ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠳᠤᠰᠬᠠᠢ ᠰᠡᠳᠦᠪᠲᠦ ᠬᠥᠮᠦᠵᠢᠯ ᠦ᠋ᠨ ᠬᠤᠷᠠᠯ ᠬᠤᠷᠠᠯᠳᠤᠭᠤᠯᠪᠠ
2020.04.27

  《ᠳᠤᠮᠳᠠᠳᠦ ᠤᠯᠤᠰ ᠤ᠋ᠨ ᠡᠪ ᠬᠠᠮᠳᠦ ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠳᠦᠷᠢᠮ》 ᠢ᠋ ᠬᠢᠨᠠᠮᠠᠭᠠᠢ ᠲᠤᠭᠤᠰᠢᠯᠠᠭᠤᠯᠤᠨ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠶᠡᠬᠡ ᠶᠠᠷᠢᠶᠠᠨ ᠤ᠋ ᠡᠷᠬᠡ ᠶ᠋ᠢᠨ ᠡᠵᠡᠮᠰᠢᠯ ᠢ᠋ ᠴᠢᠩᠭᠠᠳᠭᠠᠬᠤ ᠶ᠋ᠢᠨ ᠲᠥᠯᠦᠭᠡ᠂ ᠥᠪᠤᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ 2020 ᠣᠨ ᠤ᠋ 4 ᠰᠠᠷ᠎ᠠ ᠶ᠋ᠢᠨ 21 ᠤ᠋ ᠡᠳᠦᠷ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠳᠤᠰᠬᠠᠢ ᠰᠡᠳᠦᠪᠲᠦ ᠬᠥᠮᠦᠵᠢᠯ ᠦ᠋ᠨ ᠬᠤᠷᠠᠯ ᠬᠤᠷᠠᠯᠳᠤᠭᠤᠯᠪᠠ᠃

  ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠬᠤᠷᠠᠯ ᠢ᠋ ᠡᠷᠬᠢᠯᠡᠵᠤ᠂《ᠳᠤᠮᠳᠠᠳᠦ ᠤᠯᠤᠰ ᠤ᠋ᠨ ᠡᠪ ᠬᠠᠮᠳᠦ ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠳᠦᠷᠢᠮ》 ᠢ᠋ ᠬᠢᠨᠠᠮᠠᠭᠠᠢ ᠲᠤᠭᠤᠰᠢᠯᠠᠭᠤᠯᠵᠤ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠬᠦᠨᠳᠦ ᠴᠢᠬᠤᠯᠠ ᠲᠦᠭᠰᠢᠭᠦᠷᠢ ᠶ᠋ᠢ ᠰᠡᠷᠭᠡᠢᠯᠡᠨ ᠠᠷᠢᠯᠭᠠᠬᠤ ᠲᠠᠯ᠎ᠠ ᠶ᠋ᠢᠨ ᠳᠤᠰᠬᠠᠢ ᠰᠠᠳᠦᠪ ᠢ᠋ᠶ᠋ᠡᠷ ᠬᠥᠮᠦᠵᠢᠯ ᠬᠢᠵᠤ᠂ ᠪᠦᠯᠦᠭᠯᠡᠯ ᠦ᠋ᠨ ᠤᠳᠤᠷᠢᠳᠬᠤ ᠪᠠᠭ ᠤ᠋ᠨ ᠪᠥᠬᠦ ᠬᠡᠰᠢᠬᠦᠳ᠂ ᠪᠦᠯᠦᠭᠯᠡᠯ ᠦ᠋ᠨ ᠬᠥᠬᠡᠬᠣᠲᠠ ᠳ᠋ᠤ᠌ ᠰᠠᠭᠤᠭ᠎ᠠ ᠡᠯ᠎ᠡ ᠬᠠᠷᠢᠶ᠎ᠠ ᠪᠠᠢᠭᠤᠯᠭ᠎ᠠ ᠶ᠋ᠢᠨ ᠤᠳᠤᠷᠢᠳᠬᠤ ᠪᠠᠭ ᠤ᠋ᠨ ᠬᠡᠰᠢᠭᠦᠳ ᠵᠢᠴᠢ ᠬᠠᠮᠢᠶ᠎ᠠ ᠪᠦᠬᠦᠢ ᠠᠵᠢᠯᠳᠠᠳ ᠬᠤᠷᠠᠯ ᠳ᠋ᠤ᠌ ᠣᠷᠤᠯᠴᠠᠪᠠ᠃

  《ᠳᠤᠮᠳᠠᠳᠦ ᠤᠯᠤᠰ ᠤ᠋ᠨ ᠡᠪ ᠬᠠᠮᠳᠦ ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠳᠦᠷᠢᠮ》 ᠢ᠋ ᠨᠡᠢᠲᠡᠯᠡᠭᠳᠡᠭᠰᠡᠨ ᠠᠬᠤᠢ ᠪᠠᠢᠳᠠᠯ᠂《ᠳᠦᠷᠢᠮ》 ᠦ᠋ᠨ ᠠᠭᠤᠯᠭ᠎ᠠ᠂《ᠳᠦᠷᠢᠮ》 ᠢ᠋ ᠬᠡᠷᠬᠢᠨ ᠨᠠᠢᠳᠠᠪᠤᠷᠢᠵᠢᠭᠤᠯᠬᠤ ᠵᠡᠷᠭᠡ ᠭᠤᠷᠪᠠᠨ ᠶᠡᠬᠡ ᠲᠠᠯ᠎ᠠ ᠡᠴᠡ ᠶᠠᠷᠢᠵᠤ᠂  ᠨᠠᠮ ᠤ᠋ᠨ ᠤᠬᠠᠭᠤᠯᠭ᠎ᠠ ᠶ᠋ᠢᠨ ᠠᠵᠢᠯ ᠪᠣᠯ ᠨᠠᠮ ᠤ᠋ᠨ ᠨᠢᠭᠡᠨ ᠲᠤᠢᠯ ᠤ᠋ᠨ ᠬᠦᠨᠳᠦ ᠴᠢᠬᠤᠯᠠ ᠠᠵᠢᠯ᠂ ᠨᠠᠮ ᠤ᠋ᠨ ᠤᠬᠠᠭᠤᠯᠭ᠎ᠠ ᠶ᠋ᠢᠨ ᠠᠵᠢᠯ ᠪᠣᠯ ᠨᠠᠮ ᠡᠴᠡ ᠠᠷᠠᠳ ᠲᠦᠮᠡᠨ ᠢ᠋ ᠤᠳᠤᠷᠢᠳᠴᠦ᠂ ᠬᠤᠪᠢᠰᠭᠠᠯ᠂ ᠪᠦᠲᠦᠭᠡᠨ ᠪᠠᠢᠭᠤᠯᠤᠯᠳᠠ᠂ ᠥᠭᠡᠷᠡᠴᠢᠯᠡᠯᠲᠡ ᠶ᠋ᠢᠨ ᠢᠯᠠᠯᠲᠠ ᠶ᠋ᠢ ᠲᠠᠰᠤᠷᠠᠯᠲᠠ ᠦᠭᠡᠢ ᠲᠡᠮᠡᠴᠡᠨ ᠤᠯᠬᠤ ᠰᠢᠯᠢᠳᠡᠭ ᠤᠯᠠᠮᠵᠢᠯᠡᠯ ᠪᠠ ᠤᠯᠤᠰ ᠲᠥᠷᠦ ᠶ᠋ᠢᠨ ᠲᠠᠪᠠᠭᠤᠯᠢᠭ ᠲᠠᠯ᠎ᠠ ᠮᠥᠨ; ᠨᠠᠮ ᠤ᠋ᠨ ᠲᠥᠪ ᠬᠣᠷᠢᠶ᠎ᠠ ᠡᠴᠡ《ᠳᠤᠮᠳᠠᠳᠦ ᠤᠯᠤᠰ ᠤ᠋ᠨ ᠡᠪ ᠬᠠᠮᠳᠦ ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠳᠦᠷᠢᠮ》 ᠢ᠋ ᠳᠠᠷᠤᠮᠠᠯᠯᠠᠨ ᠲᠠᠷᠬᠠᠭᠠᠭᠰᠠᠨ ᠨᠢ ᠨᠠᠮ ᠤ᠋ᠨ ᠲᠥᠪ ᠬᠣᠷᠢᠶ᠎ᠠ ᠡᠴᠡ ᠨᠠᠮ ᠤ᠋ᠨ ᠤᠬᠠᠭᠤᠯᠭ᠎ᠠ ᠶ᠋ᠢᠨ ᠠᠵᠢᠯ ᠢ᠋ ᠲᠤᠢᠯ ᠢ᠋ᠶ᠋ᠠᠷ ᠴᠢᠬᠤᠯᠠᠴᠢᠯᠠᠵᠤ ᠪᠠᠢᠭ᠎ᠠ ᠶ᠋ᠢ ᠬᠠᠷᠠᠭᠤᠯᠵᠤ ᠪᠠᠢᠨ᠎ᠠ; ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠪᠠᠢᠭᠤᠯᠤᠯᠲᠠ ᠨᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠲᠥᠷᠢᠮᠵᠢᠬᠦᠯᠬᠦ ᠰᠢᠨ᠎ᠡ ᠱᠠᠳᠤᠨ ᠳ᠋ᠤ᠌ ᠣᠷᠤᠭᠰᠠᠨ ᠢ᠋ ᠬᠠᠷᠠᠭᠤᠯᠵᠤ ᠪᠠᠢᠨ᠎ᠠ;《ᠳᠦᠷᠢᠮ》 ᠢ᠋ ᠰᠤᠷᠤᠯᠴᠠᠨ ᠨᠠᠢᠳᠠᠪᠤᠷᠢᠵᠢᠭᠤᠯᠬᠤ ᠶ᠋ᠢ ᠬᠦᠨᠳᠦ ᠴᠢᠬᠤᠯᠠ ᠤᠯᠤᠰ ᠲᠥᠷᠦ ᠶ᠋ᠢᠨ ᠡᠭᠦᠷᠭᠡ ᠪᠣᠯᠭᠠᠨ ᠦᠵᠡᠬᠦ ᠬᠡᠷᠡᠭᠳᠠᠢ; ᠤᠬᠠᠭᠤᠯᠭ᠎ᠠ ᠶ᠋ᠢᠨ ᠠᠵᠢᠯ ᠢ᠋ ᠵᠠᠳᠠᠯᠤᠨ ᠲᠠᠢᠯᠪᠤᠷᠢᠯᠠᠬᠤ ᠪᠠ ᠴᠠᠭᠳᠠᠨ ᠪᠠᠢᠴᠠᠭᠠᠬᠤ ᠠᠵᠢᠯ ᠢ᠋ ᠰᠠᠢᠳᠤᠷ ᠠᠳᠭᠤᠵᠤ᠂ ᠨᠠᠮ ᠡᠴᠡ ᠤᠬᠠᠭᠤᠯᠭ᠎ᠠ ᠶ᠋ᠢᠨ ᠠᠵᠢᠯ ᠢ᠋ ᠪᠥᠬᠦ ᠲᠠᠯ᠎ᠠ ᠪᠠᠷ ᠤᠳᠤᠷᠢᠳᠬᠤ ᠶ᠋ᠢ ᠤᠯᠠᠮ ᠨᠢᠭᠡ ᠠᠯᠬᠤᠮ ᠴᠢᠩᠭᠠᠳᠭᠠᠨ᠂ ᠨᠠᠮ ᠤ᠋ᠨ ᠲᠥᠪ ᠬᠣᠷᠢᠶᠠᠨ ᠤ᠋ ᠤᠬᠠᠭᠤᠯᠭ᠎ᠠ ᠶ᠋ᠢᠨ ᠠᠵᠢᠯ ᠤ᠋ᠨ ᠬᠠᠮᠢᠶ᠎ᠠ ᠪᠥᠬᠦᠢ ᠬᠦᠨᠳᠦ ᠴᠢᠬᠤᠯᠠ ᠰᠢᠢᠳᠪᠦᠷᠢ ᠪᠠᠢᠷᠢᠯᠠᠭᠤᠯᠤᠯᠲᠠ ᠶ᠋ᠢᠨ ᠦᠨᠡᠨ ᠬᠦ᠌ ᠨᠠᠢᠳᠠᠪᠤᠷᠢᠵᠢᠭᠤᠯᠤᠯᠲᠠ ᠶ᠋ᠢ ᠪᠠᠲᠤᠯᠠᠬᠤ ᠬᠡᠷᠡᠭᠲᠡᠢ ᠬᠡᠭᠦ ᠮᠡᠲᠦ ᠶ᠋ᠢᠨ ᠠᠭᠤᠯᠭ᠎ᠠ ᠶ᠋ᠢ ᠬᠠᠮᠤᠷᠪᠠ᠃

  ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠵᠢᠭᠠᠵᠤ ᠭᠠᠷᠭᠠᠭᠰᠠᠨ ᠨᠢ᠂ ᠬᠡᠪᠯᠡᠯ ᠦ᠋ᠨ ᠪᠦᠯᠦᠭᠯᠡᠯ ᠨᠢ ᠦᠪᠡᠷᠳᠡᠭᠡᠨ ᠵᠠᠰᠠᠬᠤ ᠣᠷᠤᠨ ᠤ᠋ ᠲᠤᠮᠦ ᠬᠡᠯᠪᠡᠷᠢ ᠶ᠋ᠢᠨ ᠰᠣᠶᠤᠯ ᠤ᠋ᠨ ᠠᠵᠤ ᠠᠬᠤᠢᠯᠠᠯ ᠪᠠ ᠦᠵᠡᠯ ᠰᠠᠨᠠᠭ᠎ᠠ ᠤᠬᠠᠭᠤᠯᠭ᠎ᠠ ᠰᠣᠶᠤᠯ ᠤ᠋ᠨ ᠹᠷᠣᠨᠲ᠋ ᠤ᠋ᠨ ᠴᠢᠬᠤᠯᠠ ᠬᠦᠴᠦᠨ ᠪᠣᠯᠤᠭᠰᠠᠨ ᠤ᠋ ᠬᠤᠪᠢ ᠳ᠋ᠤ᠌᠂ ᠲᠤᠭ ᠢ᠋ ᠮᠠᠨᠳᠤᠭᠤᠯᠵᠤ᠂ ᠠᠷᠠᠳ ᠤ᠋ᠨ ᠰᠡᠳᠭᠢᠯ ᠢ᠋ ᠨᠢᠭᠲᠠᠷᠠᠭᠤᠯᠵᠤ᠂ ᠰᠢᠨ᠎ᠡ ᠬᠥᠮᠦᠨ ᠢ᠋ ᠬᠦᠮᠦᠵᠢᠭᠦᠯᠵᠤ᠂ ᠰᠣᠶᠤᠯ ᠢ᠋ ᠮᠠᠨᠳᠤᠭᠤᠯᠵᠤ᠂ ᠳᠦᠷᠢ ᠳᠦᠷᠬᠦ ᠶ᠋ᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠲᠠᠢ ᠶᠤᠮ᠃ ᠡᠯ᠎ᠡ ᠪᠠᠢᠭᠤᠯᠭ᠎ᠠ ᠡᠯ᠎ᠡ ᠱᠠᠳᠤᠨ ᠤ᠋ ᠤᠳᠤᠷᠢᠳᠬᠤ ᠺᠠᠲᠷ ᠨᠠᠷ ᠡᠷᠬᠡᠪᠰᠢ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠲᠠ ᠪᠠᠨ ᠳᠡᠭᠡᠭᠰᠢᠯᠡᠭᠦᠯᠦᠨ᠂《ᠳᠤᠮᠳᠠᠳᠦ ᠤᠯᠤᠰ ᠤ᠋ᠨ ᠡᠪ ᠬᠠᠮᠳᠦ ᠨᠠᠮ ᠤ᠋ᠨ ᠤᠬᠠᠭᠤᠯᠭ᠎ᠠ ᠶ᠋ᠢᠨ ᠠᠵᠢᠯ ᠤ᠋ᠨ ᠳᠦᠷᠢᠮ》 ᠦ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠰᠡᠷᠭᠡᠢᠯᠡᠬᠦ ᠦᠵᠡᠯ ᠤᠬᠠᠮᠰᠠᠷ ᠢ᠋ᠶ᠋ᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠭᠠᠨ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠬᠦᠨᠳᠦ ᠴᠢᠬᠤᠯᠠ ᠲᠦᠭᠰᠢᠭᠦᠷᠢ ᠶ᠋ᠢ ᠰᠡᠷᠭᠡᠢᠯᠡᠨ ᠠᠷᠢᠯᠭᠠᠬᠤ ᠭᠣᠣᠯ ᠴᠤᠭᠴᠠᠲᠦ ᠬᠠᠷᠢᠭᠤᠴᠠᠯᠭ᠎ᠠ ᠶ᠋ᠢ ᠡᠷᠡᠰ ᠨᠠᠢᠳᠠᠪᠤᠷᠢᠵᠢᠭᠤᠯᠵᠤ᠂ ᠤᠯᠤᠰ ᠲᠥᠷᠦ ᠶ᠋ᠢᠨ ᠴᠢᠭᠯᠡᠯ ᠢ᠋ᠶ᠋ᠡᠨ ᠴᠢᠩᠭ᠎ᠠ ᠪᠠᠷᠢᠮᠲᠠᠯᠠᠵᠤ᠂ ᠬᠡᠪᠯᠡᠯ ᠦ᠋ᠨ ᠪᠦᠲᠦᠭᠡᠭᠳᠡᠬᠦᠨ ᠦ᠌ ᠴᠢᠨᠠᠷ ᠴᠢᠨᠰᠠᠭ᠎ᠠ ᠪᠠᠨ ᠪᠠᠳᠤᠯᠠᠨ᠂ ᠰᠦᠯᠵᠢᠶᠡᠨ ᠳᠡᠭᠡᠷᠡᠬᠢ ᠬᠡᠪᠯᠡᠯ ᠦ᠋ᠨ ᠪᠦᠯᠦᠭᠯᠡᠯ ᠦ᠋ᠨ ᠨᠣᠮ ᠤ᠋ᠨ ᠴᠢᠨᠠᠷ ᠴᠢᠨᠰᠠᠭ᠎ᠠ᠂ ᠵᠢᠭᠠᠬᠤ ᠮᠠᠲ᠋ᠧᠷᠢᠶᠠᠯ ᠵᠡᠷᠭᠡ ᠶ᠋ᠢᠨ ᠳᠤᠬᠠᠢ ᠶᠠᠷᠢᠶ᠎ᠠ ᠬᠡᠯᠡᠯᠴᠡᠭᠡ ᠶ᠋ᠢ ᠰᠠᠢᠳᠤᠷ ᠠᠩᠬᠠᠷᠴᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠶ᠋ᠢ ᠵᠥᠪ ᠢ᠋ᠶ᠋ᠡᠷ ᠤᠳᠤᠷᠢᠳᠤᠨ ᠳᠠᠭᠠᠭᠤᠯᠬᠤ ᠦᠵᠡᠯ ᠤᠬᠠᠮᠰᠠᠷ ᠪᠠ ᠠᠵᠢᠯ ᠤ᠋ᠨ ᠴᠢᠳᠠᠪᠤᠷᠢ ᠪᠠᠨ ᠳᠡᠭᠡᠭᠰᠢᠯᠡᠭᠦᠯᠦᠨ᠂ ᠪᠤᠳᠠᠳᠦ ᠦᠢᠯᠡ ᠠᠵᠢᠯᠯᠠᠭ᠎ᠠ ᠪᠠᠷ ᠢ᠋ᠶ᠋ᠠᠨ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠠᠮᠤᠷ ᠲᠦᠪᠰᠢᠨ ᠪᠠ ᠰᠣᠶᠤᠯ ᠤ᠋ᠨ ᠠᠮᠤᠷ ᠲᠦᠪᠰᠢᠨ ᠢ᠋ ᠪᠠᠳᠤᠯᠠᠨ᠂ ᠦᠪᠡᠷᠳᠡᠭᠡᠨ ᠵᠠᠰᠠᠬᠤ ᠣᠷᠤᠨ ᠤ᠋ ᠪᠦᠯᠭᠦᠮᠳᠡᠨ ᠳᠠᠪᠰᠢᠬᠤ ᠳ᠋ᠤ᠌ ᠦᠢᠯᠡᠴᠢᠯᠡᠶ᠎ᠡ ᠬᠡᠪᠠ᠃

  ᠲᠤᠰ ᠤᠳᠠᠭᠠᠨ ᠤ᠋ ᠳᠤᠰᠬᠠᠢ ᠰᠡᠳᠦᠪᠲᠦ ᠬᠥᠮᠦᠵᠢᠯ ᠨᠢ ᠬᠡᠪᠯᠡᠯ ᠦ᠋ᠨ ᠪᠦᠯᠦᠭᠯᠡᠯ ᠦ᠋ᠨ ᠺᠠᠲᠷ ᠠᠵᠢᠯᠲᠠᠨ ᠳ᠋ᠤ᠌《ᠲᠦᠷᠢᠮ》 ᠦ᠋ᠨ ᠠᠭᠤᠯᠭ᠎ᠠ ᠶ᠋ᠢ ᠣᠢᠯᠠᠭᠠᠭᠤᠯᠤᠭᠰᠠᠨ ᠲᠡᠳᠤᠢ ᠦᠭᠡᠢ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠦ᠋ᠨ ᠴᠢᠬᠤᠯᠠ ᠴᠢᠨᠠᠷ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠢ᠋ ᠬᠡᠷᠬᠢᠨ ᠬᠢᠬᠦ ᠳᠤᠬᠠᠢ ᠬᠥᠮᠦᠵᠢᠯ ᠣᠯᠭᠤᠵᠤ᠂ ᠬᠦᠨᠳᠦ ᠴᠢᠬᠤᠯᠠ ᠠᠴᠢ ᠬᠣᠯᠪᠤᠭᠳᠠᠯ ᠪᠥᠬᠦᠢ ᠬᠥᠮᠦᠵᠢᠯ ᠦ᠋ᠨ ᠬᠤᠷᠠᠯ ᠪᠣᠯᠤᠭᠰᠠᠨ ᠪᠠᠢᠨ᠎ᠠ᠃᠎

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