠦ ᠬᠡᠷᠡᠭᠲᠠᠢ ᠬᠡᠵᠠᠢ᠃

ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ

  ᠬᠤᠷᠠᠯ᠎ᠤᠨ ᠳᠤᠮᠳᠠ ᠶᠡᠷᠦᠩᠬᠡᠢ ᠨᠠᠢᠷᠠᠭᠤᠯᠤᠭᠴᠢ ᠴᠡᠴᠡᠭ᠂ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠰᠣᠶᠤᠯ᠂ ᠳᠡᠳ᠋ ᠶᠡᠷᠦᠩᠬᠡᠢ ᠳᠠᠭᠠᠭᠠᠮᠠᠯ ᠸᠠᠩ ᠱᠢᠶᠤᠤ ᠯᠢᠩ ᠤᠷᠢᠳ ᠬᠣᠵᠢᠳ ᠮᠤᠨᠢ ᠺᠣᠮᠫᠠᠨᠢ᠎ᠶᠢᠨ ᠬᠥᠭᠵᠢᠯᠲᠡ᠎ᠶᠢᠨ ᠲᠤᠬᠠᠢ ᠰᠠᠨᠠᠯ ᠵᠥᠪᠯᠡᠯᠭᠡ᠎ᠪᠡᠨ ᠶᠠᠷᠢᠪᠠ᠃

ᠬᠡᠪᠯᠡᠯ᠎ᠦᠨ ᠪᠦᠯᠦᠭᠯᠡᠯ᠎ᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠰᠣᠶᠤᠯ

 

