ᠪᠦᠭᠦᠳᠡ ᠨᠠᠢᠷᠠᠮᠳᠠᠬᠤ ᠲᠤᠮᠳᠠᠲᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠠᠤᠯᠢ
2016.11.16

 

         ᠲᠤᠮᠳᠠᠲᠤ ᠤᠯᠤᠰ᠎ᠤᠨ ᠦᠨᠳᠦᠰᠦᠳᠡᠨ᠎ᠦ  ᠬᠡᠯᠡᠨ᠎ᠤ ᠤᠷᠴᠢᠭᠤᠯᠭ᠎ᠠ᠎ᠶᠢᠨ ᠲᠦᠪ ᠣᠷᠴᠢᠭᠤᠯᠪᠠ

 

(2000 ᠣᠨ᠎ᠤ 10᠎ᠳᠤᠭᠠᠷ ᠰᠠᠷ᠎ᠠ᠎ᠶᠢᠨ 31᠎ᠤ ᠡᠳᠦᠷ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠪᠠᠲᠤᠯᠠᠪᠠ᠃ 2000 ᠣᠨ᠎ᠤ 10᠎ᠳᠤᠭᠠᠷ ᠰᠠᠷ᠎ᠠ᠎ᠶᠢᠨ 31᠎ᠤ ᠡᠳᠦᠷ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ᠎ᠶᠢᠨ ᠭᠤᠴᠢᠨ ᠳᠣᠯᠤᠳᠤᠭᠠᠷ ᠵᠠᠷᠯᠢᠭ᠎ᠢᠶᠠᠷ ᠨᠡᠢᠲᠡᠯᠡᠪᠡ᠃ 2001 ᠣᠨ᠎ᠤ 1᠎ᠳᠦᠭᠡᠷ ᠰᠠᠷ᠎ᠠ᠎ᠶᠢᠨ  1᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ )

 

  ᠭᠠᠷᠴᠠᠭ

  ᠨᠢᠭᠡᠳᠦᠭᠡᠷ ᠪᠦᠯᠦᠭ   ᠶᠡᠷᠦᠩᠬᠡᠢ ᠳᠦᠷᠢᠮ

  ᠬᠣᠶᠠᠳᠤᠭᠠᠷ ᠪᠦᠯᠦᠭ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ

  ᠭᠤᠷᠪᠠᠳᠤᠭᠠᠷ ᠪᠦᠯᠦᠭ  ᠬᠠᠮᠢᠶᠠᠷᠤᠯᠳᠠ ᠪᠠ ᠬᠢᠨᠠᠯᠳᠠ

  ᠲᠦᠷᠪᠡᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ

 

  ᠨᠢᠭᠡᠳᠦᠭᠡᠷ ᠪᠦᠯᠦᠭ    ᠶᠡᠷᠦᠩᠬᠡᠢ ᠳᠦᠷᠢᠮ

  ᠨᠢᠭᠡᠳᠦᠭᠡᠷ  ᠵᠦᠢᠯ   ᠤᠯᠤᠰ᠎ᠤᠨ  ᠨᠡᠢᠳᠡᠮ ᠬᠡᠷᠡᠭᠯᠡᠬᠦ ᠦᠭᠡ ᠬᠡᠯᠡ ᠥᠰᠦᠭ ᠪᠢᠴᠢᠭ᠌᠎ᠦᠨ ᠳᠦᠷᠢᠮᠵᠢᠭᠦᠯᠦᠯᠲᠡ ᠠᠷᠢᠮᠵᠢᠶᠠᠵᠢᠭᠤᠯᠤᠯᠲᠠ ᠵᠢᠴᠢ ᠲᠡᠭᠦᠨ᠎ᠦ ᠡᠷᠡᠭᠦᠯ᠎ᠢᠶᠡᠷ ᠬᠥᠭᠵᠢᠬᠦ᠎ᠶᠢ ᠲᠦᠯᠬᠢᠨ ᠤᠷᠤᠭᠱᠢᠯᠠᠭᠤᠯᠤᠭᠠᠳ  ᠤᠯᠤᠰ  ᠎ᠤᠨ ᠨᠡᠢᠳᠡᠮ  ᠬᠡᠷᠡᠭᠯᠡᠬᠦ  ᠦᠭᠡ  ᠬᠡᠯᠡ ᠥᠰᠦᠭ  ᠪᠢᠴᠢᠭ᠌᠎ᠦᠨ ᠨᠡᠢᠭᠡᠮ᠎ᠦᠨ ᠠᠮᠢᠳᠤᠷᠠᠯ ᠳᠤᠮᠳᠠᠬᠢ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠡᠯ᠎ᠡ ᠦᠨᠳᠦᠰᠦᠲᠡᠨ ᠡᠯ᠎ᠡ ᠭᠠᠵᠠᠷ ᠣᠷᠤᠨ᠎ᠤ ᠠᠵᠤ ᠠᠬᠤᠢ ᠰᠣᠶᠤᠯ᠎ᠤᠨ ᠰᠣᠯᠢᠯᠴᠠᠭ᠎ᠠ᠎ᠶᠢ ᠠᠬᠢᠭᠤᠯᠬᠤ᠎ᠶᠢᠨ ᠲᠥᠯᠦᠭᠡ ᠦᠨᠳᠦᠰᠦᠨ ᠬᠠᠤᠯᠢ᠎ᠶᠢ ᠦᠨᠳᠦᠰᠦᠯᠡᠨ ᠲᠤᠰ ᠬᠠᠦᠯᠢ᠎ᠶᠢ ᠲᠣᠭᠲᠠᠭᠠᠪᠠ᠃

  ᠬᠣᠶᠠᠳᠤᠭᠠᠷ ᠵᠦᠢᠯ  ᠲᠤᠰ ᠬᠠᠦᠯᠢ᠎ᠳᠦ ᠬᠡᠯᠡᠵᠦ ᠪᠠᠢᠭ᠎ᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠭᠡᠳᠡᠭ ᠪᠣᠯ ᠨᠡᠢᠳᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭᠠᠵᠤ ᠪᠠᠢᠨ᠎ᠠ᠃

  ᠭᠤᠷᠪᠠᠳᠤᠭᠠᠷ ᠵᠦᠢᠯ  ᠤᠯᠤᠰ᠎ᠠᠴᠠ ᠨᠡᠢᠳᠡᠯᠢᠭ ᠬᠡᠯᠡ᠎ᠶᠢ ᠲᠥᠭᠡᠮᠡᠯᠵᠢᠭᠦᠯᠵᠦ ᠳᠦᠷᠢᠮᠵᠢᠭᠰᠡᠨ ᠬᠢᠲᠠᠳ ᠦᠰᠦᠭ᠎ᠢ ᠳᠡᠯᠭᠡᠷᠡᠭᠦᠯᠦᠨ᠎ᠡ᠃

  ᠳᠥᠷᠪᠡᠳᠦᠭᠡᠷ ᠵᠦᠢᠯ  ᠠᠷᠠᠳ ᠢᠷᠭᠡᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ  ᠬᠡᠷᠡᠭᠯᠡᠬᠦ  ᠡᠷᠬᠡ᠎ᠲᠡᠢ᠃

  ᠤᠯᠤᠰ᠎ᠠᠴᠠ ᠠᠷᠠᠳ ᠢᠷᠭᠡᠳ᠎ᠲᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ ᠬᠡᠷᠡᠭᠯᠡᠬᠦ᠎ᠳᠦ ᠨᠦᠭᠦᠴᠡᠯ ᠬᠠᠩᠭᠠᠨ᠎ᠠ᠃

