2020 ᠣᠨ᠎ᠤ ᠦᠪᠡᠷᠳᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠦᠯ ᠵᠦᠢᠯ᠎ᠦᠨ ᠨᠥᠭᠡᠴᠡ ᠬᠥᠮᠦᠷᠭᠡ᠎ᠳᠦ ᠣᠷᠤᠭᠤᠯᠬᠤ ᠲᠥᠷᠦᠯ ᠵᠦᠢᠯ᠎ᠢ ᠰᠣᠩᠭᠤᠨ ᠳᠤᠭᠲᠠᠭᠠᠪᠠ
2020.04.01

  ᠦᠪᠡᠷᠳᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠭᠡᠨ ᠠᠬᠢᠭᠤᠯᠬᠤ᠎ᠶᠢᠨ ᠲᠥᠯᠦᠭᠡ᠂ ᠣᠢᠷ᠎ᠠ᠎ᠳᠤ ᠥᠪᠡᠷᠳᠡᠭᠡᠨ ᠵᠠᠰᠠᠬᠤ ᠣᠷᠤᠨ᠎ᠤ ᠦᠨᠳᠦᠰᠦᠳᠡᠨ᠎ᠦ ᠬᠡᠷᠡᠭ ᠡᠷᠬᠢᠯᠡᠬᠦ ᠵᠥᠪᠯᠡᠯ᠎ᠡᠴᠡ ᠴᠤᠭᠯᠠᠭᠤᠯᠤᠭᠰᠠᠨ ᠲᠥᠷᠦᠯ ᠵᠦᠢᠯ᠎ᠢᠶᠡᠨ ᠡᠮᠬᠢᠯᠡᠨ ᠬᠤᠷᠢᠶᠠᠩᠭᠤᠢᠯᠠᠵᠤ ᠲᠥᠷᠦᠯ ᠬᠤᠪᠢᠶᠠᠭᠰᠠᠨ ᠰᠠᠭᠤᠷᠢᠨ ᠳᠡᠭᠡᠷ᠎ᠡ᠂ ᠬᠡᠷᠡᠭᠯᠡᠭᠡᠨ᠎ᠦ ᠨᠡᠭᠡᠭᠡᠨ ᠬᠥᠭᠵᠢᠭᠦᠯᠦᠯᠳᠡ᠂ ᠬᠠᠮᠲᠦ᠎ᠪᠡᠷ ᠡᠳ᠋ᠯᠡᠬᠦ ᠡᠬᠢ ᠪᠠᠶᠠᠯᠢᠭ᠎ᠤᠨ ᠪᠦᠲᠦᠭᠡᠨ ᠪᠠᠢᠭᠤᠯᠤᠯᠲᠠ᠂ ᠮᠡᠷᠭᠡᠵᠢᠯ᠎ᠦᠨ ᠦᠢᠯᠡᠴᠢᠯᠡᠭᠡ ᠵᠡᠷᠭᠡ 3 ᠶᠡᠬᠡ ᠲᠥᠷᠦᠯ 7 ᠬᠡᠷᠡᠭᠵᠢᠭᠦᠯᠬᠦ ᠴᠢᠭᠯᠡᠯ᠎ᠢ ᠰᠤᠳᠤᠯᠤᠨ ᠰᠣᠩᠭᠤᠨ ᠳᠤᠭᠳᠠᠭᠠᠵᠤ᠂ 2020 ᠣᠨ᠎ᠤ ᠦᠪᠡᠷᠳᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠳᠠ᠎ᠶᠢᠨ ᠲᠥᠷᠦᠯ ᠵᠦᠢᠯ᠎ᠦᠨ ᠨᠥᠭᠡᠴᠠ ᠬᠥᠮᠦᠷᠭᠡ᠎ᠳᠦ ᠣᠷᠤᠭᠤᠯᠬᠤ ᠲᠥᠷᠦᠯ ᠵᠦᠢᠯ ᠪᠣᠯᠭᠠᠪᠠ᠃

  2020 ᠣᠨ᠎ᠳᠤ᠂ ᠦᠪᠡᠷᠳᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠳᠠ᠎ᠶᠢᠨ ᠲᠥᠷᠦᠯ ᠵᠦᠢᠯ᠎ᠨᠢ ᠭᠣᠤᠯᠳᠠᠭᠤ ᠳᠣᠤᠷᠠᠬᠢ 4 ᠲᠠᠯ᠎ᠠ᠎ᠶᠢᠨ ᠲᠣᠭᠤᠷᠢᠨ᠎ᠳᠤ ᠶᠠᠪᠤᠭᠳᠠᠨ᠎ᠠ᠃

  1.ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠪᠠᠷᠢᠮᠵᠢᠶ᠎ᠠ᠎ᠶᠢ ᠳᠡᠯᠭᠡᠷᠡᠭᠦᠯᠦᠨ ᠬᠡᠷᠡᠭᠵᠢᠭᠦᠯᠬᠦ᠎ᠪᠡᠷ ᠭᠣᠤᠯᠳᠠᠯᠭ᠎ᠠ ᠪᠣᠯᠭᠠᠵᠤ᠂ ᠠᠳᠠᠯᠢ ᠪᠤᠰᠦ ᠬᠦᠷᠢᠶ᠎ᠡ ᠴᠠᠷᠠᠭ᠎ᠠ᠎ᠶᠢᠨ ᠮᠣᠩᠭᠤᠯ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠬᠠᠮᠢᠶ᠎ᠠ ᠪᠦᠬᠦᠢ ᠮᠡᠳᠡᠭᠡ ᠵᠠᠩᠭᠢ᠎ᠶᠢ ᠱᠢᠢᠳᠪᠦᠷᠢᠯᠡᠬᠦ ᠵᠢᠷᠤᠮᠵᠢᠭᠰᠠᠨ ᠪᠠᠷᠢᠮᠵᠢᠶᠠᠵᠢᠭᠰᠠᠨ ᠪᠦᠲᠦᠭᠡᠨ ᠪᠠᠢᠭᠤᠯᠤᠯᠳᠠ ᠵᠢᠴᠢ ᠬᠡᠷᠡᠭᠵᠢᠭᠦᠯᠬᠦ ᠠᠵᠢᠯ᠎ᠢ ᠠᠬᠢᠭᠤᠯᠤᠨ᠎ᠠ᠃

  2.ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠬᠡᠷᠡᠭᠯᠡᠭᠡᠨ᠎ᠦ ᠰᠤᠳᠤᠯᠤᠨ ᠨᠡᠭᠡᠭᠡᠯᠳᠡ᠂ ᠦᠷ᠎ᠡ ᠪᠦᠲᠦᠭᠡᠯ᠎ᠢ ᠤᠯᠠᠷᠢᠭᠤᠯᠬᠤ᠎ᠪᠠᠷ ᠵᠣᠷᠢᠯᠭ᠎ᠠ ᠪᠣᠯᠭᠠᠵᠤ᠂ ᠤᠯᠠᠨ ᠬᠡᠯᠪᠠᠷᠢ ᠤᠯᠠᠨ ᠲᠡᠰ ᠳᠠᠪᠬᠤᠷᠭ᠎ᠠ᠎ᠶᠢᠨ ᠤᠬᠠᠭᠤᠯᠭ᠎ᠠ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ᠂ ᠲᠠᠨᠢᠯᠴᠠᠭᠤᠯᠤᠨ ᠬᠦᠷᠭᠡᠬᠦ ᠦᠢᠯᠠᠴᠢᠯᠡᠭᠡ ᠥᠷᠨᠢᠭᠦᠯᠵᠦ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠥᠨᠳᠦᠷ ᠦᠷ᠎ᠡ ᠪᠦᠲᠦᠮᠵᠢᠲᠡᠢ᠎ᠪᠡᠷ ᠤᠯᠠᠷᠢᠭᠤᠯᠤᠨ ᠠᠱᠢᠭᠯᠠᠬᠤ᠎ᠶᠢ ᠶᠠᠭᠡ᠎ᠪᠠᠷ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠬᠡᠷᠡᠭᠯᠡᠯᠳᠡ ᠳᠡᠯᠭᠡᠷᠡᠭᠦᠯᠦᠯᠳᠡ᠎ᠶᠢ ᠲᠦᠷᠭᠡᠳᠭᠡᠨ᠎ᠡ᠃

  3.ᠮᠣᠩᠭᠤᠯ ᠦᠭᠡ ᠬᠡᠯᠡ ᠦᠰᠦᠭ ᠪᠢᠴᠢᠭ᠎ᠤᠨ ᠳᠤᠭᠠᠴᠢᠯᠠᠭᠰᠠᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠤ ᠬᠠᠮᠲᠦ᠎ᠪᠡᠷ ᠡᠳ᠋ᠯᠡᠬᠦ ᠲᠠᠯ᠎ᠠ᠎ᠪᠠᠷ᠂ ᠦᠨᠳᠦᠰᠦᠳᠡᠨ᠎ᠦ ᠰᠤᠷᠭᠠᠨ ᠬᠥᠮᠦᠵᠢᠯ᠂ ᠰᠣᠶᠤᠯ᠂ ᠱᠢᠨᠵᠢᠯᠡᠬᠦ ᠤᠬᠠᠭᠠᠨ ᠮᠡᠷᠭᠡᠵᠢᠯ ᠵᠡᠷᠭᠡ ᠴᠦ᠋ᠬᠡᠨ ᠳᠤᠭᠠᠲᠦ ᠦᠨᠳᠦᠰᠦᠳᠡᠨ᠎ᠦ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠲᠠᠢ ᠨᠢᠭᠳᠠ ᠬᠣᠯᠪᠤᠭ᠎ᠠ᠎ᠲᠠᠢ ᠤᠯᠠᠨ ᠵᠠᠭᠤᠴᠢᠲᠦ ᠳᠤᠭᠠᠴᠢᠯᠠᠭᠰᠠᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠎ᠪᠡᠷ ᠭᠣᠤᠯ ᠪᠣᠯᠭᠠᠨ᠎ᠠ᠃

