ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠰᠤᠷᠭᠠᠨ ᠬᠥᠮᠦᠵᠢᠯ ᠦ᠋ᠨ ᠳᠦᠷᠢᠮ(ᠬᠣᠶᠠᠳᠤᠭᠠᠷ ᠪᠦᠯᠦᠭ)
2019.11.04

  (2016 ᠣᠨ ᠤ᠋ 9 ᠰᠠᠷ᠎ᠠ ᠶ᠋ᠢᠨ 29 ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠬᠣᠶᠠᠳᠤᠭᠠᠷ ᠬᠤᠭᠤᠴᠠᠭᠠᠨ ᠤ᠋

  ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠵᠢᠷᠭᠤᠳᠤᠭᠠᠷ ᠬᠤᠷᠠᠯᠳᠤᠭᠠᠨ ᠢ᠋ᠶ᠋ᠠᠷ ᠪᠠᠲᠤᠯᠠᠪᠠ)

 

    ᠬᠣᠶᠠᠳᠤᠭᠠᠷ ᠪᠦᠯᠦᠭ  ᠰᠤᠷᠭᠠᠭᠤᠯᠢ ᠡᠷᠬᠢᠯᠡᠬᠦ ᠬᠡᠯᠪᠡᠷᠢ ᠬᠢᠭᠡᠳ ᠬᠠᠮᠢᠶᠠᠷᠤᠯᠲᠠ

 

  ᠠᠷᠪᠠᠳᠤᠭᠠᠷ ᠵᠦᠢᠯ   ᠦᠨᠳᠦᠰᠦᠲᠡᠨ ᠤ᠋ ᠰᠤᠷᠭᠠᠨ ᠬᠥᠮᠦᠵᠢᠯ ᠨᠢ ᠦᠨᠳᠦᠰᠦᠲᠡᠨ ᠤ᠋ ᠣᠨᠴᠠᠯᠢᠭ ᠪᠠ ᠭᠠᠵᠠᠷ ᠣᠷᠤᠨ ᠤ᠋ ᠪᠤᠲᠠᠲᠠᠢ ᠲᠠᠢ ᠤᠶᠠᠯᠳᠤᠭᠤᠯᠵᠤ᠂ ᠰᠤᠷᠭᠠᠭᠤᠯᠢ ᠡᠷᠬᠢᠯᠡᠬᠦ ᠬᠡᠯᠪᠡᠷᠢ ᠪᠠ ᠬᠥᠭᠵᠢᠯᠲᠡ ᠶ᠋ᠢᠨ ᠲᠣᠭᠲᠠᠯᠴᠠᠭ᠎ᠠ ᠶ᠋ᠢ ᠲᠡᠭᠦᠯᠳᠡᠷᠵᠢᠭᠦᠯᠬᠦ ᠬᠡᠷᠡᠭᠲᠡᠢ᠃

  ᠦᠨᠳᠦᠰᠦᠲᠡᠨ ᠤ᠋ ᠰᠤᠷᠬᠤ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤ᠋ᠨ ᠰᠤᠷᠭᠠᠨ ᠬᠥᠮᠦᠵᠢᠯ᠂ ᠡᠩ ᠦ᠋ᠨ ᠥᠨᠳᠦᠷ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠰᠤᠷᠭᠠᠨ ᠬᠥᠮᠦᠵᠢᠯ᠂ ᠳᠤᠮᠳᠠᠳᠤ ᠵᠡᠷᠭᠡ ᠶ᠋ᠢᠨ ᠠᠵᠢᠯ ᠮᠡᠷᠭᠡᠵᠢᠯ ᠦ᠋ᠨ ᠰᠤᠷᠭᠠᠨ ᠬᠥᠮᠦᠵᠢᠯ ᠪᠠ ᠳᠡᠭᠡᠲᠤ ᠵᠡᠷᠭᠡ ᠶ᠋ᠢᠨ ᠰᠤᠷᠭᠠᠨ ᠬᠥᠮᠦᠵᠢᠯ ᠳ᠋ᠤ᠌ ᠥᠪᠡᠷᠲᠡᠭᠡᠨ ᠵᠠᠰᠠᠬᠤ ᠣᠷᠤᠨ ᠠ᠋ᠴᠠ ᠨᠢᠭᠡᠳᠦᠯᠲᠡᠢ ᠲᠥᠯᠦᠪᠵᠢᠭᠦᠯᠬᠦ᠂ ᠱᠠᠲᠤ ᠬᠤᠪᠢᠶᠠᠨ ᠰᠤᠷᠭᠠᠭᠤᠯᠢ ᠡᠷᠬᠢᠯᠡᠵᠤ ᠱᠠᠲᠤ ᠬᠤᠪᠢᠶᠠᠨ ᠬᠠᠷᠢᠭᠤᠴᠠᠬᠤ ᠬᠠᠮᠢᠶᠠᠷᠤᠯᠲᠠ ᠶ᠋ᠢᠨ ᠪᠠᠢᠭᠤᠯᠤᠯ ᠢ᠋ ᠬᠡᠷᠡᠭᠵᠢᠭᠦᠯᠦᠨ᠎ᠡ᠃