  ᠣᠷᠤᠨ ᠨᠤᠳᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠬᠢᠭᠡᠳ ᠲᠡᠭᠦᠨ᠎ᠦ ᠬᠣᠯᠪᠤᠭᠳᠡᠯ ᠪᠦᠬᠦᠢ ᠰᠠᠯᠠᠭ᠎ᠠ ᠮᠥᠴᠢᠷ᠎ᠦᠳ ᠠᠷᠭ᠎ᠠ ᠬᠡᠮᠵᠢᠶ᠎ᠡ ᠠᠪᠴᠤ ᠪᠠᠢᠭᠠᠳ ᠨᠡᠢᠲᠡᠯᠢᠭ ᠬᠡᠯᠡ ᠪᠠ ᠳᠦᠷᠢᠮᠵᠢᠭᠰᠡᠨ ᠬᠢᠳᠠᠳ ᠦᠰᠦᠭ᠎ᠢ ᠲᠦᠭᠡᠮᠡᠯᠵᠢᠭᠦᠯᠬᠦ ᠬᠡᠷᠡᠭᠲᠡᠢ᠃

  ᠲᠠᠪᠤᠳᠤᠭᠠᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ᠎ᠨᠢ ᠤᠯᠤᠰ ᠣᠷᠤᠨ᠎ᠤ ᠡᠷᠬᠡ ᠮᠡᠳᠡᠯ ᠪᠠ ᠦᠨᠳᠦᠰᠦᠲᠡᠨ᠎ᠦ᠎ᠨᠡᠷ᠎ᠡ ᠬᠦᠨᠳᠦ᠎ᠶᠢ ᠬᠠᠮᠠᠭᠠᠯᠠᠬᠤ᠎ᠳᠤ ᠠᠱᠢᠭᠲᠠᠢ᠂ ᠤᠯᠤᠰ ᠣᠷᠤᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠳᠦ ᠠᠱᠢᠭᠲᠠᠢ᠂ ᠨᠡᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠎ᠤ ᠪᠠᠢᠭᠤᠯᠤᠯᠲᠠ ᠪᠠ ᠣᠶᠤᠨ᠎ᠤ ᠪᠣᠯᠪᠠᠰᠤᠨ᠎ᠤ ᠪᠠᠢᠭᠤᠯᠤᠯᠲᠠ᠎ᠳᠤ᠎ᠠᠱᠢᠭᠲᠠᠢ ᠪᠠᠢᠬᠤ ᠬᠡᠷᠡᠭᠲᠡᠢ᠃

  ᠵᠢᠷᠭᠤᠳᠤᠭᠠᠷ ᠵᠦᠢᠯ  ᠤᠯᠤᠰ᠎ᠠᠴᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ ᠪᠠᠷᠢᠮᠵᠢᠶ᠎ᠠ᠎ᠶᠢ ᠨᠡᠢᠲᠡᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠨᠡᠢᠭᠡᠮ᠎ᠦᠨ ᠬᠡᠷᠡᠭᠯᠡᠯᠳᠡ᠎ᠶᠢ ᠬᠠᠮᠢᠶᠠᠷᠴᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ  ᠳᠦᠷᠢᠮᠵᠢᠯ᠂ ᠪᠠᠶᠠᠯᠢᠭᠵᠢᠯ᠂ ᠬᠦᠭᠵᠢᠯ᠎ᠢ ᠠᠬᠢᠭᠤᠯᠤᠨ᠎ᠠ᠃

  ᠳᠣᠯᠤᠳᠤᠭᠠᠷ ᠵᠦᠢᠯ  ᠤᠯᠤᠰ᠎ᠠᠴᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠦᠢᠯᠡᠰ᠎ᠲᠦ ᠲᠣᠪᠤᠢᠮ᠎ᠠ ᠬᠣᠪᠢ ᠨᠡᠮᠡᠷᠢ ᠦᠵᠡᠭᠦᠯᠦᠭᠰᠡᠨ ᠵᠣᠬᠢᠶᠠᠨ ᠪᠠᠢᠭᠤᠯᠤᠯᠲᠠ ᠪᠠ ᠬᠣᠪᠢ ᠬᠥᠮᠦᠨ᠎ᠢ ᠬᠦᠬᠢᠭᠦᠯᠦᠨ ᠱᠠᠩᠨᠠᠨ᠎ᠠ᠃

  ᠡᠯ᠎ᠡ ᠦᠨᠳᠦᠰᠦᠲᠡᠨ ᠴᠦᠮ ᠥᠪᠡᠷ᠎ᠦᠨ ᠦᠭᠡ ᠬᠡᠯᠡ ᠦᠰᠦᠭ ᠪᠢᠴᠢᠭ᠌᠎ᠢᠶᠡᠨ ᠬᠡᠷᠡᠭᠯᠡᠬᠦ ᠡᠷᠬᠡ ᠴᠢᠯᠦᠭᠡ᠎ᠲᠡᠢ᠃

  ᠴᠦᠬᠡᠨ ᠲᠣᠭᠠᠲᠤ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ᠎ᠳᠦ ᠦᠨᠳᠦᠰᠦᠨ ᠬᠠᠤᠯᠢ᠂ ᠦᠨᠳᠦᠰᠦᠲᠡᠨ᠎ᠦ ᠣᠷᠤᠨ᠎ᠤ ᠥᠪᠡᠷᠲᠡᠭᠡᠨ ᠵᠠᠰᠠᠬᠤ ᠬᠠᠤᠯᠢ ᠬᠢᠭᠡᠳ ᠪᠤᠰᠤᠳ ᠬᠠᠤᠯᠢ ᠴᠠᠭᠠᠵᠠ᠎ᠶᠢᠨ ᠬᠣᠯᠪᠤᠭᠳᠠᠯ ᠪᠦᠬᠦᠢ ᠲᠣᠭᠲᠠᠭᠠᠯ᠎ᠢᠶᠠᠷ ᠦᠨᠳᠦᠰᠦ ᠪᠠᠷᠢᠮᠲᠠ ᠪᠣᠯᠭᠠᠨ᠎ᠠ᠃

 

  ᠬᠣᠶᠠᠳᠤᠭᠠᠷ ᠪᠦᠯᠦᠭ   ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠲᠡ

  ᠶᠢᠰᠦᠳᠦᠭᠡᠷ ᠵᠦᠢᠯ  ᠲᠥᠷᠦ᠎ᠶᠢᠨ  ᠪᠠᠢᠭᠤᠯᠭ᠎ᠠ᠎ᠨᠤᠭᠤᠳ ᠨᠡᠢᠳᠡᠯᠢᠭ ᠬᠡᠯᠡ ᠪᠠ ᠳᠦᠷᠢᠮᠵᠢᠭᠰᠡᠨ ᠬᠢᠳᠠᠳ ᠦᠰᠦᠭ᠎ᠢᠶᠡᠷ ᠠᠯᠪᠠᠨ ᠠᠵᠢᠯ᠎ᠤᠨ᠎ᠢᠶᠠᠨ ᠬᠡᠷᠡᠭᠯᠡᠭᠡᠨ᠎ᠦ ᠬᠡᠯᠡ᠂ ᠬᠡᠷᠡᠭᠯᠡᠭᠡᠨ᠎ᠦ ᠥᠰᠦᠭ ᠪᠣᠯᠭᠠᠨ᠎ᠠ᠃ ᠬᠠᠦᠯᠢ ᠴᠠᠭᠠᠵᠠ᠎ᠳᠤ ᠠᠰᠲᠠᠭᠠᠨ ᠲᠣᠭᠲᠠᠭᠠᠯ᠎ᠲᠠᠢ᠎ᠨᠢ ᠡᠭᠦᠨ᠎ᠳᠦ ᠪᠠᠭᠲᠠᠬᠤ ᠥᠬᠡᠢ᠃