  4.ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠶᠢᠨ ᠮᠡᠷᠭᠡᠵᠢᠯ᠎ᠦᠨ ᠪᠣᠭᠤᠮᠢ ᠠᠰᠠᠭᠤᠳᠠᠯ ᠬᠦᠴᠢᠷ ᠠᠰᠠᠭᠤᠳᠠᠯ᠎ᠢ ᠬᠦᠴᠦᠯᠡᠨ ᠱᠢᠢᠳᠪᠦᠷᠢᠯᠡᠵᠤ᠂ ᠮᠣᠩᠭᠤᠯ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠴᠢᠯᠠᠯᠲᠠ᠎ᠳᠤ ᠪᠠᠴᠢᠮ ᠱᠠᠭᠠᠷᠳᠠᠭᠳᠠᠬᠤ᠂ ᠠᠵᠢᠯ ᠲᠥᠷᠦᠯ᠎ᠦᠨ ᠬᠥᠭᠵᠢᠯᠳᠡ᠎ᠶᠢ ᠨᠥᠯᠦᠭᠡᠯᠡᠬᠦ ᠴᠢᠬᠤᠯᠠ ᠶᠡᠬᠡ ᠤᠯᠠᠨ ᠨᠡᠢᠳᠡ᠎ᠶᠢᠨ ᠠᠱᠢᠭ ᠲᠤᠰᠠ ᠪᠤᠶᠤ ᠴᠢᠬᠤᠯᠠ ᠶᠡᠬᠡ ᠮᠡᠷᠭᠡᠵᠢᠯ᠎ᠦᠨ ᠠᠰᠠᠭᠤᠳᠠᠯ᠎ᠤᠨ ᠮᠡᠷᠭᠡᠵᠢᠯ᠎ᠦᠨ ᠦᠷ᠎ᠡ ᠪᠦᠲᠦᠭᠡᠯ ᠪᠠ ᠲᠥᠷᠦᠯ ᠵᠦᠢᠯ᠎ᠢ ᠴᠢᠬᠤᠯᠠᠴᠢᠯᠠᠨ᠂ ᠤᠯᠠᠨ ᠨᠡᠢᠲᠡ᠎ᠳᠦ ᠦᠢᠯᠡᠴᠢᠯᠡᠬᠦ ᠠᠵᠢᠯ ᠲᠥᠷᠦᠯ᠎ᠦᠨ ᠵᠥᠭᠡᠯᠡᠨ ᠳᠤᠨᠤᠭ ᠵᠢᠴᠢ ᠭᠡᠷᠡᠭᠯᠡᠭᠡᠨ᠎ᠦ ᠴᠢᠨᠠᠷ᠎ᠢᠶᠠᠷ ᠨᠡᠯᠢᠶᠠᠳ ᠴᠢᠩᠭ᠎ᠠ ᠬᠡᠷᠡᠭᠯᠡᠭᠡᠨ᠎ᠦ ᠵᠥᠭᠡᠯᠡᠨ ᠳᠤᠨᠤᠭ᠎ᠢ ᠨᠡᠭᠡᠭᠡᠨ ᠬᠥᠭᠵᠢᠭᠦᠯᠵᠤ᠂ ᠲᠥᠷᠦᠯ ᠵᠦᠢᠯ᠎ᠦᠨ ᠦᠷ᠎ᠡ ᠪᠦᠲᠦᠮᠵᠢ᠎ᠶᠢ ᠢᠳᠡᠪᠬᠢᠲᠡᠢ᠎ᠪᠡᠷ ᠪᠠᠳᠠᠷᠠᠭᠤᠯᠤᠨ᠂ ᠲᠥᠷᠦᠯ ᠵᠦᠢᠯ᠎ᠦᠨ ᠪᠦᠲᠦᠭᠡᠨ ᠪᠠᠢᠭᠤᠯᠤᠯᠳᠠ᠎ᠶᠢᠨ ᠦᠷ᠎ᠡ ᠪᠦᠲᠦᠭᠡᠯ᠎ᠢ ᠣᠷᠤᠨ᠎ᠤ ᠳᠤᠳᠤᠨ᠎ᠠ ᠭᠠᠳᠠᠨᠠᠬᠢ ᠦᠨᠳᠦᠰᠦᠳᠡᠨ ᠨᠤᠭᠦᠳ᠎ᠦᠨ ᠤᠯᠠᠨ ᠲᠦᠮᠡᠨ᠎ᠳᠦ ᠬᠦᠷᠳᠡᠭᠡᠨ᠎ᠡ᠃

 

                      ᠦᠪᠤᠷ ᠮᠣᠩᠭᠤᠯ᠎ᠤᠨ ᠡᠳᠦᠷ᠎ᠦᠨ ᠰᠣᠨᠢᠨ᠎ᠡᠴᠡ ᠱᠢᠯᠵᠢᠭᠦᠯᠦᠨ ᠨᠡᠢᠲᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604