  ᠠᠷᠪᠠᠨ ᠨᠢᠭᠡᠳᠦᠭᠡᠷ ᠵᠦᠢᠯ   ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢᠨ ᠪᠦᠲᠦᠭᠡᠨ ᠪᠠᠢᠭᠤᠯᠤᠯᠲᠠ ᠶ᠋ᠢ ᠬᠣᠲᠠ ᠬᠥᠳᠡᠭᠡ ᠶ᠋ᠢᠨ ᠲᠥᠯᠦᠪᠵᠢᠭᠦᠯᠭᠡ ᠳ᠋ᠡᠭᠡᠨ ᠣᠷᠤᠭᠤᠯᠵᠤ᠂ ᠵᠣᠬᠢᠰᠲᠠᠢ ᠪᠠᠢᠷᠢᠯᠠᠭᠤᠯᠤᠨ᠂ ᠴᠦ᠋ᠬᠡᠨ ᠲᠣᠭᠠᠲᠤ ᠦᠨᠳᠦᠰᠦᠲᠡᠨ ᠤ᠋ ᠰᠤᠷᠬᠤ ᠨᠠᠰᠤᠨ ᠤ᠋ ᠬᠡᠤᠬᠡᠳ ᠪᠠᠭᠠᠴᠤᠳ ᠤ᠋ᠨ ᠡᠷᠦᠬᠡ ᠠᠮᠠ ᠶ᠋ᠢᠨ ᠳᠠᠩᠰᠠ ᠪᠠᠢᠭ᠎ᠠ ᠭᠠᠵᠠᠷ ᠵᠢᠴᠢ ᠣᠳᠣ ᠰᠠᠭᠤᠭ᠎ᠠ ᠭᠠᠵᠠᠷ ᠤ᠋ᠨ ᠢ᠋ᠶ᠋ᠠᠨ ᠣᠢᠷ᠎ᠠ ᠬᠠᠪᠢ ᠶ᠋ᠢᠨ ᠴᠡᠴᠡᠷᠯᠢᠭ ᠲᠤ᠌ ᠤᠷᠤᠬᠤ ᠪᠠ ᠰᠤᠷᠭᠠᠭᠤᠯᠢ ᠳ᠋ᠤ᠌ ᠰᠠᠭᠤᠬᠤ ᠶ᠋ᠢ ᠪᠠᠲᠤᠯᠠᠬᠤ ᠬᠡᠷᠡᠭᠲᠡᠢ᠃

