ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤ᠋ᠨ ᠳᠦᠷᠢᠮ(ᠭᠤᠷᠪᠠᠳᠤᠭᠠᠷ ᠪᠦᠯᠦᠭ)
2019.11.04

  (2014 ᠣᠨ ᠤ᠋ 11 ᠳ᠋ᠦ᠍ᠭᠡᠷ ᠰᠠᠷ᠎ᠠ ᠶ᠋ᠢᠨ 26 ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠳᠤᠭᠠᠷ ᠬᠤᠭᠤᠴᠠᠭᠠᠨ ᠤ᠋

  ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠬᠣᠶᠠᠳᠤᠭᠠᠷ ᠬᠤᠷᠠᠯᠳᠤᠭᠠᠨ ᠢ᠋ᠶ᠋ᠠᠷ ᠪᠠᠲᠤᠯᠠᠪᠠ)

 

    ᠭᠤᠷᠪᠠᠳᠤᠭᠠᠷ ᠪᠦᠯᠦᠭ   ᠬᠡᠷᠡᠭᠯᠡᠯᠲᠡ ᠪᠠ ᠬᠠᠮᠢᠶᠠᠷᠤᠯᠲᠠ

 

  ᠠᠷᠪᠠᠨ ᠵᠢᠷᠭᠤᠳᠤᠭᠠᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠦ᠋ᠨ ᠠᠯᠪᠠᠨ ᠪᠢᠴᠢᠭ ᠲᠤ᠌ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠬᠡᠷᠡᠭᠯᠡᠬᠦ ᠬᠡᠷᠡᠭᠲᠡᠢ᠃

  ᠥᠪᠡᠷᠲᠡᠭᠡᠨ ᠵᠠᠰᠠᠬᠤ ᠣᠷᠤᠨ ᠳ᠋ᠤ᠌ ᠰᠠᠭᠤᠭ᠎ᠠ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠦ᠋ᠳ ᠡᠮᠦᠨᠡᠬᠢ ᠪᠠᠳᠠᠭ ᠤ᠋ᠨ ᠲᠣᠭᠲᠠᠭᠠᠯ ᠢ᠋ ᠵᠢᠷᠤᠮᠯᠠᠵᠤ ᠬᠡᠷᠡᠭᠵᠢᠭᠦᠯᠦᠨ᠎ᠡ᠃

  ᠠᠷᠪᠠᠨ ᠳᠣᠯᠤᠳᠤᠭᠠᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠶ᠋ᠢᠨ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ᠋ᠶ᠋ᠡᠷ ᠠᠵᠢᠯᠯᠠᠳᠠᠭ ᠮᠥᠷᠲᠡᠭᠡᠨ ᠥᠪᠡᠷᠲᠡᠭᠡᠨ ᠵᠠᠰᠠᠬᠤ ᠣᠷᠤᠨ ᠤ᠋ ᠲᠣᠭᠲᠠᠭᠠᠭᠰᠠᠨ ᠪᠠᠷᠢᠮᠵᠢᠶᠠᠨ ᠳ᠋ᠤ᠌ ᠬᠦᠷᠦᠭᠰᠡᠨ ᠠᠵᠢᠯᠲᠠᠳ ᠲᠤ᠌ ᠮᠣᠩᠭᠤᠯ ᠦᠭᠡ ᠬᠡᠯᠡ ᠦᠰᠦᠭ ᠪᠢᠴᠢᠭ ᠦ᠋ᠨ ᠨᠡᠮᠡᠯᠭᠡ ᠮᠥᠩᠭᠦ ᠣᠯᠭᠤᠨ᠎ᠠ᠃ ᠪᠤᠲᠠᠲᠠᠢ ᠠᠷᠭ᠎ᠠ ᠶ᠋ᠢ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠲᠣᠭᠲᠠᠭᠠᠨ᠎ᠠ᠃

  ᠠᠷᠪᠠᠨ ᠨᠠᠢ᠍ᠮᠠᠳᠤᠭᠠᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦ᠍ᠭᠦᠳ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠪᠠᠢᠭᠤᠯᠤᠮᠵᠢ ᠪᠣᠯᠤᠨ ᠣᠷᠴᠢᠭᠤᠯᠤᠭᠴᠢ ᠶ᠋ᠢᠨ ᠡᠩᠨᠡᠭᠡᠨ ᠤ᠋ ᠪᠠᠢᠭᠤᠯᠤᠯᠲᠠ ᠪᠠᠨ ᠴᠢᠩᠭᠠᠳᠭᠠᠵᠤ᠂ ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ᠃

  ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠶ᠋ᠢᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯᠲᠠᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤ᠋ᠨ ᠪᠠᠢᠷᠢ ᠶ᠋ᠢᠨ ᠨᠡᠮᠡᠯᠭᠡ ᠮᠥᠩᠭᠦ ᠬᠦᠷᠲᠡᠨ᠎ᠡ᠃

  ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠳ᠋ᠤ᠌ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠬᠢᠵᠤ ᠪᠠᠢᠭ᠎ᠠ ᠬᠥᠮᠦᠰ ᠲᠤᠰᠭᠠᠢ ᠮᠡᠷᠭᠡᠵᠢᠯ ᠦ᠋ᠨ ᠲᠤᠰᠢᠶᠠᠯ ᠤ᠋ᠨ ᠴᠣᠯᠠ ᠣᠯᠪᠠᠯ ᠡᠮᠨᠡᠯᠭᠡ ᠶ᠋ᠢᠨ ᠳᠠᠭᠠᠳᠭᠠᠯ᠂ ᠣᠷᠤᠨ ᠰᠠᠭᠤᠴᠠ ᠪᠣᠯᠤᠨ ᠵᠠᠮ ᠤ᠋ᠨ ᠵᠠᠷᠤᠳᠠᠯ ᠵᠡᠷᠭᠡ ᠲᠠᠯ᠎ᠠ ᠪᠡᠷ ᠠᠳᠠᠯᠢ ᠳᠡᠰ ᠦ᠋ᠨ ᠲᠤᠰᠭᠠᠢ ᠮᠡᠷᠭᠡᠵᠢᠯ ᠦ᠋ᠨ ᠲᠤᠰᠢᠶᠠᠯ ᠤ᠋ᠨ ᠴᠣᠯᠠ ᠪᠦᠬᠦᠢ ᠠᠵᠢᠯᠲᠠᠨ ᠤ᠋ ᠣᠯᠭᠤᠮᠵᠢ ᠬᠦᠷᠲᠡᠨ᠎ᠡ᠃

  ᠠᠷᠪᠠᠨ ᠶᠢᠰᠦᠳᠦᠭᠡᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦ᠍ᠭᠦᠳ ᠲᠣᠮᠤ ᠴᠢᠬᠤᠯᠠ ᠬᠤᠷᠠᠯ ᠴᠤᠭᠯᠠᠭᠠᠨ ᠳ᠋ᠤ᠌ ᠪᠠᠨ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ᠋ ᠬᠡᠷᠡᠭᠯᠡᠬᠦ ᠬᠡᠷᠡᠭᠲᠡᠢ; ᠡᠩ ᠦ᠋ᠨ ᠬᠤᠷᠠᠯ ᠴᠤᠭᠯᠠᠭᠠᠨ ᠳ᠋ᠤ᠌ ᠣᠷᠤᠯᠴᠠᠭᠴᠢᠳ ᠤ᠋ᠨ ᠪᠠᠢᠳᠠᠯ ᠳ᠋ᠤ᠌ ᠦᠨᠳᠦᠰᠦᠯᠡᠵᠦ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ᠋ ᠬᠡᠷᠡᠭᠯᠡᠬᠦ ᠬᠡᠷᠡᠭᠲᠡᠢ᠃

  ᠬᠣᠷᠢᠳᠤᠭᠠᠷ ᠵᠦᠢᠯ   ᠡᠯ᠎ᠡ ᠱᠠᠲᠤᠨ ᠤ᠋ ᠬᠠᠤᠯᠢ ᠴᠠᠭᠠᠵᠠ ᠶ᠋ᠢᠨ ᠠᠵᠢᠯᠯᠠᠭᠠᠨ ᠳ᠋ᠤ᠌ ᠪᠠᠨ ᠦᠨᠳᠦᠰᠦᠲᠡᠨ ᠨᠦ᠍ᠭᠦᠳ ᠦ᠋ᠨ ᠠᠷᠠᠳ ᠢᠷᠭᠡᠳ ᠦ᠋ᠨ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠵᠠᠷᠭᠤᠯᠳᠤᠬᠤ ᠡᠷᠬᠡ ᠮᠡᠳᠡᠯ ᠢ᠋ ᠪᠠᠲᠤᠯᠠᠬᠤ ᠬᠡᠷᠡᠭᠲᠡᠢ᠃