ᠬᠡᠪᠯᠡᠯ᠎ᠦᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠸᠠᠩ ᠱᠢᠶᠤᠤ ᠯᠢᠩ

  ᠬᠤᠷᠠᠯ᠎ᠤᠨ ᠡᠴᠦᠰ᠎ᠲᠦ᠂ ᠱᠤᠸᠠᠩ ᠯᠦᠩ ᠱᠦᠵᠢ ᠳ᠋ᠦᠩᠨᠡᠯᠲᠡ ᠬᠢᠵᠤ᠂ ᠮᠤᠨᠢ ᠺᠣᠮᠫᠠᠨᠢ᠎ᠶᠢᠨ ᠣᠷᠴᠢᠮ᠎ᠤᠨ ᠬᠡᠳᠦᠨ ᠵᠢᠯ᠎ᠦᠨ ᠠᠵᠢᠯ᠎ᠤᠨ ᠠᠮᠵᠢᠯᠲᠠ᠎ᠶᠢ ᠥᠨᠳᠦᠷ ᠦᠨᠡᠯᠡᠵᠦ᠂ ᠺᠣᠮᠫᠠᠨᠢ᠎ᠶᠢᠨ ᠠᠵᠢᠯᠳᠠᠳ᠎ᠤᠨ ᠬᠠᠷᠢᠭᠤᠴᠠᠯᠭᠠᠲᠤ ᠤᠬᠠᠮᠰᠠᠷ᠂ ᠪᠦᠲᠦᠭᠡᠯᠴᠢ ᠵᠣᠷᠢᠭ᠎ᠢ ᠰᠠᠢᠱᠢᠶᠠᠨ᠂ ᠦᠢᠯᠡᠰ ᠪᠦᠲᠦᠭᠡᠬᠦ ᠤᠭ ᠰᠠᠨᠠᠭ᠎ᠠ᠎ᠪᠠᠨ ᠥᠯᠦ ᠮᠠᠷᠲᠠᠨ᠂ ᠦᠷᠭᠦᠯᠵᠢᠯᠡᠨ ᠮᠡᠷᠡᠢᠨ ᠴᠢᠷᠮᠠᠢᠵᠤ᠂ ᠪᠠᠢᠷᠢᠱᠢᠯ᠎ᠢᠶᠠᠨ ᠵᠥᠪ ᠲᠣᠭᠲᠠᠭᠠᠵᠤ᠂ ᠥᠪᠡᠷ᠎ᠦᠨ᠎ᠢᠶᠡᠨ ᠪᠦᠲᠦᠭᠡᠭᠳᠡᠬᠦᠨ ᠪᠠ ᠳ᠋ᠢᠭᠢᠲ ᠡᠬᠢ ᠪᠠᠶᠠᠯᠢᠭ᠎ᠢ ᠦᠢᠯᠡᠳᠦᠨ᠂ ᠵᠠᠬ᠎ᠠ ᠳᠡᠯᠭᠡᠭᠦᠷᠴᠢᠯᠡᠯ᠎ᠢ ᠴᠢᠩᠭᠠᠳᠭᠠᠨ᠂ ᠵᠣᠬᠢᠶᠠᠨ ᠪᠠᠢᠭᠤᠯᠤᠯᠲᠠ᠎ᠪᠠᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ ᠳᠤᠭᠳᠠᠭᠤᠨ ᠡᠵᠡᠩᠨᠡᠵᠦ᠂ ᠡᠬᠢ ᠪᠠᠶᠠᠯᠢᠭ᠎ᠦᠨ ᠳᠠᠪᠠᠭᠤᠯᠢᠭ᠎ᠢᠶᠠᠨ ᠪᠠᠳᠠᠷᠠᠭᠤᠯᠤᠨ᠂ ᠡᠯ᠎ᠡ ᠬᠡᠪᠯᠡᠯ᠎ᠦᠨ ᠬᠣᠷᠢᠶ᠎ᠠ᠎ᠯᠤᠭ᠎ᠠ ᠠᠭᠤᠯᠭ᠎ᠠ᠎ᠶᠢᠨ ᠲᠠᠯ᠎ᠠ᠎ᠪᠠᠷ ᠢᠳᠡᠪᠬᠢᠳᠠᠢ ᠬᠣᠯᠪᠤᠭᠠᠯᠠᠨ᠂ ᠬᠠᠮᠲᠤᠷᠠᠯᠴᠠᠵᠤ᠂ ᠬᠠᠷᠠᠭᠠᠯᠵᠠᠵᠤ᠂ ᠠᠵᠤ ᠠᠬᠤᠢ᠎ᠶᠢᠨ ᠱᠢᠨ᠎ᠡ ᠨᠡᠮᠡᠭᠳᠡᠯ᠎ᠢ ᠬᠠᠢᠵᠤ᠂ ᠱᠢᠨ᠎ᠡ ᠴᠠᠭ ᠦᠶ᠎ᠠ᠎ᠶᠢᠨ ᠱᠢᠨ᠎ᠡ ᠬᠠᠭᠤᠳᠠᠰᠦ᠎ᠶᠢ ᠪᠢᠴᠢᠭᠯᠡᠶ᠎ᠠ ᠬᠡᠪᠠ᠃ ᠬᠡᠪᠯᠡᠯ᠎ᠦᠨ ᠪᠦᠯᠦᠭᠯᠡᠯ᠎ᠦᠨ ᠡᠯ᠎ᠡ ᠱᠠᠳᠤᠨ᠎ᠤ ᠤᠳᠤᠷᠢᠳᠤᠯᠭ᠎ᠠ᠎ᠨᠠᠷ ᠮᠤᠨᠢ ᠺᠣᠮᠫᠠᠨᠢ᠎ᠶᠢ ᠬᠠᠯᠠᠮᠵᠢᠯᠠᠨ ᠳᠡᠮᠵᠢᠵᠦ᠂ ᠮᠡᠳᠡᠭᠡ ᠵᠠᠩᠭᠢ᠎ᠶᠢᠨ ᠲᠥᠪ ᠮᠤᠨᠢ ᠺᠣᠮᠫᠠᠨᠢ᠎ᠶᠢ ᠤᠳᠤᠷᠢᠳᠤᠨ ᠵᠢᠯᠤᠭᠤᠳᠴᠤ᠂ ᠮᠤᠨᠢ ᠺᠣᠮᠫᠠᠨᠢ᠎ᠶᠢᠨ ᠬᠥᠭᠵᠢᠯᠲᠡ᠎ᠶᠢ ᠠᠬᠢᠭᠤᠯᠬᠤ ᠬᠡᠷᠡᠭᠳᠠᠢ ᠬᠡᠵᠤ ᠱᠠᠭᠠᠷᠳᠠᠪᠠ᠃

ᠬᠡᠪᠯᠡᠯ᠎ᠦᠨ ᠪᠦᠯᠦᠭᠯᠡᠯ᠎ᠦᠨ ᠮᠡᠳᠡᠭᠡ ᠵᠠᠩᠭᠢ᠎ᠶᠢᠨ ᠲᠥᠪ᠎ᠦᠨ ᠡᠷᠬᠢᠯᠡᠭᠴᠢ᠂ ᠮᠤᠨᠢ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠪᠦᠷᠭᠦᠳ

 

ᠮᠤᠨᠢ ᠺᠣᠮᠫᠠᠨᠢ᠎ᠶᠢᠨ ᠶᠡᠷᠦᠩᠬᠡᠢ ᠳᠠᠭᠠᠭᠠᠮᠠᠯ  ᠎ᠵᠢᠨ ᠭᠦ

  ᠲᠤᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠬᠤᠷᠠᠯ ᠪᠣᠯ ᠮᠤᠨᠢ ᠺᠣᠮᠫᠠᠨᠢ ᠬᠡᠪᠯᠡᠯ᠎ᠦᠨ ᠪᠦᠯᠦᠭᠯᠡᠯ᠎ᠦᠨ ᠱᠢᠭᠤᠳ ᠬᠠᠷᠢᠶ᠎ᠠ ᠪᠠᠢᠭᠤᠯᠭ᠎ᠠ ᠪᠣᠯᠤᠭᠰᠠᠨ᠎ᠡᠴᠡ ᠨᠠᠭᠠᠱᠢᠬᠢ ᠠᠩᠬᠠᠨ᠎ᠤ ᠪᠠᠢᠴᠠᠭᠠᠨ ᠰᠤᠳᠤᠯᠤᠯᠲᠠ ᠪᠠᠢᠵᠤ᠂ ᠪᠦᠯᠦᠭᠯᠡᠯ᠎ᠡᠴᠡ ᠮᠤᠨᠢ ᠺᠣᠮᠫᠠᠨᠢ᠎ᠶᠢᠨ ᠡᠵᠡᠩᠨᠡᠯᠲᠡ᠎ᠶᠢ ᠨᠠᠷᠢᠨ ᠣᠢᠯᠠᠭᠠᠵᠤ᠂ ᠬᠠᠮᠢᠶᠠᠷᠤᠯᠲᠠ᠎ᠶᠢᠨ ᠲᠠᠯ᠎ᠠ᠎ᠪᠠᠷ ᠴᠢᠩᠭᠠᠳᠭᠠᠨ ᠳᠦᠷᠢᠮᠵᠢᠭᠦᠯᠵᠤ᠂ ᠳ᠋ᠢᠭᠢᠲᠴᠢᠯᠡᠯᠳᠡ᠎ᠶᠢᠨ ᠠᠵᠢᠯ᠎ᠢ ᠬᠥᠲᠦᠯᠦᠨ ᠵᠢᠯᠤᠭᠤᠳᠴᠦ᠂ ᠬᠢᠵᠢᠭ᠎ᠲᠠᠢ ᠲᠡᠮᠡᠴᠡᠬᠦ᠎ᠶᠢᠨ ᠳᠠᠭᠠᠤ ᠦᠢᠯᠡᠰ᠎ᠢᠶᠡᠨ ᠬᠥᠭᠵᠢᠭᠦᠯᠬᠦ ᠠᠵᠢᠯᠯᠠᠭᠠᠨ᠎ᠤ ᠢᠯᠡᠷᠡᠯ ᠪᠠᠢᠵᠤ᠂ ᠮᠤᠨᠢ ᠺᠣᠮᠫᠠᠨᠢ᠎ᠶᠢᠨ ᠬᠣᠢᠱᠢᠳᠠ᠎ᠶᠢᠨ ᠬᠥᠭᠵᠢᠯᠲᠡ᠎ᠳᠤ ᠴᠠᠮᠬᠠᠭ᠎ᠤᠨ ᠦᠢᠯᠡᠳᠦᠯ ᠦᠵᠡᠭᠦᠯᠬᠦ᠎ᠨᠢ ᠯᠠᠪᠲᠠᠢ᠎ᠶᠤᠮ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604