ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ 2020 ᠣᠨ ᠤ᠋ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠠᠵᠢᠯ ᠤ᠋ᠨ ᠲᠤᠰᠭᠠᠢ ᠰᠠᠳᠦᠪᠲᠦ ᠬᠤᠷᠠᠯ ᠬᠤᠷᠠᠯᠳᠤᠪᠠ
2020.04.21

  ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢᠴᠢ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠬᠦᠨᠵᠡᠭᠡᠢ ᠰᠤᠷᠤᠯᠴᠠᠨ᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯᠳᠤᠭᠠᠨ ᠤ᠋ ᠵᠣᠷᠢᠭ ᠰᠠᠨᠠᠭ᠎ᠠ ᠪᠣᠯᠤᠨ ᠦᠪᠡᠷᠳᠡᠭᠡᠨ ᠵᠠᠰᠠᠬᠤ ᠣᠷᠤᠨ ᠤ᠋ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ᠂ 2020 ᠣᠨ ᠤ᠋ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠠᠵᠢᠯ ᠢ᠋ ᠰᠠᠢᠳᠤᠷ ᠬᠢᠬᠦ ᠶ᠋ᠢᠨ ᠲᠥᠯᠦᠭᠡ᠂ 4 ᠰᠠᠷ᠎ᠠ ᠶ᠋ᠢᠨ 14 ᠤ᠋ ᠡᠳᠦᠷ ᠦ᠋ᠨ ᠦᠳᠡ ᠶ᠋ᠢᠨ ᠬᠣᠢᠨ᠎ᠠ᠂ ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠳᠤᠰᠬᠠᠢ ᠰᠠᠳᠤᠪᠲᠦ ᠬᠤᠷᠠᠯ ᠬᠤᠷᠠᠯᠳᠤᠭᠤᠯᠪᠠ᠃ ᠲᠤᠰ ᠬᠤᠷᠠᠯ ᠨᠢ ᠬᠡᠪᠯᠡᠯ ᠦ᠋ᠨ ᠪᠦᠯᠦᠭᠯᠡᠯ ᠦ᠋ᠨ ᠵᠢᠯ ᠦ᠋ᠨ ᠡᠬᠢᠨ ᠦ᠌ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠵᠢᠴᠢ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠠᠵᠢᠯ ᠤ᠋ᠨ ᠬᠤᠷᠠᠯ ᠢ᠋ᠶ᠋ᠡᠷ᠂ 2020 ᠣᠨ ᠤ᠋ ᠠᠵᠢᠯ ᠳ᠋ᠤ᠌ ᠪᠥᠬᠦ ᠲᠠᠯ᠎ᠠ ᠪᠠᠷ ᠪᠠᠢᠷᠢᠯᠠᠭᠤᠯᠤᠯᠲᠠ ᠬᠢᠭᠰᠡᠨ ᠦ᠌ ᠰᠡᠭᠦᠯᠡᠷ᠂ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ《ᠬᠤᠶᠠᠷ ᠬᠠᠷᠢᠭᠤᠴᠠᠯᠭ᠎ᠠ》 ᠶ᠋ᠢ ᠴᠢᠩᠭ᠎ᠠ ᠨᠠᠢᠳᠠᠪᠤᠷᠢᠵᠢᠭᠤᠯᠬᠤ ᠠᠵᠢᠯ ᠢ᠋ᠶ᠋ᠡᠨ ᠭᠦᠨᠵᠡᠭᠡᠢ ᠰᠤᠳᠤᠯᠤᠨ ᠪᠠᠢᠷᠢᠯᠠᠭᠤᠯᠵᠤ᠂ ᠬᠡᠪᠯᠡᠯ ᠦ᠋ᠨ ᠪᠦᠯᠦᠭᠯᠡᠯ ᠦ᠋ᠨ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠦᠷᠭᠦᠯᠵᠢᠯᠡᠨ ᠲᠦᠯᠬᠢᠨ ᠠᠬᠢᠭᠤᠯᠬᠤ ᠬᠤᠷᠠᠯᠳᠤᠭᠠᠨ ᠪᠣᠯᠤᠨ᠎ᠠ᠃

  ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠦ᠋ᠨ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠲᠦ᠍ ᠰᠠᠭᠤᠭ᠎ᠠ ᠰᠠᠬᠢᠯᠭ᠎ᠠ ᠪᠠᠲᠦ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠴᠣᠯᠮᠤᠨ ᠬᠤᠷᠠᠯ ᠳ᠋ᠤ᠌ ᠰᠠᠭᠠᠲᠠᠪᠠ᠃ ᠬᠡᠪᠯᠡᠯ ᠦ᠋ᠨ ᠪᠦᠯᠦᠭᠯᠡᠯ ᠦ᠋ᠨ ᠤᠳᠤᠷᠢᠳᠬᠤ ᠪᠠᠭ ᠤ᠋ᠨ ᠪᠥᠬᠦ ᠬᠡᠰᠢᠬᠦᠳ᠂ ᠬᠥᠬᠡᠬᠣᠲᠠ ᠳ᠋ᠤ᠌ ᠰᠠᠭᠤᠭ᠎ᠠ ᠬᠠᠷᠢᠶ᠎ᠠ ᠪᠠᠢᠭᠤᠯᠭ᠎ᠠ ᠶ᠋ᠢᠨ ᠭᠣᠣᠯ ᠬᠠᠷᠢᠭᠤᠴᠠᠯᠭᠠᠲᠠᠨ ᠬᠤᠷᠠᠯ ᠳ᠋ᠤ᠌ ᠣᠷᠤᠯᠴᠠᠪᠠ᠃ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠬᠤᠷᠠᠯ ᠢ᠋ ᠡᠷᠬᠢᠯᠡᠵᠤ ᠶᠠᠷᠢᠶ᠎ᠠ ᠲᠠᠯᠪᠢᠪᠠ᠃

  ᠬᠤᠷᠠᠯ ᠳᠡᠭᠡᠷ᠎ᠡ᠂ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠰᠢ ᠵᠢᠨ ᠫᠢᠩ ᠶᠡᠷᠦᠩᠬᠡᠢ ᠱᠦᠵᠢ ᠶ᠋ᠢᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷᠡᠬᠢ ᠶᠠᠷᠢᠶ᠎ᠠ ᠪᠣᠯᠤᠨ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠱᠦᠵᠢ ᠱᠢ ᠲᠠᠢ ᠹᠸᠩ ᠤ᠋ᠨ ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯᠳᠤᠭᠠᠨ ᠳᠡᠭᠡᠷᠡᠬᠢ ᠶᠠᠷᠢᠶᠠᠨ ᠤ᠋ ᠵᠣᠷᠢᠭ ᠰᠠᠨᠠᠭ᠎ᠠ ᠶ᠋ᠢ ᠳᠠᠮᠵᠢᠭᠤᠯᠤᠨ ᠰᠤᠷᠤᠯᠴᠠᠵᠠᠢ᠃