  ᠠᠷᠪᠠ ᠬᠣᠶᠠᠳᠤᠭᠠᠷ ᠵᠦᠢᠯ   ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠴᠦ᠋ᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠳ᠋ᠤ᠌ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢ ᠲᠤᠰᠠᠭᠠᠷ ᠨᠢ ᠪᠠᠢᠭᠤᠯᠬᠤ ᠬᠡᠷᠡᠭᠲᠡᠢ; ᠴᠦ᠋ᠬᠡᠨ ᠲᠣᠭᠠᠲᠤ ᠦᠨᠳᠦᠰᠦᠲᠡᠨ ᠲᠠᠷᠠᠬᠠᠢ ᠪᠥᠭᠡᠳ ᠬᠣᠯᠢᠯᠳᠤᠨ ᠰᠠᠭᠤᠷᠢᠰᠢᠭᠰᠠᠨ ᠭᠠᠵᠠᠷ ᠣᠷᠤᠨ ᠳ᠋ᠤ᠌ ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢ ᠬᠠᠷᠠᠭᠠᠯᠵᠠᠭᠤᠯᠤᠨ ᠪᠠᠢᠭᠤᠯᠬᠤ ᠪᠤᠶᠤ ᠲᠤᠬᠠᠢ ᠶ᠋ᠢᠨ ᠭᠠᠵᠠᠷ ᠤ᠋ᠨ ᠡᠩ ᠦ᠋ᠨ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳ᠋ᠤ᠌ ᠦᠨᠳᠦᠰᠦᠲᠡᠨ ᠤ᠋ ᠦᠭᠡ ᠬᠡᠯᠡ ᠦᠰᠦᠭ ᠪᠢᠴᠢᠭ ᠢ᠋ᠶ᠋ᠡᠷ ᠵᠢᠭᠠᠨ ᠰᠤᠷᠭᠠᠬᠤ ᠠᠩᠭᠢ ᠶ᠋ᠢ ᠪᠠᠢᠭᠤᠯᠬᠤ ᠬᠡᠷᠡᠭᠲᠡᠢ᠃

  ᠠᠷᠪᠠᠨ ᠭᠤᠷᠪᠠᠳᠤᠭᠠᠷ ᠵᠦᠢᠯ   ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠬᠡᠷᠡᠭᠴᠡᠭᠡ ᠪᠠᠨ ᠦᠨᠳᠦᠰᠦᠯᠡᠨ᠂ ᠦᠨᠳᠦᠰᠦᠲᠡᠨ ᠤ᠋ ᠳᠤᠮᠳᠠᠳᠤ ᠵᠡᠷᠭᠡ ᠶ᠋ᠢᠨ ᠠᠵᠢᠯ ᠮᠡᠷᠭᠡᠵᠢᠯ ᠦ᠋ᠨ ᠰᠤᠷᠭᠠᠭᠤᠯᠢ ᠶ᠋ᠢ ᠪᠠᠢᠭᠤᠯᠬᠤ ᠪᠤᠶᠤ ᠡᠩ ᠦ᠋ᠨ ᠳᠤᠮᠳᠠᠳᠤ ᠵᠡᠷᠭᠡ ᠶ᠋ᠢᠨ ᠠᠵᠢᠯ ᠮᠡᠷᠭᠡᠵᠢᠯ ᠦ᠋ᠨ ᠰᠤᠷᠭᠠᠭᠤᠯᠢ ᠳ᠋ᠤ᠌ ᠦᠨᠳᠦᠰᠦᠲᠡᠨ ᠤ᠋ ᠦᠭᠡ ᠬᠡᠯᠡ ᠦᠰᠦᠭ ᠪᠢᠴᠢᠭ ᠢ᠋ᠶ᠋ᠡᠷ ᠵᠢᠭᠠᠨ ᠰᠤᠷᠭᠠᠬᠤ ᠠᠩᠭᠢ ᠶ᠋ᠢ ᠲᠤᠰᠠᠭᠠᠷ ᠨᠢ ᠪᠠᠢᠭᠤᠯᠬᠤ ᠬᠡᠷᠡᠭᠲᠡᠢ᠃

