(2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ
ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠂ ᠪᠠᠷᠢᠮᠵᠢᠶᠠᠵᠢᠯ᠂ ᠰᠤᠷᠤᠯᠴᠠᠯᠭ᠎ᠠ ᠬᠡᠷᠡᠭᠯᠡᠭᠡᠨ᠎ᠤ ᠵᠢᠷᠤᠮᠵᠢᠯᠲᠠ ᠪᠣᠯᠤᠨ ᠮᠣᠩᠭᠤᠯ ᠦᠭᠡ ᠬᠡᠯᠡ ᠦᠰᠦᠭ ᠪᠢᠴᠢᠭ᠎ᠦᠨ ᠴᠡᠴᠡᠭᠯᠡᠯ ᠬᠥᠭᠵᠢᠯᠲᠡ᠎ᠶᠢ ᠠᠬᠢᠭᠤᠯᠵᠤ᠂ ᠨᠡᠢᠭᠡᠮ᠎ᠦᠨ ᠠᠮᠢᠳᠤᠷᠠᠯ᠎ᠳᠤ ᠭᠠᠷᠭᠠᠬᠤ ᠦᠢᠯᠡᠳᠦᠯ᠎ᠢ᠎ᠨᠢ ᠤᠯᠠᠮ ᠰᠠᠢᠨ ᠪᠠᠳᠠᠷᠠᠭᠤᠯᠬᠤ᠎ᠶᠢᠨ ᠲᠥᠯᠦᠭᠡ 《ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠤᠨ᠎ᠤ ᠥᠪᠡᠷᠲᠡᠭᠡᠨ ᠵᠠᠰᠠᠬᠤ ᠬᠠᠤᠯᠢ》 ᠬᠢᠭᠡᠳ ᠤᠯᠤᠰ᠎ᠤᠨ ᠬᠣᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠦᠨᠳᠦᠰᠦᠯᠡᠨ ᠥᠪᠡᠷᠲᠡᠭᠡᠨ ᠵᠠᠰᠠᠬᠤ ᠣᠷᠤᠨ᠎ᠤ᠎ᠪᠠᠨ ᠪᠤᠳᠠᠳᠤ ᠪᠠᠢᠳᠠᠯ᠎ᠲᠠᠢ ᠤᠶᠠᠯᠳᠤᠭᠤᠯᠵᠤ ᠲᠤᠰ ᠳᠦᠷᠢᠮ᠎ᠢ ᠲᠣᠭᠲᠠᠭᠠᠪᠠ᠃
ᠬᠣᠶᠠᠳᠤᠭᠠᠷ ᠵᠦᠢᠯ ᠦᠭᠡ ᠬᠡᠯᠡ ᠦᠰᠦᠭ ᠪᠢᠴᠢᠭ ᠪᠤᠯ ᠥᠪᠡᠷᠲᠡᠭᠡᠨ ᠵᠠᠰᠠᠬᠤ ᠣᠷᠤᠨ᠎ᠤ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠥᠨ ᠪᠥᠭᠡᠳ ᠥᠪᠡᠷᠲᠡᠭᠡᠨ ᠵᠠᠰᠠᠬᠤ ᠡᠷᠬᠡ᠎ᠪᠠᠨ ᠬᠡᠷᠡᠭᠵᠢᠭᠦᠯᠬᠦ ᠴᠢᠬᠤᠯᠠ ᠪᠠᠭᠠᠵᠢ ᠮᠥᠨ᠃ ᠥᠪᠡᠷᠲᠡᠭᠡᠨ ᠵᠠᠰᠠᠬᠤ ᠣᠷᠤᠨ᠎ᠤ ᠡᠯ᠎ᠡ ᠱᠠᠲᠤᠨ᠎ᠤ ᠲᠥᠷᠦ᠎ᠶᠢᠨ ᠪᠣᠳᠤᠯᠭ᠎ᠠ ᠡᠷᠬᠡ ᠲᠤᠱᠢᠶᠠᠯ᠎ᠢᠶᠠᠨ ᠬᠦᠢᠴᠡᠳᠬᠡᠬᠦ ᠦᠶᠡᠰ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢ ᠵᠡᠷᠭᠡ᠎ᠪᠡᠷ ᠬᠡᠷᠡᠭᠯᠡᠬᠦ᠎ᠳᠤ᠎ᠪᠠᠨ ᠮᠣᠩᠭᠤᠯ ᠦᠭᠡ ᠬᠡᠯᠡ ᠦᠰᠦᠭ ᠪᠢᠴᠢᠭ᠎ᠢᠶᠡᠷ ᠭᠣᠤᠯ ᠪᠣᠯᠭᠠᠵᠤ ᠪᠣᠯᠤᠨ᠎ᠠ᠃
ᠭᠤᠷᠪᠠᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠬᠡᠯᠡᠨ᠎ᠤ ᠪᠠᠷᠢᠮᠵᠢᠶ᠎ᠠ ᠠᠪᠢᠶ᠎ᠠ ᠪᠣᠯᠤᠨ ᠮᠣᠩᠭᠤᠯ ᠦᠭᠡ᠎ᠶᠢᠨ ᠲᠦᠷᠢᠮᠵᠢᠬᠦᠯᠦᠭᠰᠡᠨ ᠪᠢᠴᠢᠯᠭᠡ᠎ᠶᠢ ᠲᠦᠭᠡᠭᠡᠨ ᠳᠡᠯᠭᠡᠷᠡᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠤᠨ᠎ᠳᠤ ᠱᠢᠯᠤᠭᠤᠨ ᠬᠥᠬᠡ ᠬᠣᠱᠢᠭᠤ᠎ᠪᠠᠷ ᠲᠥᠯᠦᠭᠡᠯᠡᠭᠦᠯᠦᠭᠰᠡᠨ ᠴᠠᠬᠠᠷ ᠠᠮᠠᠨ ᠠᠶᠠᠯᠭᠤ᠎ᠪᠠᠷ ᠮᠣᠩᠭᠤᠯ ᠬᠡᠯᠡᠨ᠎ᠤ ᠪᠠᠷᠢᠮᠵᠢᠶ᠎ᠠ ᠠᠪᠢᠶ᠎ᠠ ᠪᠣᠯᠭᠠᠨ᠎ᠠ᠃