  ᠠᠷᠪᠠᠳᠦᠭᠠᠷ ᠵᠦᠢᠯ  ᠰᠤᠷᠭᠠᠭᠤᠯᠢ ᠬᠢᠭᠡᠳ ᠰᠤᠷᠭᠠᠨ ᠬᠦᠮᠦᠵᠢᠯ᠎ᠦᠨ ᠪᠣᠰᠤᠳ ᠪᠠᠢᠭᠤᠯᠤᠮᠵᠢ᠎ᠨᠤᠭᠤᠳ ᠨᠡᠢᠳᠡᠯᠢᠭ ᠬᠡᠯᠡ ᠪᠠ ᠳᠦᠷᠢᠮᠵᠢᠭᠰᠡᠨ ᠬᠢᠳᠠᠳ ᠦᠰᠦᠭ᠎ᠢᠶᠡᠷ ᠰᠤᠷᠭᠠᠨ ᠬᠦᠮᠦᠵᠢᠯ ᠵᠢᠭᠠᠨ ᠰᠤᠷᠭᠠᠯᠲᠠ᠎ᠶᠢᠨ᠎ᠢᠶᠠᠨ ᠦᠨᠳᠦᠰᠦᠨ ᠬᠡᠷᠡᠭᠯᠡᠭᠡᠨ᠎ᠦ ᠬᠡᠯᠡ᠂ ᠬᠡᠷᠡᠭᠯᠡᠭᠡᠨ᠎ᠦ ᠥᠰᠦᠭ ᠪᠣᠯᠭᠠᠨ᠎ᠠ᠃ ᠬᠠᠦᠯᠢ ᠴᠠᠭᠠᠵᠠ᠎ᠳᠤ ᠠᠰᠳᠠᠭᠠᠨ ᠲᠣᠭᠳᠠᠭᠠᠯ᠎ᠲᠠᠢ᠎ᠨᠢ ᠡᠭᠦᠨ᠎ᠳᠦ ᠪᠠᠭᠲᠠᠬᠤ ᠥᠬᠡᠢ᠃

  ᠰᠤᠷᠭᠠᠭᠤᠯᠢ ᠬᠢᠭᠡᠳ ᠰᠤᠷᠭᠠᠨ ᠬᠦᠮᠦᠵᠢᠯ᠎ᠦᠨ ᠪᠣᠰᠤᠳ ᠪᠠᠢᠭᠤᠯᠤᠮᠵᠢ᠎ᠨᠤᠭᠤᠳ ᠬᠢᠳᠠᠳ ᠬᠡᠯᠡ ᠪᠢᠴᠢᠭ᠌᠎ᠦᠨ ᠬᠢᠴᠢᠶᠡᠯ᠎ᠢᠶᠡᠷ ᠳᠠᠮᠵᠢᠭᠤᠯᠵᠤ ᠨᠡᠢᠳᠡᠯᠢᠭ ᠬᠡᠯᠡ ᠪᠠ ᠳᠦᠷᠢᠮᠵᠢᠭᠰᠡᠨ ᠬᠢᠳᠠᠳ ᠦᠰᠦᠭ᠎ᠢ ᠵᠢᠭᠠᠨ ᠰᠤᠷᠭᠠᠨ᠎ᠠ᠃ ᠬᠡᠷᠡᠭᠯᠡᠬᠦ ᠬᠢᠳᠠᠳ ᠬᠡᠯᠡ ᠦᠰᠦᠭ  ᠪᠢᠴᠢᠭ᠌᠎ᠦᠨ ᠵᠢᠭᠠᠬᠤ ᠮᠠᠲᠧᠷᠢᠶᠠᠯ᠎ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ  ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃

  ᠠᠷᠪᠠᠨ ᠨᠢᠭᠡᠳᠦᠭᠡᠷ ᠵᠦᠢᠯ  ᠬᠢᠲᠠᠳ ᠬᠡᠯᠡ ᠪᠢᠴᠢᠭ᠌᠎ᠦᠨ ᠬᠡᠪᠯᠡᠭᠳᠡᠬᠦᠨ᠎ᠨᠢ ᠤᠯᠤᠰ᠎ᠦᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃ ᠬᠢᠲᠠᠳ ᠬᠡᠯᠡ ᠪᠢᠴᠢᠭ᠌᠎ᠦᠨ ᠬᠡᠪᠯᠡᠭᠳᠡᠬᠦᠨ᠎ᠳᠦ ᠭᠠᠳᠠᠭᠠᠳᠤ ᠤᠯᠤᠰ᠎ᠤᠨ ᠦᠭᠡ ᠬᠡᠯᠡ ᠦᠰᠦᠭ ᠪᠢᠴᠢᠭ᠌᠎ᠢ ᠬᠡᠷᠡᠭᠯᠡᠬᠦ ᠴᠢᠬᠤᠯᠠᠲᠠᠢ ᠪᠠᠢᠪᠠᠯ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢᠶᠡᠷ ᠴᠢᠬᠤᠯᠠ ᠪᠦᠬᠦᠢ ᠵᠡᠭᠦᠯᠲᠡ ᠲᠠᠢᠯᠪᠤᠷᠢ ᠬᠢᠬᠦ ᠬᠡᠷᠡᠭᠲᠡᠢ᠃

  ᠠᠷᠪᠠᠨ ᠬᠣᠶᠠᠳᠤᠭᠠᠷ ᠵᠦᠢᠯ   ᠷᠠᠳ᠋ᠢᠤ ᠨᠡᠪᠲᠡᠷᠡᠭᠦᠯᠭᠡ᠎ᠶᠢᠨ ᠬᠣᠷᠢᠶ᠎ᠠ᠎ᠨᠤᠭᠤᠳ ᠨᠡᠢᠳᠡᠯᠢᠭ ᠬᠡᠯᠡ᠎ᠪᠡᠷ ᠨᠡᠪᠲᠡᠷᠡᠭᠦᠯᠭᠡ᠎ᠶᠢᠨ᠎ᠢᠶᠡᠨ ᠦᠨᠳᠦᠰᠦᠨ ᠬᠡᠷᠡᠭᠯᠡᠭᠡᠨ᠎ᠦ ᠬᠡᠯᠡ ᠪᠣᠯᠭᠠᠨ᠎ᠠ᠃

  ᠭᠠᠳᠠᠭᠠᠳᠦ ᠤᠯᠤᠰ᠎ᠤᠨ ᠬᠡᠯᠡ᠎ᠶᠢ ᠨᠡᠪᠲᠡᠷᠡᠭᠦᠯᠭᠡ᠎ᠶᠢᠨ ᠬᠡᠷᠡᠭᠯᠡᠭᠡᠨ᠎ᠦ ᠬᠡᠯᠡ ᠪᠣᠯᠭᠠᠨ ᠬᠡᠷᠡᠭᠯᠡᠬᠦ ᠴᠢᠬᠤᠯᠠᠲᠠᠢ ᠪᠠᠢᠪᠠᠯ᠂ ᠡᠷᠬᠡᠪᠱᠢ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠷᠠᠳ᠋ᠢᠤ ᠨᠡᠪᠲᠡᠷᠡᠭᠦᠯᠭᠡ ᠲᠧᠯᠸᠢᠰ᠎ᠦᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠬᠦ ᠬᠡᠷᠡᠭᠲᠡᠢ᠃

  ᠠᠷᠪᠠᠨ  ᠭᠤᠷᠪᠠᠳᠤᠭᠠᠷ  ᠵᠦᠢᠯ    ᠤᠯᠠᠨ   ᠨᠡᠢᠲᠡ  ᠎ᠶᠢᠨ  ᠦᠢᠯᠡᠴᠢᠯᠡᠭᠡᠨ᠎ᠦ  ᠠᠵᠢᠯ ᠲᠥᠷᠦᠯ᠎ᠦᠳ ᠳᠦᠷᠢᠮᠵᠢᠭᠰᠡᠨ ᠬᠢᠲᠠᠳ ᠦᠰᠦᠭ᠎ᠢᠶᠡᠷ ᠦᠢᠯᠡᠴᠢᠯᠡᠭᠡᠨ᠎ᠦ᠎ᠪᠡᠨ ᠦᠨᠳᠦᠰᠦᠨ ᠬᠡᠷᠡᠭᠯᠡᠭᠡᠨ᠎ᠦ ᠥᠰᠦᠭ ᠪᠣᠯᠭᠠᠨ᠎ᠠ᠃ ᠣᠯᠠᠨ ᠨᠡᠢᠲᠡ᠎ᠶᠢᠨ ᠦᠢᠯᠡᠴᠢᠯᠡᠭᠡᠨ᠎ᠦ ᠬᠡᠷᠡᠭᠴᠡᠭᠡ᠎ᠡᠴᠡ ᠪᠣᠯᠵᠤ᠂ ᠬᠤᠳᠠᠯᠳᠤᠭᠠᠨ᠎ᠤ ᠫᠠᠢᠰᠠ᠂ ᠵᠠᠷ᠂ ᠵᠠᠷᠯᠠᠯ᠂ ᠲᠡᠮᠲᠡᠭ ᠫᠠᠢᠰᠠ ᠵᠡᠷᠭᠡ᠎ᠳᠦ ᠭᠠᠳᠠᠭᠠᠳᠤ ᠤᠯᠤᠰ᠎ᠤᠨ ᠦᠰᠦᠭ ᠪᠢᠴᠢᠭ᠌᠎ᠢ ᠬᠡᠷᠡᠭᠯᠡᠬᠦ᠎ᠶᠢᠨ ᠬᠠᠮᠲᠤ ᠬᠢᠲᠠᠳ ᠦᠰᠦᠭ᠎ᠢ ᠵᠡᠷᠭᠡ᠎ᠪᠡᠷ ᠬᠡᠷᠡᠭᠯᠡᠬᠦ᠎ᠳᠦ ᠬᠦᠷᠪᠡᠯ ᠳᠦᠷᠢᠮᠵᠢᠭᠰᠡᠨ ᠬᠢᠲᠠᠳ ᠦᠰᠦᠭ᠎ᠢ ᠬᠡᠷᠡᠭᠯᠡᠬᠦ ᠬᠡᠷᠡᠭᠲᠡᠢ᠃

  ᠣᠯᠠᠨ ᠨᠡᠢᠲᠡ᠎ᠶᠢᠨ ᠦᠢᠯᠡᠴᠢᠯᠡᠭᠡᠨ᠎ᠦ ᠠᠵᠢᠯ ᠲᠥᠷᠦᠯ᠎ᠳᠦ ᠨᠡᠢᠲᠡᠯᠢᠭ ᠬᠡᠯᠡ᠎ᠪᠡᠷ ᠦᠢᠯᠡᠴᠢᠯᠡᠭᠡᠨ᠎ᠦ ᠬᠡᠷᠡᠭᠯᠡᠭᠡᠨ᠎ᠦ ᠬᠡᠯᠡ ᠪᠣᠯᠭᠠᠬᠤ᠎ᠶᠢ ᠡᠷᠬᠢᠮᠯᠡᠨ ᠰᠠᠨᠠᠭᠠᠴᠢᠯᠠᠨ᠎ᠠ᠃

  ᠠᠷᠪᠠᠨ ᠳᠥᠷᠪᠡᠳᠦᠭᠡᠷ ᠵᠦᠢᠯ  ᠳᠣᠤᠷ᠎ᠠ ᠵᠢᠭᠰᠠᠭᠠᠭᠰᠠᠨ ᠪᠠᠢᠳᠠᠯ᠎ᠤᠳ᠎ᠲᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠦᠨᠳᠦᠰᠦᠨ ᠬᠡᠷᠡᠭᠯᠡᠭᠡᠨ᠎ᠦ ᠬᠡᠯᠡ᠂ ᠬᠡᠷᠡᠭᠯᠡᠭᠡᠨ᠎ᠦ ᠥᠰᠦᠭ ᠪᠣᠯᠭᠠᠬᠤ ᠬᠡᠷᠡᠭᠲᠡᠢ᠃

   (ᠨᠢᠭᠡ) ᠷᠠᠳ᠋ᠢᠤ ᠨᠡᠪᠲᠡᠷᠡᠭᠦᠯᠭᠡ᠂ ᠺᠢᠨᠤ᠋᠂ ᠲᠸᠯᠸᠢᠰ᠎ᠦᠨ ᠬᠡᠷᠡᠭᠯᠡᠭᠡᠨ᠎ᠦ ᠬᠡᠯᠡ᠂ ᠬᠡᠷᠡᠭᠯᠡᠭᠡᠨ᠎ᠦ ᠥᠰᠦᠭ ;

   (ᠬᠣᠶᠠᠷ) ᠣᠯᠠᠨ ᠨᠡᠢᠲᠡ᠎ᠶᠢᠨ ᠭᠠᠵᠠᠷ᠎ᠤᠨ ᠲᠦᠭᠦᠭᠡᠷᠦᠮᠵᠢ᠎ᠶᠢᠨ ᠬᠡᠷᠡᠭᠯᠡᠭᠡᠨ᠎ᠦ ᠥᠰᠦᠭ ;

   (ᠭᠤᠷᠪᠠ) ᠬᠤᠳᠠᠯᠳᠤᠭᠠᠨ᠎ᠤ ᠫᠠᠢᠰᠠ᠂ ᠵᠠᠷ᠎ᠤᠨ ᠬᠡᠷᠡᠭᠯᠡᠭᠡᠨ᠎ᠦ ᠦᠰᠦᠭ ;

   (ᠳᠥᠷᠪᠡ) ᠠᠵᠦ ᠠᠬᠤᠢᠯᠠᠯ ᠠᠵᠢᠯ ᠦᠢᠯᠡᠰ᠎ᠦᠨ ᠵᠣᠬᠢᠶᠠᠨ ᠪᠠᠢᠭᠤᠯᠤᠯᠲᠠ᠎ᠶᠢᠨ ᠨᠡᠷᠡᠢᠳᠦᠯ ;

   (ᠲᠠᠪᠦ) ᠬᠢᠯᠢ᠎ᠶᠢᠨ ᠳᠣᠲᠤᠷ᠎ᠠ ᠪᠣᠷᠤᠯᠠᠭᠤᠯᠬᠤ ᠲᠠᠸᠠᠷ᠎ᠤᠨ ᠪᠣᠭᠤᠳᠠᠯ ᠪᠠᠭᠯᠠᠭ᠎ᠠ ᠳᠡᠭᠡᠷᠡᠬᠢ ᠦᠰᠦᠭ᠂ ᠲᠣᠳᠤᠷᠬᠠᠢᠯᠠᠯ᠃

  ᠠᠷᠪᠠᠨ ᠲᠠᠪᠤᠳᠤᠭᠠᠷ  ᠵᠦᠢᠯ  ᠮᠡᠳᠡᠭᠡ ᠵᠠᠩᠭᠢ᠎ᠶᠢᠨ ᠱᠢᠢᠳᠪᠦᠷᠢᠯᠡᠯᠲᠡ ᠪᠠ ᠮᠡᠳᠡᠭᠡ ᠵᠠᠩᠭᠢ᠎ᠶᠢᠨ ᠲᠧᠭᠨᠢᠭ ᠮᠡᠷᠭᠡᠵᠢᠯ᠎ᠦᠨ ᠦᠢᠯᠡᠳᠬᠦᠨ᠎ᠳᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ   ᠪᠢᠴᠢᠭ᠌᠎ᠨᠢ  ᠤᠯᠤᠰ᠎ᠤᠨ ᠳᠦᠷᠢᠮᠵᠢᠯ  ᠪᠠ  ᠪᠠᠷᠢᠮᠵᠢᠶ᠎ᠠ᠎ᠳᠤ  ᠨᠡᠢᠴᠡᠭᠰᠡᠨ  ᠪᠠᠢᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ  ᠲᠤᠰ ᠪᠦᠯᠦᠭ᠎ᠦᠨ ᠬᠣᠯᠪᠤᠭᠳᠠᠯ ᠪᠦᠬᠦᠢ ᠲᠣᠭᠲᠠᠭᠠᠯ᠎ᠤᠨ ᠳᠣᠲᠤᠷ᠎ᠠ ᠳᠣᠤᠷ᠎ᠠ ᠵᠢᠭᠰᠠᠭᠠᠭᠰᠠᠨ ᠪᠠᠢᠳᠠᠯ᠎ᠤᠳ ᠪᠠᠢᠪᠠᠯ ᠨᠤᠲᠤᠭ᠎ᠤᠨ ᠠᠶᠠᠯᠭᠤ᠎ᠶᠢ ᠬᠡᠷᠡᠭᠯᠡᠵᠦ ᠪᠣᠯᠤᠨ᠎ᠠ᠄

