ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠦᠷᠢᠮ (ᠬᠣᠶᠠᠳᠤᠭᠠᠷ ᠪᠦᠯᠦᠭ)
2019.11.04

   (2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠬᠣᠶᠠᠳᠤᠭᠠᠷ ᠪᠦᠯᠦᠭ   ᠰᠤᠷᠤᠯᠴᠠᠯᠭ᠎ᠠ ᠪᠠ ᠰᠤᠷᠭᠠᠨ ᠬᠥᠮᠦᠵᠢᠯ

 

  ᠨᠠᠢ᠍ᠮᠠᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ᠎ᠢᠶᠠᠷ ᠬᠢᠴᠢᠶᠡᠯᠯᠡᠬᠦ᠎ᠪᠠᠷ ᠭᠣᠤᠯᠯᠠᠭᠤᠯᠤᠭᠰᠠᠨ ᠡᠯ᠎ᠡ ᠱᠠᠲᠤᠨ᠎ᠤ ᠡᠯ᠎ᠡ ᠲᠥᠷᠦᠯ᠎ᠦᠨ ᠰᠤᠷᠭᠠᠨ ᠬᠥᠮᠦᠵᠢᠯ᠎ᠢ ᠤᠷᠢᠳᠴᠢᠯᠡᠨ ᠬᠦᠭᠵᠢᠬᠦᠯᠵᠦ᠂ ᠭᠣᠤᠯᠳᠠᠯᠭ᠎ᠠ᠎ᠲᠠᠢ ᠳᠡᠳᠬᠦᠵᠤ᠂ ᠮᠣᠩᠭᠤᠯ ᠬᠢᠲᠠᠳ ᠬᠤᠶᠠᠷ ᠲᠥᠷᠦᠯ᠎ᠦᠨ ᠦᠭᠡ ᠬᠡᠯᠡ ᠦᠰᠦᠭ ᠪᠢᠴᠢᠭ᠎ᠢ ᠵᠡᠷᠭᠡ᠎ᠪᠡᠷ ᠡᠵᠡᠮᠱᠢᠭᠰᠡᠨ ᠡᠯ᠎ᠡ ᠲᠥᠷᠦᠯ᠎ᠦᠨ ᠲᠤᠰᠭᠠᠢ ᠮᠡᠷᠭᠡᠵᠢᠯ᠎ᠦᠨ ᠴᠢᠳᠠᠪᠦᠷᠢᠲᠠᠨ᠎ᠢ ᠬᠥᠮᠦᠵᠢᠭᠦᠯᠬᠦ ᠬᠡᠷᠡᠭᠲᠡᠢ᠃

  ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ᠎ᠢᠶᠠᠷ ᠬᠢᠴᠢᠶᠡᠯᠯᠡᠬᠦ ᠰᠤᠷᠭᠠᠨ ᠬᠥᠮᠦᠵᠢᠯ᠎ᠦᠨ ᠪᠡᠯᠡ ᠣᠷᠤᠭᠤᠯᠤᠯᠲᠠ᠎ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

  ᠠᠷᠪᠠᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯ᠎ᠢᠶᠠᠷ ᠬᠢᠴᠢᠶᠡᠯᠯᠡᠬᠦ ᠰᠤᠷᠭᠠᠭᠤᠯᠢ᠎ᠨᠤᠭᠤᠳ᠎ᠲᠤ ᠲᠥᠷᠦ᠎ᠶᠢᠨ ᠪᠣᠳᠤᠯᠭ᠎ᠠ᠎ᠶᠢᠨ ᠬᠠᠷᠠᠭᠠᠯᠵᠠᠯ ᠬᠦᠷᠲᠡᠭᠡᠬᠦ ᠪᠠ ᠪᠡᠯᠡ ᠮᠥᠩᠭᠦᠨ᠎ᠤ ᠨᠥᠬᠦᠪᠦᠷᠢ ᠥᠭᠴᠦ᠂ ᠮᠣᠩᠭᠤᠯ᠎ᠢᠶᠠᠷ ᠬᠢᠴᠢᠶᠡᠯᠯᠡᠬᠦ ᠰᠤᠷᠤᠭᠴᠢ᠎ᠶᠢᠨ ᠰᠤᠷᠤᠯᠭ᠎ᠠ᠎ᠶᠢᠨ ᠵᠠᠷᠤᠳᠠᠯ᠂ ᠢᠬᠢᠷ ᠱᠢᠬᠢᠷ ᠵᠠᠷᠤᠳᠠᠯ᠂ ᠰᠤᠷᠬᠤ ᠪᠢᠴᠢᠭ᠎ᠤᠨ ᠵᠠᠷᠤᠳᠠᠯ᠎ᠢ᠎ᠨᠢ ᠬᠥᠩᠭᠡᠯᠡᠬᠦ ᠪᠤᠶᠤ ᠬᠡᠯᠲᠦᠷᠢᠭᠦᠯᠬᠦ ᠬᠡᠷᠡᠭᠲᠡᠢ᠃ ᠡᠭᠦᠨ᠎ᠤ ᠬᠠᠮᠲᠤ ᠰᠤᠷᠤᠯᠭ᠎ᠠ᠎ᠶᠢᠨ ᠳᠡᠳᠭᠦᠮᠵᠢ᠎ᠶᠢᠨ ᠮᠥᠩᠭᠦ᠂ ᠰᠤᠷᠤᠯᠭ᠎ᠠ᠎ᠶᠢᠨ ᠱᠠᠩᠨᠠᠯ᠎ᠤᠨ ᠮᠥᠩᠭᠦᠨ ᠳᠦᠷᠢᠮ᠎ᠢ ᠬᠡᠷᠡᠭᠵᠢᠭᠦᠯᠵᠦ᠂ ᠶᠠᠳᠠᠭᠤ ᠬᠦᠴᠢᠷᠳᠡᠯᠳᠡᠢ ᠭᠡᠷ ᠪᠦᠯᠢ᠎ᠶᠢᠨ ᠰᠤᠷᠤᠭᠴᠢ᠎ᠶᠢᠨ ᠰᠤᠷᠤᠯᠭ᠎ᠠ᠎ᠪᠠᠨ ᠲᠡᠭᠦᠰᠭᠡᠬᠦ᠎ᠶᠢ ᠪᠠᠲᠤᠯᠠᠬᠤ ᠬᠡᠷᠡᠭᠲᠡᠢ᠃

  ᠠᠷᠪᠠᠨ ᠨᠢᠭᠡᠳᠦᠭᠡᠷ ᠵᠦᠢᠯ   ᠬᠢᠲᠠᠳ᠎ᠢᠶᠠᠷ ᠬᠢᠴᠢᠶᠡᠯᠯᠡᠬᠦ ᠮᠣᠩᠭᠤᠯ ᠦᠨᠳᠦᠰᠦᠲᠡᠨ᠎ᠤ ᠳᠤᠮᠳᠠᠳᠤ᠂ ᠪᠠᠭ᠎ᠠ ᠰᠤᠷᠭᠠᠭᠤᠯᠢ᠎ᠨᠤᠭᠤᠳ᠎ᠲᠤ ᠮᠣᠩᠭᠤᠯ ᠬᠡᠯᠡ ᠪᠢᠴᠢᠭ᠎ᠦᠨ ᠬᠢᠴᠢᠶᠡᠯ ᠲᠣᠬᠢᠷᠠᠭᠤᠯᠬᠤ ᠬᠡᠷᠡᠭᠲᠡᠢ᠃

  ᠠᠷᠪᠠᠨ ᠬᠣᠶᠠᠳᠤᠭᠠᠷ ᠵᠦᠢᠯ   ᠮᠣᠩᠭᠤᠯ ᠬᠥᠮᠦᠨ ᠠᠮᠠ ᠠᠢᠮᠠᠭ ᠬᠤᠳᠠ ᠮᠣᠩᠭᠤᠯ᠎ᠢᠶᠠᠷ ᠬᠢᠴᠢᠶᠡᠯᠯᠡᠬᠦ ᠳᠤᠮᠳᠠᠳᠤ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠡᠷᠬᠢᠯᠡᠬᠦ ᠬᠡᠷᠡᠭᠲᠡᠢ᠃

