ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠦᠷᠢᠮ (ᠲᠠᠪᠤᠳᠤᠭᠠᠷ ᠪᠦᠯᠦᠭ᠂ ᠵᠢᠷᠭᠤᠳᠤᠭᠠᠷ ᠪᠦᠯᠦᠭ)
2019.11.04

   (2014 ᠣᠨ᠎ᠤ 11 ᠳ᠋ᠦᠭᠡᠷ ᠰᠠᠷ᠎ᠠ᠎ᠶᠢᠨ 26᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠬᠣᠶᠠᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠲᠠᠪᠤᠳᠤᠭᠠᠷ ᠪᠦᠯᠦᠭ   ᠬᠠᠤᠯᠢ ᠴᠠᠭᠠᠵᠠ᠎ᠶᠢᠨ ᠬᠠᠷᠢᠭᠤᠴᠠᠯᠭ᠎ᠠ

 

  ᠭᠤᠴᠢᠨ ᠲᠠᠪᠤᠳᠤᠭᠠᠷ ᠵᠦᠢᠯ   ᠲᠤᠰ ᠳᠦᠷᠢᠮ᠎ᠦᠨ ᠠᠷᠪᠠᠨ ᠵᠢᠷᠭᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠪᠡᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠱᠢᠭᠤᠳ ᠬᠠᠷᠢᠭᠤᠴᠠᠯᠭ᠎ᠠ ᠪᠦᠬᠦᠢ ᠭᠣᠤᠯ ᠬᠠᠮᠢᠶᠠᠷᠤᠭᠴᠢ ᠪᠣᠯᠤᠨ ᠱᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ᠎ᠲᠤ ᠬᠠᠤᠯᠢ ᠶᠣᠰᠤ᠎ᠪᠠᠷ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃

  ᠭᠤᠴᠢᠨ ᠵᠢᠷᠭᠤᠳᠤᠭᠠᠷ ᠵᠦᠢᠯ   ᠲᠤᠰ ᠳᠦᠷᠢᠮ᠎ᠦᠨ ᠬᠣᠷᠢᠨ ᠬᠣᠶᠠᠳᠤᠭᠠᠷ ᠵᠦᠢᠯ᠎ᠦᠨ ᠨᠢᠭᠡᠳᠦᠭᠡᠷ ᠪᠠᠳᠠᠭ᠎ᠤᠨ ᠲᠣᠭᠲᠠᠭᠠᠯ᠎ᠢ ᠵᠥᠷᠢᠴᠡᠪᠡᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠠᠰᠠᠭ ᠵᠠᠬᠢᠷᠭᠠᠨ᠎ᠤ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠢᠵᠠᠭᠠᠷᠯᠠᠭᠰᠠᠨ ᠬᠤᠭᠤᠴᠠᠭᠠᠨ᠎ᠳᠤ ᠦᠯᠦ ᠵᠠᠯᠠᠷᠠᠭᠤᠯᠤᠭᠴᠢᠳ᠎ᠢ 300 ᠲᠥᠭᠦᠷᠢᠭ᠎ᠡᠴᠡ ᠲᠤᠷᠤᠭᠱᠢᠬᠢ ᠵᠣᠭᠤᠰ᠎ᠢᠶᠠᠷ ᠲᠣᠷᠭᠤᠨ᠎ᠠ

