ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤ᠋ᠨ ᠳᠦᠷᠢᠮ(ᠳᠥᠷᠪᠡᠳᠦᠭᠡᠷ ᠪᠦᠯᠦᠭ)
2019.11.04

  (2014 ᠣᠨ ᠤ᠋ 11 ᠳ᠋ᠦ᠍ᠭᠡᠷ ᠰᠠᠷ᠎ᠠ ᠶ᠋ᠢᠨ 26 ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠳᠤᠭᠠᠷ ᠬᠤᠭᠤᠴᠠᠭᠠᠨ ᠤ᠋

  ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠷᠪᠠᠨ ᠬᠣᠶᠠᠳᠤᠭᠠᠷ ᠬᠤᠷᠠᠯᠳᠤᠭᠠᠨ ᠢ᠋ᠶ᠋ᠠᠷ ᠪᠠᠲᠤᠯᠠᠪᠠ)

 

    ᠳᠥᠷᠪᠡᠳᠦᠭᠡᠷ ᠪᠦᠯᠦᠭ   ᠰᠢᠨᠵᠢᠯᠡᠬᠦ ᠤᠬᠠᠭᠠᠨ ᠤ᠋ ᠰᠤᠳᠤᠯᠤᠯᠲᠠ ᠪᠠ ᠳᠦᠷᠢᠮᠵᠢᠯ᠂ ᠪᠠᠷᠢᠮᠵᠢᠶᠠᠵᠢᠯ

 

  ᠭᠤᠴᠢᠳᠤᠭᠠᠷ ᠵᠦᠢᠯ   ᠮᠣᠩᠭᠤᠯ ᠦᠭᠡ ᠬᠡᠯᠡ ᠪᠢᠴᠢᠭ ᠦ᠋ᠨ ᠰᠢᠨᠵᠢᠯᠡᠬᠦ ᠤᠬᠠᠭᠠᠨ ᠤ᠋ ᠰᠤᠳᠤᠯᠤᠯ ᠳ᠋ᠤ᠌ ᠦᠨᠳᠦᠰᠦᠨ ᠣᠨᠤᠯ ᠤ᠋ᠨ ᠰᠤᠳᠤᠯᠤᠯ ᠪᠣᠯᠤᠨ ᠬᠡᠷᠡᠭᠯᠡᠭᠡᠨ ᠤ᠋ ᠣᠨᠤᠯ ᠤ᠋ᠨ ᠰᠤᠳᠤᠯᠤᠯ ᠢ᠋ ᠵᠡᠷᠭᠡ ᠪᠡᠷ ᠴᠢᠬᠤᠯᠠᠴᠢᠯᠠᠬᠤ ᠵᠠᠷᠴᠢᠮ ᠢ᠋ ᠪᠠᠷᠢᠮᠳᠠᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠷᠤᠯᠴᠠᠯᠭ᠎ᠠ ᠬᠡᠷᠡᠭᠯᠡᠭᠡ ᠪᠣᠯᠤᠨ ᠬᠥᠭᠵᠢᠯᠲᠡ ᠶ᠋ᠢ ᠠᠬᠢᠭᠤᠯᠬᠤ ᠬᠡᠷᠡᠭᠲᠡᠢ᠃

  ᠭᠤᠴᠢᠨ ᠨᠢᠭᠡᠳᠦᠭᠡᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠬᠡᠯᠡ ᠪᠢᠴᠢᠭ ᠦ᠋ᠨ ᠰᠢᠨᠵᠢᠯᠡᠬᠦ ᠤᠬᠠᠭᠠᠨ ᠤ᠋ ᠰᠤᠳᠤᠯᠤᠯ ᠤ᠋ᠨ ᠠᠵᠢᠯ ᠳ᠋ᠡᠬᠢ ᠤᠳᠤᠷᠢᠳᠤᠯᠭ᠎ᠠ ᠪᠠᠨ ᠴᠢᠩᠭᠠᠳᠭᠠᠵᠤ᠂ ᠭᠣᠣᠯᠳᠠᠯᠭ᠎ᠠ ᠲᠠᠢ ᠰᠤᠳᠤᠯᠭᠠᠨ ᠤ᠋ ᠲᠥᠷᠦᠯ ᠵᠦᠢᠯ ᠢ᠋ ᠨᠢᠬᠡᠳᠦᠯᠳᠡᠢ ᠲᠣᠬᠢᠷᠠᠭᠤᠯᠵᠤ᠂ ᠨᠢᠬᠡᠳᠦᠯᠳᠡᠢ ᠬᠠᠮᠢᠶᠠᠷᠬᠤ ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠤᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠯᠦᠪᠵᠢᠭᠦᠯᠭᠡ ᠳ᠋ᠤ᠌ ᠣᠷᠤᠭᠤᠯᠵᠤ᠂ ᠲᠤᠰᠭᠠᠢ ᠵᠠᠷᠤᠳᠠᠯ ᠥᠭᠴᠦ ᠳᠡᠮᠵᠢᠬᠦ ᠬᠡᠷᠡᠭᠲᠡᠢ᠃