  ᠠᠷᠪᠠᠨ ᠭᠤᠷᠪᠠᠳᠤᠭᠠᠷ ᠵᠦᠢᠯ   ᠡᠯ᠎ᠡ ᠲᠥᠷᠦᠯ᠎ᠦᠨ ᠳᠡᠭᠡᠲᠤ ᠰᠤᠷᠭᠠᠭᠤᠯᠢ᠎ᠨᠤᠭᠤᠳ ᠮᠣᠩᠭᠤᠯ᠎ᠢᠶᠠᠷ ᠬᠢᠴᠢᠶᠡᠯᠯᠡᠬᠦ᠎ᠪᠡᠷ ᠭᠣᠤᠯᠯᠠᠭᠤᠯᠤᠭᠰᠠᠨ ᠲᠤᠰᠭᠠᠢ ᠮᠡᠷᠭᠡᠵᠢᠯ᠎ᠢ ᠠᠯᠬᠤᠮ ᠠᠯᠬᠤᠮ᠎ᠢᠶᠠᠷ ᠴᠢᠩᠭᠠᠳᠭᠠᠬᠤ ᠪᠤᠶᠤ ᠨᠡᠮᠡᠵᠤ ᠲᠣᠬᠢᠷᠠᠭᠤᠯᠬᠤ᠎ᠶᠢᠨ ᠬᠠᠮᠲᠤ ᠪᠡᠯᠡᠳᠭᠡᠯ ᠠᠩᠭᠢ᠎ᠶᠢᠨ ᠡᠯᠰᠡᠯᠲᠡ᠎ᠶᠢᠨ ᠬᠡᠪᠴᠢᠶ᠎ᠠ᠎ᠪᠠᠨ ᠥᠷᠭᠡᠳᠭᠡᠵᠦ᠂ ᠪᠡᠯᠡᠳᠭᠡᠯ ᠠᠩᠭᠢ᠎ᠳᠤ ᠮᠣᠩᠭᠤᠯ᠎ᠢᠶᠠᠷ ᠰᠤᠷᠤᠭᠰᠠᠨ ᠰᠤᠷᠤᠭᠴᠢ᠎ᠶᠢ ᠡᠯᠰᠡᠬᠦ ᠬᠡᠷᠡᠭᠲᠡᠢ᠃ ᠡᠯ᠎ᠡ ᠲᠥᠷᠦᠯ᠎ᠦᠨ ᠳᠡᠭᠡᠲᠤ ᠰᠤᠷᠭᠠᠭᠤᠯᠢ᠎ᠨᠤᠭᠤᠳ ᠮᠣᠩᠭᠤᠯ᠎ᠢᠶᠠᠷ ᠬᠢᠴᠢᠶᠡᠯᠯᠡᠬᠦ ᠲᠤᠰᠭᠠᠢ ᠮᠡᠷᠭᠡᠵᠢᠯ᠎ᠦᠨ ᠰᠤᠷᠤᠭᠴᠢ ᠡᠯᠰᠡᠯᠲᠡ᠎ᠳᠤ ᠲᠤᠰᠠᠭᠠᠷ ᠲᠥᠯᠦᠪᠯᠡᠭᠡ ᠬᠡᠷᠡᠭᠵᠢᠭᠦᠯᠵᠦ᠂ ᠡᠯᠰᠡᠬᠦ ᠰᠤᠷᠤᠭᠴᠢ᠎ᠶᠢᠨ ᠲᠣᠭ᠎ᠠ᠎ᠪᠠᠨ ᠠᠯᠬᠤᠮ ᠠᠯᠬᠤᠮ᠎ᠢᠶᠠᠷ ᠨᠡᠮᠡᠭᠳᠡᠭᠦᠯᠬᠦ ᠬᠡᠷᠡᠭᠲᠡᠢ᠃