  ᠭᠤᠴᠢᠨ ᠳᠣᠯᠤᠳᠤᠭᠠᠷ ᠵᠦᠢᠯ   ᠲᠤᠰ ᠳᠦᠷᠢᠮ᠎ᠦᠨ ᠪᠤᠰᠤᠳ ᠵᠦᠢᠯ ᠪᠠᠳᠠᠭ᠎ᠤᠨ ᠲᠣᠭᠲᠠᠭᠠᠯ᠎ᠤ᠋ᠳ᠎ᠢ ᠵᠥᠷᠢᠴᠡᠪᠡᠯ ᠳᠡᠭᠡᠲᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠠᠷᠯᠢᠭᠳᠠᠨ ᠵᠠᠯᠠᠷᠠᠭᠤᠯᠤᠨ᠎ᠠ; ᠵᠠᠯᠠᠷᠠᠭᠤᠯᠬᠤ᠎ᠶᠢ ᠲᠡᠪᠴᠢᠭᠰᠡᠳ᠎ᠢ ᠡᠷᠬᠡᠪᠱᠢ ᠵᠠᠯᠬᠠᠭᠠᠨ ᠱᠢᠢᠳᠪᠦᠷᠢᠯᠡᠬᠦ ᠬᠡᠷᠡᠭᠲᠡᠢ᠃

  ᠭᠤᠴᠢᠨ ᠨᠠᠢ᠍ᠮᠠᠳᠤᠭᠠᠷ ᠵᠦᠢᠯ   ᠲᠥᠷᠦ᠎ᠶᠢᠨ ᠪᠠᠢᠭᠤᠯᠭ᠎ᠠ᠎ᠶᠢᠨ ᠠᠵᠢᠯᠲᠠᠨ ᠡᠷᠬᠡ ᠲᠤᠱᠢᠶᠠᠯ᠎ᠢᠶᠠᠨ ᠭᠦᠢᠴᠡᠳᠬᠡᠬᠦ ᠦᠶᠡᠰ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ ᠪᠠᠢᠳᠠᠯ᠎ᠠ ᠬᠡᠷᠡᠭᠯᠡᠭᠰᠡᠨ᠎ᠦᠭᠡᠢ ᠪᠤᠶᠤ ᠠᠷᠠᠳ ᠢᠷᠭᠡᠳ᠎ᠦᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ᠎ᠶᠢ ᠬᠠᠷᠱᠢᠯᠠᠵᠤ᠂ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠪᠠᠢᠪᠠᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃

  ᠭᠤᠴᠢ ᠶᠢᠰᠦᠳᠦᠭᠡᠷ ᠵᠦᠢᠯ  ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠭᠤᠯᠤᠮᠵᠢ᠎ᠶᠢᠨ ᠠᠵᠢᠯᠲᠠᠨ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠤ᠎ᠪᠠᠷ ᠭᠦᠢᠴᠡᠳᠬᠡᠬᠦ᠎ᠦᠭᠡᠢ ᠪᠤᠶᠤ ᠬᠠᠤᠯᠢ ᠪᠤᠰᠤ ᠠᠵᠢᠯᠯᠠᠭ᠎ᠠ᠎ᠶᠢ ᠪᠠᠢᠴᠠᠭᠠᠵᠤ ᠱᠢᠢᠳᠪᠦᠷᠢᠯᠡᠬᠦ᠎ᠦᠭᠡᠢ ᠪᠣᠯ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠱᠢᠭᠤᠳ ᠬᠠᠷᠢᠭᠤᠴᠠᠯᠭ᠎ᠠ ᠪᠦᠬᠦᠢ ᠭᠣᠤᠯ ᠬᠠᠮᠢᠶᠠᠷᠤᠭᠴᠢ ᠪᠣᠯᠤᠨ ᠱᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ᠎ᠲᠤ ᠬᠠᠤᠯᠢ ᠶᠣᠰᠤ᠎ᠪᠠᠷ ᠵᠠᠰᠠᠭ ᠵᠠᠬᠢᠷᠭᠠᠨ᠎ᠤ ᠱᠢᠢᠳᠭᠡᠯ ᠣᠯᠭᠤᠨ᠎ᠠ᠃

 

    ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

 

  ᠳᠥᠴᠢᠳᠦᠭᠡᠷ ᠵᠦᠢᠯ   ᠲᠤᠰ ᠳᠦᠷᠢᠮ᠎ᠢ 2005 ᠎ᠤᠨ᠎ᠤ 5 ᠰᠠᠷ᠎ᠠ᠎ᠶᠢᠨ 1 ᠎ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604