  ᠮᠣᠩᠭᠤᠯ ᠦᠭᠡ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡᠨ ᠤ᠋ ᠪᠠᠢᠭᠤᠯᠤᠮᠵᠢ ᠪᠣᠯᠤᠨ ᠬᠣᠯᠪᠤᠭᠳᠠᠯ ᠪᠦᠬᠦᠢ ᠳᠡᠭᠡᠲᠦ ᠰᠤᠷᠭᠠᠭᠤᠯᠢ ᠨᠤᠭᠤᠳ ᠮᠣᠩᠭᠤᠯ ᠦᠭᠡ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡᠨ ᠤ᠋ ᠠᠵᠢᠯᠲᠠᠨ ᠢ᠋ ᠲᠥᠯᠦᠪᠯᠡᠭᠡ ᠲᠠᠢ ᠬᠥᠮᠦᠵᠢᠭᠦᠯᠵᠦ᠂ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠤ᠋ ᠠᠵᠢᠯᠲᠠᠨ ᠤ᠋ ᠡᠩᠨᠡᠭᠡ ᠶ᠋ᠢ ᠲᠠᠰᠤᠷᠠᠯᠲᠠ ᠦᠭᠡᠢ ᠥᠷᠭᠡᠵᠢᠭᠦᠯᠬᠦ ᠬᠡᠷᠡᠭᠲᠡᠢ᠃

  ᠭᠤᠴᠢᠨ ᠬᠣᠶᠠᠳᠤᠭᠠᠷ ᠵᠦᠢᠯ   ᠦᠪᠡᠷᠳᠡᠬᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤ᠋ᠨ ᠪᠠᠢᠭᠤᠯᠤᠮᠵᠢ ᠮᠣᠩᠭᠤᠯ ᠬᠡᠯᠡ ᠪᠢᠴᠢᠭ ᠦ᠋ᠨ ᠳᠦᠷᠢᠮᠵᠢᠯ᠂ ᠪᠠᠷᠢᠮᠵᠢᠶᠠᠵᠢᠯ ᠪᠣᠯᠤᠨ ᠮᠡᠳᠡᠭᠡ ᠵᠠᠩᠭᠢᠴᠢᠯᠠᠯᠲᠠ ᠶ᠋ᠢᠨ ᠠᠵᠢᠯ ᠢ᠋ ᠴᠢᠩᠭᠠᠳᠭᠠᠬᠤ ᠬᠡᠷᠡᠭᠲᠡᠢ᠃

  ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤ᠋ᠨ ᠪᠠᠢᠭᠤᠯᠤᠮᠵᠢ ᠮᠣᠩᠭᠤᠯ ᠬᠡᠯᠡᠨ ᠤ᠋ ᠬᠢᠷᠢ ᠬᠡᠮ ᠦ᠋ᠨ ᠰᠢᠯᠭᠠᠯᠲᠠ ᠶ᠋ᠢ ᠵᠣᠬᠢᠶᠠᠨ ᠪᠠᠢᠭᠤᠯᠵᠤ᠂ ᠮᠣᠩᠭᠤᠯ ᠬᠡᠯᠡ ᠪᠡᠷ ᠠᠵᠢᠯᠯᠠᠳᠠᠭ ᠠᠵᠢᠯᠲᠠᠳ ᠲᠤ᠌ ᠮᠣᠩᠭᠤᠯ ᠬᠡᠯᠡᠨ ᠤ᠋ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠪᠣᠯᠤᠨ ᠰᠢᠯᠭᠠᠯᠲᠠ ᠬᠢᠬᠦ ᠬᠡᠷᠡᠭᠲᠡᠢ᠃

  ᠭᠤᠴᠢᠨ ᠭᠤᠷᠪᠠᠳᠤᠭᠠᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠣᠶᠤᠯ ᠤ᠋ᠨ ᠥᠪ ᠢ᠋ ᠬᠠᠮᠠᠭᠠᠯᠠᠬᠤ ᠠᠵᠢᠯ ᠢ᠋ ᠴᠢᠩᠭᠠᠳᠭᠠᠵᠤ᠂ ᠮᠣᠩᠭᠤᠯ ᠡᠷᠲᠡᠨ ᠤ᠋ ᠨᠣᠮ ᠪᠢᠴᠢᠭ ᠢ᠋ ᠠᠪᠤᠷᠠᠬᠤ᠂ ᠴᠤᠭᠯᠠᠭᠤᠯᠬᠤ᠂ ᠡᠮᠬᠢᠯᠡᠬᠦ᠂ ᠬᠡᠪᠯᠡᠭᠦᠯᠬᠦ ᠠᠵᠢᠯ ᠢ᠋ ᠰᠠᠢᠲᠤᠷ ᠬᠢᠬᠦ ᠬᠡᠷᠡᠭᠲᠡᠢ᠃

  ᠭᠤᠴᠢᠨ ᠳᠥᠷᠪᠡᠳᠦᠭᠡᠷ ᠵᠦᠢᠯ   ᠡᠯ᠎ᠡ ᠱᠠᠲᠤᠨ ᠤ᠋ ᠠᠷᠠᠳ ᠤ᠋ᠨ ᠵᠠᠰᠠᠭ ᠤ᠋ᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠭᠠᠵᠠᠷ ᠣᠷᠤᠨ ᠰᠤᠨᠳᠠᠯᠠᠭᠰᠠᠨ ᠬᠠᠮᠵᠢᠯᠴᠠᠭ᠎ᠠ ᠪᠣᠯᠤᠨ ᠤᠯᠤᠰ ᠬᠣᠭᠤᠷᠤᠨᠳᠤ ᠶ᠋ᠢᠨ ᠰᠣᠯᠢᠯᠴᠠᠭ᠎ᠠ ᠪᠠᠨ ᠴᠢᠩᠭᠠᠳᠭᠠᠬᠤ ᠬᠡᠷᠡᠭᠲᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604