  ᠬᠣᠷᠢᠨ ᠨᠢᠭᠡᠳᠦᠭᠡᠷ ᠵᠦᠢᠯ   ᠡᠯ᠎ᠡ ᠱᠠᠲᠤᠨ ᠤ᠋ ᠵᠠᠬᠢᠳᠠᠯ ᠰᠤᠷᠪᠤᠯᠵᠢᠯᠠᠭ᠎ᠠ ᠶ᠋ᠢᠨ ᠰᠠᠯᠠᠭ᠎ᠠ ᠮᠥᠴᠢᠷ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠤᠯᠠᠨ ᠲᠦᠮᠡᠨ ᠤ᠋ ᠵᠠᠬᠢᠳᠠᠯ ᠰᠤᠷᠪᠤᠯᠵᠢᠯᠠᠭ᠎ᠠ ᠶ᠋ᠢ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃

  ᠬᠣᠷᠢᠨ ᠬᠣᠶᠠᠳᠤᠭᠠᠷ ᠵᠦᠢᠯ   ᠥᠪᠡᠷᠲᠡᠭᠡᠨ ᠵᠠᠰᠠᠬᠤ ᠣᠷᠤᠨ ᠤ᠋ ᠵᠠᠰᠠᠭ ᠵᠠᠬᠢᠷᠭᠠᠨ ᠤ᠋ ᠣᠷᠤᠨ ᠤ᠋ ᠬᠡᠪᠴᠢᠶᠡᠨ ᠳ᠋ᠡᠬᠢ ᠨᠡᠢᠭᠡᠮ ᠦ᠋ᠨ ᠥᠩᠭᠡᠨ ᠬᠡᠷᠡᠭᠯᠡᠭᠡᠨ ᠤ᠋ ᠦᠰᠦᠭ ᠪᠢᠴᠢᠭ ᠲᠤ᠌ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠡᠷᠡᠭᠲᠡᠢ᠃

  ᠨᠡᠢᠭᠡᠮ ᠦ᠋ᠨ ᠥᠩᠭᠡᠨ ᠬᠡᠷᠡᠭᠯᠡᠭᠡᠨ ᠤ᠋ ᠦᠰᠦᠭ ᠪᠢᠴᠢᠭ ᠦ᠋ᠨ ᠪᠤᠲᠠᠲᠠᠢ ᠬᠠᠮᠢᠶᠠᠷᠤᠯᠲᠠ ᠶ᠋ᠢᠨ ᠠᠷᠭ᠎ᠠ ᠶ᠋ᠢ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠲᠣᠭᠲᠠᠭᠠᠨ᠎ᠠ᠃

  ᠬᠣᠷᠢᠨ ᠭᠤᠷᠪᠠᠳᠤᠭᠠᠷ ᠵᠦᠢᠯ   ᠨᠡᠢᠲᠡ ᠶ᠋ᠢᠨ ᠦᠢᠯᠡᠴᠢᠯᠡᠭᠡᠨ ᠤ᠋ ᠠᠵᠢᠯ ᠲᠥᠷᠦᠯ ᠦ᠋ᠨ ᠬᠢᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠠᠷᠠᠳ ᠢᠷᠭᠡᠳ ᠲᠤ᠌ ᠦᠢᠯᠡᠴᠢᠯᠡᠬᠦ ᠳ᠋ᠤ᠌ ᠪᠠᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦ᠍ᠭᠦᠳ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠢ᠋ ᠵᠡᠷᠭᠡ ᠪᠡᠷ ᠡᠵᠡᠮᠰᠢᠭᠰᠡᠨ ᠠᠵᠢᠯᠲᠠᠨ ᠢ᠋ ᠵᠣᠬᠢᠰᠲᠠᠢ ᠲᠣᠬᠢᠷᠠᠭᠤᠯᠬᠤ ᠬᠡᠷᠡᠭᠲᠡᠢ᠃