ᠳᠥᠷᠪᠡᠳᠦᠭᠡᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠦᠨᠳᠦᠰᠦᠲᠡᠨ᠎ᠤ ᠠᠷᠠᠳ ᠢᠷᠭᠡᠳ᠎ᠦᠨ ᠮᠣᠩᠭᠤᠯ ᠦᠭᠡ ᠬᠡᠯᠡ ᠦᠰᠦᠭ ᠪᠢᠴᠢᠭ᠎ᠢᠶᠡᠨ ᠰᠤᠷᠴᠤ ᠬᠡᠷᠡᠭᠯᠡᠬᠦ᠂ ᠰᠤᠳᠤᠯᠵᠤ ᠬᠥᠭᠵᠢᠭᠦᠯᠬᠦ ᠡᠷᠬᠡ ᠮᠡᠳᠡᠯ᠎ᠢ ᠪᠠᠲᠤᠯᠠᠬᠤ ᠬᠡᠷᠡᠭᠲᠡᠢ ᠪᠥᠭᠡᠳ ᠦᠨᠳᠦᠰᠦᠲᠡᠨ᠎ᠨᠦᠭᠦᠳ᠎ᠦᠨ ᠠᠷᠠᠳ ᠢᠷᠭᠡᠳ᠎ᠦᠨ ᠮᠣᠩᠭᠤᠯ ᠦᠭᠡ ᠬᠡᠯᠡ ᠦᠰᠦᠭ ᠪᠢᠴᠢᠭ ᠰᠤᠷᠬᠤ᠂ ᠬᠡᠷᠡᠭᠯᠡᠬᠦ᠂ ᠰᠤᠳᠤᠯᠬᠤ᠎ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃
ᠲᠠᠪᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠮᠣᠩᠭᠤᠯ ᠬᠡᠯᠡ ᠪᠢᠴᠢᠭ᠎ᠦᠨ ᠠᠵᠢᠯ᠎ᠤᠨ ᠵᠠᠷᠤᠳᠠᠯ᠎ᠢ ᠲᠤᠰ ᠱᠠᠲᠤᠨ᠎ᠤ᠎ᠪᠠᠨ ᠡᠳ᠋᠎ᠦᠨ ᠵᠠᠰᠠᠭ᠎ᠤᠨ ᠲᠥᠰᠦᠪ᠎ᠲᠤ ᠣᠷᠤᠭᠤᠯᠬᠤ ᠬᠡᠷᠡᠭᠲᠡᠢ᠃
ᠵᠢᠷᠭᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠭᠤᠯᠤᠮᠵᠢ᠎ᠨᠢ ᠲᠤᠰ ᠵᠠᠰᠠᠭ ᠵᠠᠬᠢᠷᠭᠠᠨ᠎ᠤ ᠣᠷᠤᠨ᠎ᠤ ᠬᠡᠪᠴᠢᠶᠡᠨ᠎ᠳᠡᠬᠢ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠢ ᠲᠥᠯᠦᠪᠵᠢᠭᠦᠯᠬᠦ᠂ ᠵᠢᠯᠤᠭᠤᠳᠭᠤ ᠪᠠ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦ᠋ᠳ ᠥᠪᠡᠷᠰᠡᠳ᠎ᠦᠨ ᠡᠭᠦᠷᠭᠡ ᠬᠠᠷᠢᠭᠤᠴᠠᠯᠭᠠᠪᠡᠷᠢᠶᠡᠨ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠢ ᠬᠠᠮᠲᠤᠪᠡᠷ ᠰᠠᠢᠲᠤᠷ ᠬᠢᠬᠦ ᠬᠡᠷᠡᠭᠲᠡᠢ᠃
ᠲᠤᠯᠤᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠡᠳ ᠳᠣᠪᠤᠢᠮ᠎ᠠ ᠪᠦᠳᠦᠮᠵᠢ ᠭᠠᠷᠭᠠᠭᠰᠠᠨ ᠨᠢᠭᠡᠴᠢ ᠪᠣᠯᠤᠨ ᠬᠤᠪᠢ ᠬᠥᠮᠦᠨ᠎ᠢ ᠱᠠᠩᠨᠠᠵᠤ ᠬᠥᠬᠢᠭᠦᠯᠦᠨ᠎ᠡ᠃