   (ᠨᠢᠭᠡ) ᠲᠦᠷᠦ᠎ᠶᠢᠨ ᠪᠠᠢᠭᠤᠯᠭ᠎ᠠ᠎ᠶᠢᠨ ᠠᠵᠢᠯᠲᠠᠨ ᠠᠯᠪᠠᠨ ᠠᠵᠢᠯ ᠭᠦᠢᠴᠡᠳᠬᠡᠬᠦ ᠦᠶᠡᠰ᠎ᠲᠦ ᠦᠨᠡᠬᠡᠷ ᠬᠡᠷᠡᠭᠯᠡᠬᠦ ᠴᠢᠬᠤᠯᠠᠲᠠᠢ ᠪᠠᠢᠬᠤ ;

   (ᠬᠣᠶᠠᠷ) ᠲᠥᠷᠦ᠎ᠶᠢᠨ ᠶᠠᠪᠤᠳᠠᠯ᠎ᠤᠨ ᠬᠤᠷᠢᠶᠠᠨ᠎ᠤ ᠷᠠᠳ᠋ᠢᠤ ᠨᠡᠪᠲᠡᠷᠡᠭᠦᠯᠭᠡ ᠲᠧᠯᠸᠢᠰ᠎ᠦᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠤᠶᠤ ᠮᠣᠵᠢ᠎ᠶᠢᠨ ᠱᠠᠳᠤᠨ᠎ᠤ ᠷᠠᠳᠢᠤ ᠨᠡᠪᠲᠡᠷᠡᠭᠦᠯᠭᠡ ᠲᠧᠯᠸᠢᠰ᠎ᠦᠨ ᠬᠠᠮᠢᠶᠠᠷᠤᠯᠳᠠ᠎ᠶᠢᠨ ᠰᠠᠯᠠᠭ᠎ᠠ ᠮᠥᠴᠢᠷ᠎ᠦᠨ ᠵᠦᠪᠱᠢᠶᠡᠷᠡᠭᠦᠯᠦᠭᠰᠡᠨ ᠨᠡᠪᠲᠡᠷᠡᠭᠦᠯᠭᠡ᠎ᠶᠢᠨ ᠬᠡᠷᠡᠭᠯᠡᠭᠡᠨ᠎ᠦ ᠬᠡᠯᠡ;

   (ᠭᠤᠷᠪᠠ) ᠰᠢ ᠵᠦᠴᠦᠭᠡ᠂ ᠺᠢᠨᠤ ᠲᠧᠯᠸᠢᠰ ᠵᠡᠷᠭᠡ ᠤᠷᠠᠯᠢᠭ᠎ᠤᠨ ᠬᠡᠯᠪᠡᠷᠢ᠎ᠳᠦ ᠬᠡᠷᠡᠭᠯᠡᠬᠦ ᠴᠢᠬᠤᠯᠠᠲᠠᠢ ᠪᠠᠢᠬᠤ; 

   (ᠳᠥᠷᠪᠡ) ᠬᠡᠪᠯᠡᠯ᠂ ᠵᠢᠭᠠᠨ ᠰᠤᠷᠭᠠᠯᠲᠠ᠂ ᠰᠤᠳᠤᠯᠭᠠᠨ᠎ᠤ ᠲᠤᠮᠳᠠ ᠦᠨᠡᠬᠡᠷ ᠬᠡᠷᠡᠭᠯᠡᠬᠦ ᠴᠢᠬᠤᠯᠠᠲᠠᠢ ᠪᠠᠢᠬᠤ;

  ᠠᠷᠪᠠᠨ ᠳᠤᠯᠤᠳᠤᠭᠠᠷ ᠵᠦᠢᠯ   ᠲᠤᠰ ᠪᠦᠯᠦᠭ᠎ᠦᠨ ᠬᠤᠯᠪᠤᠭᠳᠠᠯ ᠪᠦᠬᠦᠢ ᠲᠤᠭᠳᠠᠭᠠᠯ᠎ᠤᠨ ᠲᠤᠳᠤᠷ᠎ᠠ ᠳᠣᠤᠷ᠎ᠠ ᠵᠢᠭᠰᠠᠭᠠᠭᠰᠠᠨ ᠪᠠᠢᠳᠠᠯ᠎ᠤᠳ ᠪᠠᠢᠪᠠᠯ ᠪᠢᠴᠢᠯᠭᠡ ᠶᠠᠷᠱᠢᠭᠳᠠᠢ ᠦᠰᠦᠭ᠂ ᠣᠨᠳᠤᠤ ᠪᠢᠴᠢᠯᠭᠡᠳᠠᠢ ᠦᠰᠦᠭ᠎ᠢ ᠦᠯᠡᠳᠡᠭᠡᠬᠦ ᠪᠤᠶᠤ ᠬᠡᠷᠡᠭᠯᠡᠵᠤ ᠪᠤᠯᠤᠨ᠎ᠠ᠄

   (ᠨᠢᠭᠡ) ᠳᠡᠤᠬᠡ᠎ᠶᠢᠨ ᠳᠤᠷᠠᠰᠭᠠᠯᠲᠦ ᠵᠦᠢᠯ᠎ᠦᠳ;

   (ᠬᠤᠶᠠᠷ) ᠣᠪᠤᠭ᠎ᠨᠡᠷ᠎ᠡ᠎ᠶᠢᠨ ᠲᠤᠳᠤᠷᠠᠬᠢ ᠤᠨᠳᠤᠤ ᠪᠢᠴᠢᠯᠭᠡᠳᠠᠢ ᠦᠰᠦᠭ ;

   (ᠭᠤᠷᠪᠠ) ᠤᠷᠠᠨ   ᠪᠢᠴᠢᠯᠭᠡ  ᠂   ᠲᠠᠮᠠᠭ᠎ᠠ  ᠰᠡᠢᠯᠦᠮᠡᠯ  ᠵᠡᠷᠭᠡ  ᠤᠷᠠᠯᠢᠭ᠎ᠤᠨ ᠪᠦᠲᠦᠭᠡᠯ ;

   (ᠳᠥᠷᠪᠡ) ᠪᠢᠴᠢᠭᠡᠰᠦ ᠪᠠ ᠬᠤᠳᠠᠯᠳᠤᠭᠠᠨ᠎ᠤ ᠫᠠᠢᠰᠠ᠎ᠶᠢᠨ ᠳᠡᠭᠡᠷᠡᠬᠢ ᠭᠠᠷ ᠪᠢᠴᠢᠮᠡᠯ ᠦᠰᠦᠭ;

   (ᠲᠠᠪᠦ) ᠬᠡᠪᠯᠡᠯ᠂ ᠵᠢᠭᠠᠨ ᠰᠤᠷᠭᠠᠯᠲᠠ᠂ ᠰᠤᠳᠤᠯᠭᠠᠨ᠎ᠤ ᠳᠤᠮᠳᠠ ᠬᠡᠷᠡᠭᠯᠡᠬᠦ ᠴᠢᠬᠤᠯᠠᠳᠠᠢ ᠵᠦᠢᠯᠡᠰ;

   (ᠵᠢᠷᠭᠤᠭ᠎ᠠ) ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢᠶᠡᠷ ᠵᠦᠪᠱᠢᠶᠡᠷᠡᠭᠦᠯᠦᠭᠰᠡᠨ ᠤᠨᠴᠠᠭᠠᠢ ᠪᠠᠢᠳᠠᠯ᠃