  ᠬᠣᠷᠢᠨ ᠲᠠᠪᠤᠳᠤᠭᠠᠷ ᠵᠦᠢᠯ   ᠡᠯ᠎ᠡ ᠱᠠᠲᠤᠨ ᠤ᠋ ᠲᠥᠷᠦ ᠶ᠋ᠢᠨ ᠪᠠᠢᠭᠤᠯᠭ᠎ᠠ᠂ ᠠᠷᠠᠳ ᠤ᠋ᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠨᠦ᠍ᠭᠦᠳ ᠲᠥᠷᠦ ᠶ᠋ᠢᠨ ᠠᠯᠪᠠᠲᠠᠨ ᠡᠯᠰᠡᠬᠦ᠂ ᠰᠢᠯᠢᠵᠤ ᠳᠡᠪᠰᠢᠭᠦᠯᠬᠦ ᠪᠣᠯᠤᠨ ᠠᠵᠢᠯᠲᠠᠨ ᠤᠷᠢᠵᠤ ᠬᠡᠷᠡᠭᠯᠡᠬᠦ᠂ ᠲᠤᠰᠭᠠᠢ ᠮᠡᠷᠭᠡᠵᠢᠯ ᠦ᠋ᠨ ᠲᠤᠰᠢᠶᠠᠯ ᠤ᠋ᠨ ᠴᠣᠯᠠ ᠳᠡᠪᠰᠢᠬᠦ ᠵᠡᠷᠭᠡ ᠡᠯ᠎ᠡ ᠵᠦᠢᠯ ᠦ᠋ᠨ ᠰᠢᠯᠭᠠᠯᠲᠠ ᠳ᠋ᠤ᠌ ᠮᠣᠩᠭᠤᠯ ᠢ᠋ᠶ᠋ᠠᠷ ᠰᠢᠯᠭᠠᠯᠲᠠ ᠶ᠋ᠢᠨ ᠰᠡᠳᠦᠪ ᠬᠠᠩᠭᠠᠬᠤ ᠬᠡᠷᠡᠭᠲᠡᠢ ᠪᠥᠭᠡᠳ ᠰᠢᠯᠭᠠᠭᠤᠯᠤᠭᠴᠢ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠠᠮᠠᠨ ᠰᠢᠯᠭᠠᠯᠲᠠ ᠪᠣᠯᠤᠨ ᠪᠢᠴᠢᠭ ᠤ᠋ᠨ ᠰᠢᠯᠭᠠᠯᠲᠠ ᠥᠭᠴᠦ ᠪᠣᠯᠤᠨ᠎ᠠ᠃ ᠠᠳᠠᠯᠢ ᠨᠥᠬᠦᠴᠡᠯ ᠳ᠋ᠤ᠌ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ᠋ ᠵᠡᠷᠭᠡ ᠪᠡᠷ ᠡᠵᠡᠮᠰᠢᠭᠰᠡᠳ ᠢ᠋ ᠬᠠᠷᠠᠭᠠᠯᠵᠠᠨ ᠡᠯᠰᠡᠨ᠎ᠡ᠃

  ᠬᠣᠷᠢᠨ ᠵᠢᠷᠭᠤᠳᠤᠭᠠᠷ ᠵᠦᠢᠯ   ᠷᠠᠳᠢᠣ᠋᠂ ᠲᠸᠯᠸᠢᠰ᠂ ᠺᠢᠨᠣ᠋ ᠶ᠋ᠢᠨ ᠪᠠᠢᠭᠤᠯᠤᠮᠵᠢ ᠨᠤᠭᠤᠳ ᠮᠣᠩᠭᠤᠯ ᠬᠡᠯᠡ ᠪᠡᠷ ᠠᠵᠢᠯᠯᠠᠬᠤ ᠠᠵᠢᠯᠳᠠᠨ ᠤ᠋ ᠡᠩᠨᠡᠭᠡᠨ ᠤ᠋ ᠪᠠᠢᠭᠤᠯᠤᠯᠲᠠ ᠶ᠋ᠢ ᠴᠢᠩᠭᠠᠳᠭᠠᠵᠤ᠂ ᠤᠯᠠᠨ ᠲᠦᠮᠡᠨ ᠤ᠋ ᠱᠠᠭᠠᠷᠳᠠᠯᠭ᠎ᠠ ᠶ᠋ᠢ ᠬᠠᠩᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ ᠤ᠋ ᠫᠷᠣᠭ᠌ᠷᠠᠮ ᠪᠣᠯᠤᠨ ᠺᠢᠨᠣ᠋ ᠲᠸᠯᠸᠢᠰ ᠪᠦᠲᠦᠭᠡᠯ ᠨᠠᠢᠷᠠᠭᠤᠯᠤᠨ ᠦᠢᠯᠡᠳᠬᠦ ᠬᠡᠷᠡᠭᠲᠡᠢ ᠪᠥᠭᠡᠳ ᠨᠡᠪᠲᠡᠷᠡᠭᠦᠯᠬᠦ ᠴᠠᠭ ᠪᠣᠯᠤᠨ ᠤᠳᠠᠭ᠎ᠠ ᠶ᠋ᠢ ᠨᠡᠮᠡᠭᠳᠡᠭᠦᠯᠬᠦ ᠬᠡᠷᠡᠭᠲᠡᠢ᠃