  ᠠᠷᠪᠠᠨ ᠳᠥᠷᠪᠡᠳᠦᠭᠡᠷ ᠵᠦᠢᠯ  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠨᠴᠠᠭᠠᠢ ᠲᠥᠷᠦ᠎ᠶᠢᠨ ᠪᠣᠳᠤᠯᠭ᠎ᠠ ᠲᠣᠭᠲᠠᠭᠠᠵᠤ᠂ ᠮᠣᠩᠭᠤᠯ᠎ᠢᠶᠠᠷ ᠬᠢᠴᠢᠶᠡᠯᠯᠡᠬᠦ ᠳᠡᠭᠡᠲᠤ᠂ ᠳᠤᠮᠳᠠᠳᠤ ᠵᠡᠷᠭᠡ᠎ᠶᠢᠨ ᠰᠤᠷᠭᠠᠭᠤᠯᠢ ᠲᠡᠭᠦᠰᠦᠭᠰᠡᠨ ᠰᠤᠷᠤᠭᠴᠢᠳ᠎ᠤᠨ ᠠᠵᠢᠯ ᠤᠯᠬᠤ ᠵᠠᠮ᠎ᠢ ᠥᠷᠭᠡᠵᠢᠭᠦᠯᠬᠦ ᠬᠡᠷᠡᠭᠲᠡᠢ ᠪᠥᠭᠡᠳ ᠲᠥᠷᠦ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠨᠦᠭᠦᠳ ᠮᠣᠩᠭᠤᠯ᠎ᠢᠶᠠᠷ ᠬᠢᠴᠢᠶᠡᠯᠯᠡᠬᠦ ᠳᠡᠭᠡᠲᠦ᠂ ᠳᠤᠮᠳᠠᠳᠤ ᠵᠡᠷᠭᠡ᠎ᠶᠢᠨ ᠰᠤᠷᠭᠠᠭᠤᠯᠢ ᠲᠡᠭᠦᠰᠦᠭᠰᠡᠨ ᠰᠤᠷᠤᠭᠴᠢ᠎ᠶᠢ ᠡᠯᠰᠡᠨ ᠬᠡᠷᠡᠭᠯᠡᠬᠦ ᠬᠡᠷᠡᠭᠲᠡᠢ᠃

  ᠠᠷᠪᠠᠨ ᠲᠠᠪᠤᠳᠤᠭᠠᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠮᠣᠩᠭᠤᠯᠴᠤᠳ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ᠎ᠤ ᠮᠠᠯᠴᠢᠨ ᠲᠠᠷᠢᠶᠠᠴᠢᠳ᠎ᠲᠤ ᠮᠣᠩᠭᠤᠯ᠎ᠢᠶᠠᠷ ᠬᠢᠴᠢᠶᠡᠯᠯᠡᠬᠦ᠎ᠪᠡᠷ ᠭᠣᠤᠯᠯᠠᠭᠤᠯᠤᠭᠰᠠᠨ ᠬᠡᠷᠡᠭᠯᠡᠭᠡᠨ᠎ᠤ ᠮᠡᠷᠭᠡᠵᠢᠯ᠎ᠦᠨ ᠬᠥᠮᠦᠵᠢᠯ ᠪᠣᠯᠪᠠᠰᠤᠷᠠᠯ ᠬᠦᠷᠲᠡᠭᠡᠵᠦ᠂ ᠬᠡᠷᠡᠭᠯᠡᠭᠡᠨ᠎ᠤ ᠮᠡᠷᠭᠡᠵᠢᠯ᠎ᠦᠨ ᠬᠥᠮᠦᠵᠢᠯ ᠪᠣᠯᠪᠠᠰᠤᠷᠠᠯ᠎ᠤᠨ ᠢᠵᠢ ᠪᠦᠷᠢᠯᠳᠦᠭᠦᠯᠬᠦ ᠪᠠᠢᠭᠤᠯᠤᠯᠲᠠ᠎ᠪᠠᠨ ᠴᠢᠩᠭᠠᠳᠭᠠᠬᠤ ᠬᠡᠷᠡᠭᠲᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604