  ᠠᠷᠪᠠᠨ ᠨᠠᠢ᠍ᠮᠠᠳᠤᠭᠠᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠨᠢ 《ᠬᠢᠲᠠᠳ ᠬᠡᠯᠡᠨ᠎ᠦ ᠠᠪᠢᠶ᠎ᠠ ᠳᠡᠮᠳᠡᠭᠯᠡᠬᠦ ᠲᠦᠰᠦᠯ》᠎ᠢᠶᠡᠷ᠎ᠠᠪᠢᠶᠠᠴᠢᠯᠠᠨ ᠪᠢᠴᠢᠬᠦ ᠪᠠ ᠠᠪᠢᠶ᠎ᠠ ᠬᠠᠳᠠᠬᠤ ᠪᠠᠭᠠᠵᠢ ᠬᠡᠷᠡᠭᠯᠡᠭᠦᠷ ᠪᠤᠯᠭᠠᠨ᠎ᠠ᠃ 《ᠬᠢᠲᠠᠳ ᠬᠡᠯᠡᠨ᠎ᠦ ᠠᠪᠢᠶ᠎ᠠ ᠳᠡᠮᠳᠡᠭᠯᠡᠬᠦ ᠲᠦᠰᠦᠯ》 ᠪᠤᠯ ᠲᠤᠮᠳᠠᠳᠤ ᠤᠯᠤᠰ᠎ᠤᠨ ᠬᠦᠮᠦᠨ᠎ᠦ᠎ᠨᠡᠷ᠎ᠠ᠂ ᠭᠠᠵᠠᠷ᠎ᠤᠨ᠎ᠨᠡᠷ᠎ᠡ ᠪᠤᠯᠤᠨ ᠬᠢᠲᠠᠳ ᠬᠡᠯᠡᠨ᠎ᠦ ᠰᠤᠷᠪᠤᠯᠵᠢ ᠪᠢᠴᠢᠭ᠌᠎ᠢ ᠷᠤᠮᠨ ᠦᠰᠦᠭ᠎ᠢᠶᠡᠷ ᠠᠪᠢᠶᠠᠴᠢᠯᠠᠨ ᠪᠢᠴᠢᠬᠦ ᠠᠷᠭ᠎ᠠ᠎ᠶᠢᠨ ᠨᠢᠭᠡᠳᠦᠯᠳᠠᠢ ᠳᠦᠷᠢᠮᠵᠢᠯ ᠪᠤᠯᠬᠤ ᠪᠦᠭᠡᠳ ᠳᠡᠬᠦᠨ᠎ᠢ ᠬᠢᠲᠠᠳ ᠬᠡᠯᠡ᠎ᠶᠢ ᠬᠡᠷᠡᠭᠯᠡᠬᠦ᠎ᠳᠦ ᠲᠦᠭᠦᠮ᠎ᠦᠭᠡᠢ ᠪᠤᠶᠤ ᠬᠡᠷᠡᠭᠯᠡᠵᠦ ᠪᠣᠯᠬᠤ᠎ᠦᠭᠡᠢ ᠭᠠᠵᠠᠷ᠎ᠲᠤ ᠬᠡᠷᠡᠭᠯᠡᠨ᠎ᠡ᠃

  ᠠᠩᠬ᠎ᠠ ᠵᠡᠷᠭᠡ᠎ᠶᠢᠨ ᠰᠤᠷᠭᠠᠨ ᠬᠥᠮᠦᠵᠢᠯ᠎ᠳᠦ ᠬᠢᠳᠠᠳ ᠬᠡᠯᠡᠨ᠎ᠦ ᠠᠪᠢᠶ᠎ᠠ ᠳᠡᠮᠳᠡᠭᠯᠡᠬᠦ ᠵᠢᠭᠠᠨ ᠰᠤᠷᠭᠠᠯᠳᠠ ᠬᠢᠬᠦ ᠬᠡᠷᠡᠭᠳᠠᠢ᠃

  ᠠᠷᠪᠠ ᠶᠢᠰᠦᠳᠦᠭᠡᠷ ᠵᠦᠢᠯ  ᠨᠡᠢᠲᠡᠯᠢᠭ ᠬᠡᠯᠡ᠎ᠪᠡᠷ ᠠᠵᠢᠯ᠎ᠤᠨ ᠬᠡᠯᠡ ᠪᠤᠯᠭᠠᠭᠰᠠᠨ ᠠᠵᠢᠯ᠎ᠤᠨ ᠪᠠᠢᠷᠢ ᠪᠦᠬᠦᠨ᠎ᠦ ᠠᠵᠢᠯᠳᠠᠳ ᠨᠡᠢᠲᠡᠯᠢᠭ ᠬᠡᠯᠡ᠎ᠶᠢ ᠬᠡᠯᠡᠵᠦ ᠴᠢᠳᠠᠬᠤ ᠴᠢᠳᠠᠪᠤᠷᠢ ᠪᠦᠷᠢᠯᠳᠦᠭᠦᠯᠦᠭᠰᠡᠨ ᠪᠠᠢᠬᠤ ᠬᠡᠷᠡᠭᠳᠠᠢ᠃

  ᠨᠡᠢᠳᠡᠯᠢᠭ ᠬᠡᠯᠡ᠎ᠪᠡᠷ ᠠᠵᠢᠯ᠎ᠤᠨ ᠬᠡᠯᠡ ᠪᠤᠯᠭᠠᠭᠰᠠᠨ ᠨᠡᠪᠳᠡᠷᠡᠭᠦᠯᠦᠭᠴᠢ᠂ ᠫᠷᠤᠭ᠌ᠷᠠᠮ᠎ᠤᠨ ᠳᠠᠭᠠᠭᠠᠮᠠᠯ ᠪᠤᠯᠤᠨ ᠺᠢᠨᠤ ᠲᠧᠯᠸᠢᠰ ᠶᠠᠷᠢᠶᠠᠳᠤ ᠵᠦᠴᠦᠭᠡ᠎ᠶᠢᠨ ᠲᠤᠭᠯᠠᠭᠴᠢ᠂ ᠪᠠᠭᠱᠢ᠂ ᠲᠦᠷᠦ᠎ᠶᠢᠨ ᠪᠠᠢᠭᠤᠯᠭ᠎ᠠ᠎ᠶᠢᠨ ᠠᠵᠢᠯᠳᠠᠨ᠎ᠤ ᠨᠡᠢᠲᠡᠯᠢᠭ ᠬᠡᠯᠡᠨ᠎ᠦ ᠬᠢᠷᠢ ᠬᠡᠮᠵᠢᠶ᠎ᠡ᠎ᠨᠢ ᠤᠯᠤᠰ᠎ᠤᠨ ᠳᠤᠭᠳᠠᠭᠠᠭᠰᠠᠨ ᠳᠡᠰ᠎ᠦᠨ ᠪᠠᠷᠢᠮᠵᠢᠶ᠎ᠠ᠎ᠳᠤ ᠳᠤᠰ ᠳᠤᠰ ᠬᠦᠷᠦᠭᠰᠡᠨ ᠪᠠᠢᠬᠤ ᠬᠡᠷᠡᠭᠳᠠᠢ᠃ ᠤᠯᠤᠰ᠎ᠠᠴᠠ ᠲᠣᠭᠲᠠᠭᠠᠭᠰᠠᠨ ᠨᠡᠢᠳᠡᠯᠢᠭ ᠬᠡᠯᠡᠨ᠎ᠦ ᠳᠡᠰ᠎ᠦᠨ ᠪᠠᠷᠢᠮᠵᠢᠶ᠎ᠠ᠎ᠳᠤ ᠬᠠᠷᠠᠬᠠᠨ ᠬᠦᠷᠦᠭᠡᠳᠦᠢ ᠪᠠᠢᠪᠠᠯ᠂ ᠪᠠᠢᠳᠠᠯ᠎ᠢ᠎ᠨᠢ ᠢᠯᠭᠠᠨ ᠦᠵᠡᠵᠦ ᠪᠠᠢᠭᠠᠳ ᠪᠤᠯᠪᠠᠰᠤᠷᠠᠯ ᠬᠢᠯᠭᠡᠬᠦ ᠬᠡᠷᠡᠭᠳᠠᠢ᠃

  ᠬᠣᠷᠢᠳᠤᠭᠠᠷ ᠵᠦᠢᠯ  ᠭᠠᠳᠠᠭᠠᠲᠤ᠎ᠶᠢᠨ ᠬᠦᠮᠦᠨ᠎ᠳᠦ ᠵᠤᠷᠢᠭᠤᠯᠤᠭᠰᠠᠨ ᠬᠢᠳᠠᠳ ᠬᠡᠯᠡᠨ᠎ᠤ ᠵᠢᠭᠠᠨ ᠰᠤᠷᠭᠠᠯᠲᠠ᠎ᠨᠢ ᠨᠡᠢᠳᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭᠠᠨ ᠰᠤᠷᠭᠠᠬᠤ ᠬᠡᠷᠡᠭᠳᠠᠢ᠃