  ᠡᠯ᠎ᠡ ᠱᠠᠲᠤᠨ ᠤ᠋ ᠤᠷᠠᠯᠢᠭ ᠤ᠋ᠨ ᠪᠦᠯᠬᠦᠮ ᠮᠣᠩᠭᠤᠯ ᠬᠡᠯᠡᠨ ᠤ᠋ ᠤᠷᠠᠨ ᠰᠠᠢᠬᠠᠨ ᠤ᠋ ᠫᠷᠣᠭ᠌ᠷᠠᠮ ᠢ᠋ ᠨᠡᠮᠡᠭᠳᠡᠭᠦᠯᠬᠦ ᠬᠡᠷᠡᠭᠲᠡᠢ᠃

  ᠬᠣᠷᠢᠨ ᠳᠣᠯᠤᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠵᠢᠭᠠᠬᠤ ᠮᠠᠲ᠋ᠧᠷᠢᠶᠠᠯ᠂ ᠬᠢᠴᠢᠶᠡᠯ ᠦ᠋ᠨ ᠭᠠᠳᠠᠨᠠᠬᠢ ᠤᠩᠰᠢᠬᠤ ᠪᠢᠴᠢᠭ᠂ ᠳᠠᠭᠤ ᠳᠦᠷᠰᠦ ᠰᠢᠩᠭᠡᠯᠲᠡ ᠶ᠋ᠢᠨ ᠦᠢᠯᠡᠳᠬᠦᠨ᠂ ᠮᠣᠩᠭᠤᠯ ᠰᠣᠨᠢᠨ ᠰᠡᠳᠭᠦᠯ ᠬᠡᠪᠯᠡᠭᠦᠯᠦᠨ ᠲᠠᠷᠬᠠᠭᠠᠬᠤ ᠠᠵᠢᠯ ᠪᠣᠯᠤᠨ ᠮᠣᠩᠭᠤᠯ ᠨᠸᠲ ᠥᠷᠲᠡᠭᠡᠨ ᠤ᠋ ᠪᠠᠢᠭᠤᠯᠤᠯᠲᠠ ᠶ᠋ᠢ ᠳᠡᠳᠭᠦᠨ ᠳᠡᠮᠵᠢᠬᠦ ᠬᠡᠷᠡᠭᠲᠡᠢ᠃

  ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠤᠯᠠᠨ ᠵᠦᠢᠯ ᠦ᠋ᠨ ᠲᠠᠷᠬᠠᠭᠠᠯᠲᠠ ᠶ᠋ᠢᠨ ᠵᠠᠮ ᠨᠡᠬᠡᠬᠡᠵᠤ᠂ ᠬᠤᠳᠠᠯᠳᠤᠭᠠᠨ ᠤ᠋ ᠪᠣᠯᠤᠨ ᠬᠠᠩᠭᠠᠨ ᠪᠣᠷᠤᠯᠠᠭᠤᠯᠬᠤ ᠵᠡᠷᠭᠡ ᠪᠠᠢᠭᠤᠯᠤᠮᠵᠢ ᠮᠣᠩᠭᠤᠯ ᠨᠣᠮ ᠪᠢᠴᠢᠭ ᠣᠷᠤᠯᠠᠨ ᠪᠣᠷᠤᠯᠠᠭᠤᠯᠬᠤ ᠶ᠋ᠢ ᠬᠥᠬᠢᠭᠦᠯᠦᠨ ᠵᠣᠷᠢᠭᠵᠢᠭᠤᠯᠵᠤ᠂ ᠬᠠᠮᠲᠤ ᠨᠡᠢᠲᠡ ᠪᠣᠯᠤᠨ ᠬᠤᠪᠢ ᠬᠥᠮᠦᠨ ᠮᠣᠩᠭᠤᠯ ᠨᠣᠮ ᠤ᠋ᠨ ᠳᠡᠯᠭᠡᠭᠦᠷ ᠡᠷᠬᠢᠯᠡᠬᠦ ᠶ᠋ᠢ ᠰᠠᠨᠠᠭᠠᠴᠢᠯᠠᠬᠤ ᠶ᠋ᠢᠨ ᠬᠠᠮᠲᠤ ᠲᠥᠷᠦ ᠶ᠋ᠢᠨ ᠪᠣᠳᠤᠯᠭ᠎ᠠ ᠶ᠋ᠢᠨ ᠬᠠᠷᠠᠭᠠᠯᠵᠠᠯ ᠦᠵᠡᠭᠦᠯᠬᠦ ᠬᠡᠷᠡᠭᠲᠡᠢ᠃

  ᠡᠯ᠎ᠡ ᠱᠠᠲᠤᠨ ᠤ᠋ ᠰᠢᠨᠬᠤᠸᠠ ᠨᠣᠮ ᠤ᠋ᠨ ᠳᠡᠯᠭᠡᠭᠦᠷ ᠨᠣᠮ ᠪᠢᠴᠢᠭ ᠲᠠᠷᠬᠠᠭᠠᠬᠤ ᠠᠵᠢᠯ ᠢ᠋ ᠰᠠᠢᠲᠤᠷ ᠬᠢᠬᠦ ᠬᠡᠷᠡᠭᠲᠡᠢ ᠪᠥᠭᠡᠳ ᠮᠣᠩᠭᠤᠯ ᠨᠣᠮ ᠬᠤᠳᠠᠯᠳᠤᠬᠤ ᠲᠤᠰᠭᠠᠢ ᠯᠠᠩᠭᠦᠢ ᠭᠠᠷᠭᠠᠬᠤ ᠬᠡᠷᠡᠭᠲᠡᠢ᠃

  ᠬᠣᠷᠢᠨ ᠨᠠᠢ᠍ᠮᠠᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠷᠠᠳᠢᠣ᠋᠂ ᠲᠸᠯᠸᠢᠰ᠂ ᠺᠢᠨᠣ᠋᠂ ᠰᠣᠨᠢᠨ ᠰᠡᠳᠭᠦᠯ᠂ ᠨᠣᠮ ᠪᠢᠴᠢᠭ ᠤ᠋ᠨ ᠬᠡᠪᠯᠡᠯ᠂ ᠨᠸᠲ ᠥᠷᠲᠡᠭᠡᠨ ᠤ᠋ ᠪᠡᠯᠡ ᠣᠷᠤᠭᠤᠯᠤᠯᠲᠠ ᠪᠣᠯᠤᠨ ᠨᠥᠬᠦᠪᠦᠷᠢ ᠮᠥᠩᠭᠦ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠤ᠋ ᠦᠨᠳᠦᠰᠦᠨ ᠱᠠᠲᠤᠨ ᠤ᠋ ᠰᠣᠶᠤᠯ ᠤ᠋ᠨ ᠥᠷᠲᠡᠭᠡ ᠪᠣᠯᠤᠨ ᠨᠣᠮ ᠤ᠋ᠨ ᠥᠷᠦᠭᠡ ᠮᠣᠩᠭᠤᠯ ᠨᠣᠮ ᠪᠢᠴᠢᠭ᠂ ᠰᠣᠨᠢᠨ ᠰᠡᠳᠭᠦᠯ ᠬᠠᠩᠭᠠᠵᠤ᠂ ᠮᠣᠩᠭᠤᠯ ᠺᠢᠨᠣ᠋ ᠲᠸᠯᠸᠢᠰ ᠤ᠋ᠨ ᠪᠦᠲᠦᠭᠡᠯ ᠲᠠᠯᠪᠢᠵᠦ ᠰᠣᠨᠢᠷᠬᠠᠭᠤᠯᠬᠤ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604