  ᠬᠡᠪᠯᠡᠯ ᠦ᠋ᠨ ᠪᠦᠯᠦᠭᠯᠡᠯ ᠦ᠋ᠨ ᠰᠠᠬᠢᠯᠭ᠎ᠠ ᠪᠠᠲᠦ ᠪᠠᠢᠴᠠᠭᠠᠬᠤ ᠬᠣᠷᠢᠶᠠᠨ ᠤ᠋ ᠱᠦᠵᠢ ᠯᠢ ᠮᠧᠩ ᡁᠢ ᠦᠪᠡᠷᠳᠡᠭᠡᠨ ᠵᠠᠰᠠᠬᠤ ᠣᠷᠤᠨ ᠤ᠋ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠱᠦᠵᠢ ᠯᠢᠤ ᠴᠢ ᠹᠠᠨ ᠤ᠋ ᠥᠪᠡᠷᠲᠡᠭᠡᠨ ᠵᠠᠰᠠᠬᠤ ᠣᠷᠤᠨ ᠤ᠋ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ ᠬᠢᠭᠰᠡᠨ ᠠᠵᠢᠯ ᠤ᠋ᠨ ᠮᠡᠳᠡᠭᠦᠯᠦᠯᠲᠡ ᠶ᠋ᠢ ᠳᠠᠮᠵᠢᠭᠤᠯᠤᠭᠰᠠᠨ ᠪᠠᠢᠨ᠎ᠠ᠃

  ᠬᠤᠷᠠᠯ ᠳᠡᠭᠡᠷ᠎ᠡ᠂《ᠬᠡᠪᠯᠡᠯ ᠶ᠋ᠢᠨ ᠪᠦᠯᠦᠭᠯᠡᠯ ᠦ᠋ᠨ 2020 ᠣᠨ ᠤ᠋ ᠨᠠᠮ ᠤ᠋ᠨ ᠰᠤᠷᠳᠠᠯ ᠴᠢᠭᠡᠴᠢ ᠵᠠᠰᠠᠭ ᠤ᠋ᠨ ᠪᠠᠢᠭᠤᠯᠤᠯᠲᠠ ᠶ᠋ᠢᠨ <ᠬᠣᠶᠠᠷ ᠬᠠᠷᠢᠭᠤᠴᠠᠯᠭ᠎ᠠ> ᠶ᠋ᠢᠨ ᠨᠠᠷᠢᠨ ᠬᠠᠭᠤᠳᠠᠰᠦ ᠵᠢᠴᠢ ᠠᠵᠢᠯ ᠤ᠋ᠨ ᠳᠠᠩᠰᠠ》 ᠶ᠋ᠢ ᠳᠤᠰᠬᠠᠢ ᠰᠠᠳᠤᠪ ᠢ᠋ᠶ᠋ᠠᠷ ᠰᠤᠳᠤᠯᠤᠨ ᠶᠠᠷᠢᠯᠴᠠᠭᠰᠠᠨ ᠤ᠋ ᠳᠠᠷᠠᠭ᠎ᠠ᠂ ᠱᠤᠸᠠᠩ ᠯᠦᠩ ᠱᠦᠵᠢ ᠶᠡᠷᠦᠩᠬᠡᠢᠯᠡᠨ ᠳ᠋ᠦᠩᠨᠡᠭᠰᠡᠨ ᠪᠠᠢᠨ᠎ᠠ᠃

  ᠱᠤᠸᠠᠩ ᠯᠦᠩ ᠱᠦᠵᠢ ᠶᠠᠷᠢᠶᠠᠨ ᠳ᠋ᠤ᠌ ᠪᠠᠨ᠂ ᠪᠦᠯᠦᠭᠯᠡᠯ ᠦ᠋ᠨ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠠᠷᠡᠮᠡᠯ ᠢ᠋ ᠡᠰᠡᠷᠭᠦᠴᠡᠬᠦ ᠠᠵᠢᠯ ᠢ᠋ ᠲᠦᠯᠬᠢᠨ ᠠᠬᠢᠭᠤᠯᠵᠤ ᠪᠤᠳᠠᠳᠠᠢ ᠦᠷ᠎ᠡ ᠪᠦᠲᠦᠮᠵᠢ ᠤᠯᠬᠤ ᠶ᠋ᠢᠨ ᠵᠠᠩᠭᠢᠯᠠᠭ᠎ᠠ ᠨᠢ ᠡᠯ᠎ᠡ ᠱᠠᠳᠤᠨ ᠤ᠋ ᠨᠠᠮ ᠤ᠋ᠨ ᠵᠣᠬᠢᠶᠠᠨ ᠪᠠᠢᠭᠤᠯᠤᠯᠲᠠ᠂ ᠪᠥᠬᠦ ᠨᠠᠮ ᠤ᠋ᠨ ᠬᠡᠰᠢᠬᠦᠨ ᠤᠳᠤᠷᠢᠳᠬᠤ ᠺᠠᠲᠷ ᠲᠤ᠌ ᠪᠠᠢᠨ᠎ᠠ᠂ ᠡᠯ᠎ᠡ ᠱᠠᠳᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠠ ᠭᠣᠣᠯ ᠬᠠᠷᠢᠭᠤᠴᠠᠯᠭᠠᠲᠠᠨ ᠰᠢ ᠵᠢᠨ ᠫᠢᠩ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ᠋ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠂ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯᠳᠤᠭᠠᠨ ᠤ᠋ ᠵᠣᠷᠢᠭ ᠰᠠᠨᠠᠭ᠎ᠠ ᠪᠣᠯᠤᠨ ᠦᠪᠡᠷᠳᠡᠭᠡᠨ ᠵᠠᠰᠠᠬᠤ ᠣᠷᠤᠨ ᠤ᠋ ᠰᠠᠬᠢᠯᠭ᠎ᠠ ᠪᠠᠳᠦ ᠪᠠᠢᠴᠠᠭᠠᠬᠤ ᠬᠣᠷᠢᠶᠠᠨ ᠤ᠋ ᠠᠷᠪᠠᠳᠤᠭᠠᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠤᠨ᠂ ᠪᠥᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢᠨ ᠤᠬᠠᠮᠰᠠᠷᠲᠤ ᠴᠢᠨᠠᠷ ᠪᠠ ᠡᠷᠡᠰ ᠭᠤᠢᠪᠢᠰᠢ ᠦᠭᠡᠢ ᠴᠢᠨᠠᠷ ᠢ᠋ ᠦᠨᠡᠨ ᠬᠦ᠌ ᠪᠡᠬᠢᠵᠢᠭᠦᠯᠬᠦ ᠬᠡᠷᠡᠭᠲᠡᠢ ᠬᠡᠵᠠᠢ᠃

  ᠱᠤᠸᠠᠩ ᠯᠦᠩ ᠱᠦᠵᠢ ᠱᠠᠭᠠᠷᠳᠠᠭᠰᠠᠨ ᠨᠢ᠂ ᠬᠡᠪᠯᠡᠯ ᠦ᠋ᠨ ᠪᠦᠯᠦᠭᠯᠡᠯ ᠦ᠋ᠨ ᠡᠯ᠎ᠡ ᠱᠠᠳᠤᠨ ᠤ᠋ ᠨᠠᠮ ᠤ᠋ᠨ ᠵᠣᠬᠢᠶᠠᠨ ᠪᠠᠢᠭᠤᠯᠤᠯᠲᠠ᠂ ᠨᠠᠮ ᠤ᠋ᠨ ᠬᠡᠰᠢᠬᠦᠨ ᠤᠳᠤᠷᠢᠳᠬᠤ ᠺᠠᠲᠷ ᠤᠯᠤᠰ ᠲᠥᠷᠦ ᠶ᠋ᠢᠨ ᠲᠠᠯ᠎ᠠ ᠪᠠᠷ《ᠬᠤᠶᠠᠷ ᠢ᠋ ᠬᠠᠮᠠᠭᠠᠯᠠᠬᠤ》 ᠶ᠋ᠢ ᠪᠠᠷᠢᠮᠲᠠᠯᠠᠨ᠂ ᠤᠯᠤᠰ ᠲᠥᠷᠦ ᠶ᠋ᠢᠨ ᠵᠣᠬᠢᠶᠠᠨ ᠪᠠᠢᠭᠤᠯᠤᠯᠲᠠ ᠶ᠋ᠢ ᠪᠣᠳᠠᠲᠠᠢᠵᠢᠭᠤᠯᠤᠨ᠂ ᠠᠵᠢᠯ ᠤ᠋ᠨ ᠪᠠᠢᠷᠢᠨ ᠳᠡᠭᠡᠷᠡᠬᠢ《ᠡᠭᠦᠷᠭᠡᠯᠡᠯ》 ᠢ᠋ᠶ᠋ᠡᠨ ᠲᠣᠪᠤᠢᠯᠭᠠᠵᠤ᠂ ᠭᠣᠣᠯ ᠴᠣᠭᠴᠠ ᠶ᠋ᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ᠂ ᠡᠵᠡᠩᠨᠡᠨ ᠬᠠᠮᠢᠶᠠᠷᠤᠯᠲᠠ ᠳᠡᠭᠡᠷ᠎ᠡ ᠪᠥᠬᠦ ᠲᠠᠯ᠎ᠠ ᠶ᠋ᠢ ᠬᠠᠮᠤᠷᠴᠤ᠂ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠴᠢᠩᠭᠠᠳᠭᠠᠵᠤ᠂ ᠬᠢᠨᠠᠯᠲᠠ ᠳᠠᠯᠪᠢᠬᠤ ᠪᠠᠢᠭᠤᠯᠤᠯ ᠢ᠋ᠶ᠋ᠠᠨ ᠢᠳᠡᠪᠬᠢᠳᠠᠢ ᠰᠢᠨᠡᠴᠢᠯᠡᠨ᠂ ᠬᠢᠨᠠᠯᠲᠠ ᠲᠠᠯᠪᠢᠬᠤ ᠳᠦᠷᠢᠮ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠭᠦᠷᠭᠡ ᠲᠤᠰᠢᠶᠠᠯ ᠳ᠋ᠤ᠌ ᠬᠦᠴᠦ ᠲᠠᠯᠪᠢᠬᠤ ᠬᠡᠷᠡᠭᠳᠠᠢ ᠬᠡᠵᠠᠢ᠃

  ᠱᠤᠸᠠᠩ ᠯᠦᠩ ᠱᠦᠵᠢ ᠴᠢᠩᠭᠠᠳᠭᠠᠭᠰᠠᠨ ᠨᠢ᠂ ᠪᠥᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠨᠢ ᠡᠭᠦᠷᠢᠳᠡ ᠶ᠋ᠢᠨ ᠠᠵᠢᠯ᠂ ᠪᠦᠯᠦᠭᠯᠡᠯ ᠦ᠋ᠨ ᠪᠥᠬᠦ ᠨᠠᠮ ᠤ᠋ᠨ ᠬᠡᠰᠢᠬᠦᠨ ᠰᠢ ᠵᠢᠨ ᠫᠢᠩ ᠶᠡᠷᠦᠩᠬᠡᠢ ᠱᠦᠵᠢ ᠪᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠲᠣᠭᠤᠷᠢᠨ ᠳ᠋ᠤ᠌ ᠨᠢᠭᠳᠠᠷᠠᠨ ᠪᠥᠯᠬᠦᠮᠳᠡᠵᠤ᠂ ᠤᠭ ᠰᠠᠨᠠᠭ᠎ᠠ ᠪᠠᠨ ᠥᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠨ᠂ ᠨᠠᠮ ᠤ᠋ᠨ ᠰᠤᠷᠳᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠠᠷᠡᠮᠡᠯ ᠢ᠋ ᠡᠰᠡᠷᠭᠦᠴᠡᠬᠦ ᠲᠡᠮᠡᠴᠡᠯ ᠢ᠋ ᠡᠷᠡᠰ ᠭᠤᠢᠪᠢᠰᠢ ᠦᠭᠡᠢ ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠶ᠋ᠢᠨ ᠪᠥᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠰᠢᠨ᠎ᠡ ᠪᠠᠢᠳᠠᠯ ᠢ᠋ ᠲᠠᠰᠤᠷᠠᠯᠲᠠ ᠦᠭᠡᠢ ᠪᠤᠢ ᠪᠣᠯᠭᠠᠵᠤ᠂ ᠪᠦᠯᠦᠭᠯᠡᠯ ᠦ᠋ᠨ ᠴᠢᠨᠠᠷ ᠰᠠᠢᠳᠠᠢ ᠭᠥᠭᠵᠢᠯᠳᠡ ᠳ᠋ᠦ᠍ ᠵᠣᠬᠢᠶᠠᠨ ᠪᠠᠢᠭᠤᠯᠤᠯᠳᠡ ᠶ᠋ᠢᠨ ᠪᠠᠳᠤᠯᠠᠭ᠎ᠠ ᠪᠠ ᠰᠠᠬᠢᠯᠭ᠎ᠠ ᠪᠠᠲᠦ ᠶ᠋ᠢᠨ ᠪᠠᠲᠤᠯᠠᠭ᠎ᠠ ᠬᠠᠩᠭᠠᠬᠤ ᠬᠡᠷᠡᠭᠳᠠᠢ ᠬᠡᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