 

 ᠭᠤᠷᠪᠠᠳᠤᠭᠠᠷ ᠪᠦᠯᠦᠭ   ᠬᠠᠮᠢᠶᠠᠷᠤᠯᠳᠠ ᠪᠠ ᠬᠢᠨᠠᠯᠳᠠ

  ᠬᠤᠷᠢᠨ ᠨᠢᠭᠡᠳᠦᠭᠡᠷ ᠵᠦᠢᠯ  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠠᠵᠢᠯ᠎ᠢ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ  ᠰᠠᠯᠠᠭ᠎ᠠ  ᠮᠥᠴᠢᠷ᠎ᠡᠴᠡ ᠬᠠᠷᠢᠭᠤᠴᠠᠨ  ᠳᠦᠯᠦᠪᠵᠢᠭᠦᠯᠦᠨ  ᠵᠢᠯᠤᠭᠤᠳᠴᠤ  ᠬᠠᠮᠢᠶᠠᠷᠤᠨ ᠬᠢᠨᠠᠨ᠎ᠠ᠃

  ᠲᠦᠷᠦ  ᠎ᠶᠢᠨ   ᠶᠠᠪᠤᠳᠠᠯ  ᠎ᠤᠨ  ᠬᠤᠷᠢᠶᠠᠨ  ᠎ᠤ  ᠬᠤᠯᠪᠤᠭᠳᠠᠯ   ᠪᠦᠬᠦᠢ  ᠰᠠᠯᠠᠭ᠎ᠠ  ᠮᠥᠴᠢᠷ᠎ᠦᠳ  ᠲᠤᠰ ᠱᠢᠰᠲᠧᠮ᠎ᠦᠨ᠎ᠢᠶᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠳᠡ᠎ᠶᠢ ᠬᠠᠮᠢᠶᠠᠷᠤᠨ᠎ᠠ᠃

  ᠬᠤᠷᠢᠨ ᠬᠤᠶᠠᠳᠤᠭᠠᠷ ᠵᠦᠢᠯ   ᠤᠷᠤᠨ ᠨᠤᠲᠤᠭ᠎ᠤᠨ ᠦᠭᠡ ᠬᠡᠯᠡ ᠦᠰᠦᠭ ᠪᠢᠴᠢᠭ᠌᠎ᠦᠨ ᠠᠵᠢᠯ᠎ᠦᠨ ᠰᠠᠯᠠᠭ᠎ᠠ ᠮᠥᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠳ ᠳᠤᠰ ᠵᠠᠰᠠᠭ ᠵᠠᠬᠢᠷᠭᠠᠨ᠎ᠤ ᠣᠷᠤᠨ᠎ᠤ᠎ᠪᠠᠨ ᠳᠣᠲᠤᠷᠠᠬᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠬᠡᠷᠡᠭᠯᠡᠯᠳᠡ᠎ᠶᠢ ᠬᠢᠨᠠᠨ᠎ᠠ᠃

  ᠬᠤᠷᠢᠨ ᠭᠤᠷᠪᠠᠳᠤᠭᠠᠷ ᠵᠦᠢᠯ  ᠱᠢᠶᠠᠨ᠎ᠤ  ᠱᠠᠳᠤᠨ᠎ᠡᠴᠡ  ᠳᠡᠭᠡᠭᠱᠢᠬᠢ  ᠡᠯ᠎ᠠ  ᠱᠠᠳᠤᠨ᠎ᠦ  ᠠᠷᠠᠳ᠎ᠤᠨ ᠵᠠᠰᠠᠭ᠎ᠤᠨ ᠤᠷᠳᠤᠨ᠎ᠤ ᠦᠢᠯᠡᠳᠪᠦᠷᠢ  ᠬᠤᠳᠠᠯᠳᠤᠭᠠᠨ᠎ᠤ ᠵᠠᠰᠠᠭ  ᠵᠠᠬᠢᠷᠭᠠᠨ᠎ᠤ  ᠬᠠᠮᠢᠶᠠᠷᠤᠯᠳᠠ᠎ᠶᠢᠨ  ᠰᠠᠯᠠᠭ᠎ᠠ ᠮᠥᠴᠢᠷ᠎ᠦᠳ ᠠᠵᠤ ᠠᠬᠤᠢᠯᠠᠯ᠎ᠤᠨ ᠨᠡᠷᠡᠢᠳᠦᠯ᠂ ᠲᠠᠸᠠᠷ᠎ᠤᠨ ᠨᠡᠷᠡᠢᠳᠦᠯ ᠵᠢᠴᠢ ᠵᠠᠷ᠎ᠤᠨ ᠬᠡᠷᠡᠭᠯᠡᠭᠡᠨ᠎ᠦ ᠬᠡᠯᠡ ᠬᠡᠷᠡᠭᠯᠡᠭᠡᠨ᠎ᠦ ᠦᠰᠦᠭ᠎ᠢ ᠬᠠᠤᠯᠢ ᠶᠣᠰᠤᠭᠠᠷ ᠬᠠᠮᠢᠶᠠᠷᠴᠤ ᠬᠢᠨᠠᠨ᠎ᠠ᠃

  ᠬᠤᠷᠢᠨ ᠲᠦᠷᠪᠡᠳᠦᠭᠡᠷ ᠵᠦᠢᠯ  ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ ᠰᠠᠯᠠᠭ᠎ᠠ ᠮᠥᠴᠢᠷ᠎ᠡᠴᠡ ᠨᠡᠢᠳᠡᠯᠢᠭ ᠬᠡᠯᠡᠨ᠎ᠦ ᠬᠢᠷᠢ ᠬᠡᠮᠵᠢᠶᠡᠨ᠎ᠦ ᠱᠢᠯᠭᠠᠯᠲᠠ᠎ᠶᠢᠨ ᠳᠡᠰ᠎ᠦᠨ ᠪᠠᠷᠢᠮᠵᠢᠶ᠎ᠠ᠎ᠶᠢ ᠨᠡᠢᠳᠡᠯᠡᠨ᠎ᠠ᠃

  ᠬᠤᠷᠢᠨ ᠲᠠᠪᠤᠳᠤᠭᠠᠷ ᠵᠦᠢᠯ  ᠭᠠᠳᠠᠭᠠᠲᠤ ᠤᠯᠤᠰ᠎ᠤᠨ ᠬᠦᠮᠦᠨ᠎ᠦ  ᠨᠡᠷ᠎ᠡ᠂ ᠭᠠᠵᠠᠷ᠎ᠤᠨ᠎ᠨᠡᠷ᠎ᠡ ᠵᠡᠷᠭᠡ ᠲᠤᠰᠭᠠᠢ᠎ᠨᠡᠷ᠎ᠠ ᠪᠠ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ᠎ᠨᠡᠷ᠎ᠡ ᠲᠣᠮᠢᠶ᠎ᠠ᠎ᠶᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢᠶᠡᠷ ᠤᠷᠴᠢᠭᠤᠯᠬᠤ᠎ᠳᠤ ᠬᠦᠷᠪᠡᠯ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠌᠎ᠦᠨ ᠠᠵᠢᠯ᠎ᠤᠨ ᠰᠠᠯᠠᠭ᠎ᠠ ᠮᠦᠴᠢᠷ ᠵᠤᠬᠢᠶᠠᠨ ᠪᠠᠢᠭᠤᠯᠵᠤ ᠬᠢᠨᠠᠨ ᠲᠣᠭᠲᠠᠭᠠᠨ᠎ᠠ᠃

  ᠬᠤᠷᠢᠨ ᠵᠢᠷᠭᠤᠳᠤᠭᠠᠷ ᠵᠦᠢᠯ  ᠲᠤᠰ ᠬᠠᠤᠯᠢ᠎ᠶᠢᠨ  ᠬᠤᠶᠠᠳᠤᠭᠠᠷ ᠪᠦᠯᠦᠭ᠎ᠦᠨ ᠬᠤᠯᠪᠤᠭᠳᠠᠯ ᠪᠦᠬᠦᠢ ᠳᠤᠭᠳᠠᠭᠠᠯ᠎ᠢ ᠵᠦᠷᠢᠴᠡᠵᠦ᠂ ᠦᠭᠡ ᠬᠡᠯᠡ ᠦᠰᠦᠭ ᠪᠢᠴᠢᠭ᠌᠎ᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠦᠨ ᠳᠦᠷᠢᠮᠵᠢᠯ ᠪᠠ ᠪᠠᠷᠢᠮᠵᠢᠶ᠎ᠠ ᠶᠤᠰᠤᠭᠠᠷ ᠬᠡᠷᠡᠭᠯᠡᠭᠰᠡᠨ᠎ᠦᠭᠡᠢ ᠪᠠᠢᠪᠠᠯ᠂ ᠠᠷᠠᠳ ᠢᠷᠭᠡᠳ ᠱᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃

  ᠲᠤᠰ ᠬᠠᠤᠯᠢ᠎ᠶᠢᠨ ᠠᠷᠪᠠ ᠶᠢᠰᠦᠳᠦᠭᠡᠷ ᠵᠦᠢᠯ᠎ᠦᠨ ᠬᠤᠶᠠᠳᠤᠭᠠᠷ ᠪᠠᠳᠠᠭ᠎ᠲᠤ ᠳᠤᠭᠳᠠᠭᠠᠭᠰᠠᠨ ᠬᠦᠮᠦᠰ᠎ᠦᠨ ᠬᠡᠷᠡᠭᠯᠡᠭᠡᠨ᠎ᠦ ᠬᠡᠯᠡ᠎ᠨᠢ ᠲᠤᠰ ᠬᠠᠤᠯᠢ᠎ᠶᠢᠨ ᠬᠤᠶᠠᠳᠤᠭᠠᠷ ᠪᠦᠯᠦᠭ᠎ᠦᠨ ᠬᠤᠯᠪᠤᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠪᠠᠯ᠂ ᠬᠤᠯᠪᠤᠭᠳᠠᠯ ᠪᠦᠬᠦᠢ ᠨᠢᠭᠡᠴᠢ᠎ᠡᠴᠡ ᠱᠢᠭᠤᠳ ᠬᠠᠷᠢᠭᠤᠴᠠᠯᠭ᠎ᠠ᠎ᠲᠠᠢ ᠬᠥᠮᠦᠨ᠎ᠢ ᠱᠢᠭᠦᠮᠵᠢᠯᠡᠵᠦ ᠰᠤᠷᠭᠠᠬᠤ ᠬᠡᠷᠡᠭᠳᠠᠢ᠃ ᠵᠠᠯᠠᠷᠠᠭᠤᠯᠬᠤ᠎ᠶᠢ ᠳᠡᠪᠴᠢᠪᠡᠯ ᠬᠤᠯᠪᠤᠭᠳᠠᠯ ᠪᠦᠬᠦᠢ ᠨᠢᠭᠡᠴᠢ ᠱᠢᠢᠳᠪᠦᠷᠢᠯᠡᠨ᠎ᠡ᠃

  ᠬᠤᠳᠠ᠎ᠶᠢᠨ ᠤᠯᠠᠨ ᠨᠡᠢᠲᠡ᠎ᠶᠢᠨ ᠭᠠᠵᠠᠷ᠎ᠤᠨ ᠲᠦᠭᠦᠭᠡᠷᠦᠮᠵᠢ ᠬᠢᠭᠡᠳ ᠬᠤᠳᠠᠯᠳᠤᠭᠠᠨ᠎ᠤ ᠫᠠᠢᠰᠠ᠂ ᠵᠠᠷ᠎ᠤᠨ ᠬᠡᠷᠡᠭᠯᠡᠭᠡᠨ᠎ᠦ ᠦᠰᠦᠭ᠎ᠨᠢ ᠲᠤᠰ ᠬᠠᠤᠯᠢ᠎ᠶᠢᠨ ᠬᠤᠶᠠᠳᠤᠭᠠᠷ ᠪᠦᠯᠦᠭ᠎ᠦᠨ ᠬᠤᠯᠪᠤᠭᠳᠠᠯ   ᠪᠦᠬᠦᠢ   ᠲᠤᠭᠳᠠᠭᠠᠯ ᠎ᠢ  ᠵᠦᠷᠢᠴᠡᠭᠰᠡᠨ  ᠪᠠᠢᠪᠠᠯ  ᠂  ᠬᠤᠯᠪᠤᠭᠳᠠᠯ  ᠪᠦᠬᠦᠢ  ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠵᠠᠯᠠᠷᠠᠭᠤᠯᠤᠭᠤᠯᠤᠨ᠎ᠠ᠃ ᠵᠠᠯᠠᠷᠠᠭᠤᠯᠬᠤ᠎ᠶᠢ ᠳᠡᠪᠴᠢᠪᠡᠯ ᠰᠡᠷᠡᠮᠵᠢ ᠦᠭᠬᠦ᠎ᠶᠢᠨ ᠬᠠᠮᠳᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠎ᠪᠠᠷ ᠱᠢᠪᠠᠳᠠᠨ ᠱᠠᠭᠠᠷᠳᠠᠨ᠎ᠠ᠃

  ᠬᠤᠷᠢᠨ ᠳᠤᠯᠤᠳᠤᠭᠠᠷ ᠵᠦᠢᠯ  ᠲᠤᠰ ᠬᠠᠤᠯᠢ᠎ᠶᠢᠨ  ᠲᠣᠭᠲᠠᠭᠠᠯ᠎ᠢ ᠵᠥᠷᠢᠴᠡᠵᠦ᠂ ᠪᠤᠰᠤᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠌᠎ᠢ ᠰᠤᠷᠤᠯᠴᠠᠬᠤ ᠪᠠ ᠬᠡᠷᠡᠭᠯᠡᠬᠦ᠎ᠶᠢ ᠬᠠᠷᠱᠢᠯᠠᠭᠰᠠᠨ ᠪᠠᠢᠪᠠᠯ᠂ ᠬᠣᠯᠪᠤᠭᠳᠠᠯ ᠪᠥᠬᠦᠢ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠎ᠶᠢᠨ ᠬᠠᠮᠲᠤ ᠰᠡᠷᠡᠮᠵᠢ ᠦᠭᠭᠦᠨ᠎ᠠ᠃

  ᠲᠦᠷᠪᠡᠳᠦᠭᠡᠷ ᠪᠦᠯᠦᠭ   ᠳᠠᠭᠠᠯᠳᠤᠭᠤᠯᠤᠭᠰᠠᠨ ᠳᠦᠷᠢᠮ

  ᠬᠤᠷᠢᠨ ᠨᠠᠢ᠍ᠮᠠᠳᠤᠭᠠᠷ ᠵᠦᠢᠯ  ᠲᠤᠰ ᠬᠠᠤᠯᠢ᠎ᠶᠢ  2001 ᠣᠨ᠎ᠤ 1᠎ᠳᠦᠭᠡᠷ  ᠰᠠᠷ᠎ᠠ᠎ᠶᠢᠨ 1᠎ᠤ  ᠡᠳᠦᠷ᠎ᠡᠴᠡ ᠡᠬᠢᠯᠡᠵᠦ ᠬᠡᠷᠡᠭᠵᠢᠭᠦᠯᠦᠨ᠎ᠠ᠃

 

 

(ᠬᠠᠷᠢᠭᠤᠴᠠᠭᠰᠠᠨ ᠨᠠᠢᠷᠠᠭᠤᠯᠤᠭᠴᠢ : ᠪᠠᠢ ᠰᠣᠷᠭᠤᠭ)
ᠳᠠᠷᠠᠭᠠᠬᠢ ᠵᠣᠬᠢᠶᠠᠯ᠄ ᠵᠣᠬᠢᠶᠠᠯ᠎ᠦᠭᠡᠢ ᠪᠣᠯᠵᠠᠢ
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604