  ᠠᠷᠪᠠᠨ ᠳᠥᠷᠪᠡᠳᠦᠭᠡᠷ ᠵᠦᠢᠯ   ᠳᠡᠭᠡᠲᠤ ᠵᠡᠷᠭᠡ ᠶ᠋ᠢᠨ ᠰᠤᠷᠭᠠᠭᠤᠯᠢ ᠨᠢ ᠦᠨᠳᠦᠰᠦᠲᠡᠨ ᠤ᠋ ᠦᠭᠡ ᠬᠡᠯᠡ ᠪᠡᠷ ᠬᠢᠴᠢᠶᠡᠯᠯᠡᠬᠦ ᠪᠡᠷ ᠭᠣᠣᠯᠯᠠᠭᠰᠠᠨ ᠳᠡᠭᠡᠲᠤ ᠰᠤᠷᠭᠠᠭᠤᠯᠢ᠂ ᠰᠠᠯᠪᠦᠷᠢ᠂ ᠲᠤᠰᠭᠠᠢ ᠮᠡᠷᠭᠡᠵᠢᠯ ᠪᠤᠶᠤ ᠦᠨᠳᠦᠰᠦᠲᠡᠨ ᠤ᠋ ᠠᠩᠭᠢ᠂ ᠦᠨᠳᠦᠰᠦᠲᠡᠨ ᠤ᠋ ᠪᠡᠯᠡᠳᠭᠡᠯ ᠠᠩᠭᠢ ᠶ᠋ᠢ ᠪᠠᠢᠭᠤᠯᠬᠤ ᠬᠡᠷᠡᠭᠲᠡᠢ᠃

  ᠠᠷᠪᠠᠨ ᠲᠠᠪᠤᠳᠤᠭᠠᠷ ᠵᠦᠢᠯ   ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠨᠢ ᠴᠦ᠋ᠬᠡᠨ ᠲᠣᠭᠠᠲᠤ ᠦᠨᠳᠦᠰᠦᠲᠡᠨ ᠤ᠋ ᠡᠷᠡᠭᠦᠯ ᠪᠤᠰᠤ ᠬᠡᠤᠬᠡᠳ ᠪᠠᠭᠠᠴᠤᠳ ᠤ᠋ᠨ ᠰᠤᠷᠭᠠᠨ ᠬᠥᠮᠦᠵᠢᠯ ᠬᠦᠷᠲᠡᠬᠦ ᠡᠷᠬᠡ ᠶ᠋ᠢ ᠪᠠᠲᠤᠯᠠᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ   ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶ᠋ᠢ ᠪᠠᠢᠭᠤᠯᠬᠤ᠂ ᠬᠤᠪᠢᠷᠠᠭᠠᠬᠤ ᠪᠠ ᠡᠷᠬᠢᠯᠡᠬᠦ ᠪᠠᠨ  ᠪᠤᠯᠢᠬᠤ ᠳ᠋ᠤ᠌᠂ ᠬᠣᠰᠢᠭᠤ ᠰᠢᠶᠠᠨ ᠤ᠋ ᠱᠠᠲᠤᠨ ᠠ᠋ᠴᠠ ᠳᠡᠭᠡᠭᠰᠢᠬᠢ ᠠᠷᠠᠳ ᠤ᠋ᠨ ᠵᠠᠰᠠᠭ ᠤ᠋ᠨ ᠣᠷᠳᠤᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠢ᠋ᠶ᠋ᠡᠷ ᠬᠢᠨᠠᠨ ᠵᠥᠪᠰᠢᠶᠡᠷᠡᠭᠦᠯᠦᠭᠰᠡᠨ ᠤ᠋ ᠳᠠᠷᠠᠭ᠎ᠠ ᠳᠡᠭᠡᠷ᠎ᠡ ᠨᠢᠭᠡ ᠱᠠᠲᠤᠨ ᠤ᠋ ᠰᠤᠷᠭᠠᠨ ᠬᠥᠮᠦᠵᠢᠯ ᠦ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠲᠤ᠌ ᠳᠠᠩᠰᠠᠯᠠᠭᠤᠯᠬᠤ ᠬᠡᠷᠡᠭᠲᠡᠢ᠃

  ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠤ᠋ᠨ ᠨᠡᠷᠡᠢᠳᠤᠯ ᠨᠢ ᠭᠠᠵᠠᠷ ᠣᠷᠤᠨ ᠤ᠋ ᠨᠡᠷ᠎ᠡ᠂ ᠦᠨᠳᠦᠰᠦᠲᠡᠨ ᠤ᠋ ᠨᠡᠷᠡᠢᠳᠤᠯ ᠪᠠ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ ᠵᠡᠷᠭᠡ ᠳᠠᠷᠠᠭᠠᠯᠠᠯ ᠢ᠋ᠶ᠋ᠠᠷ ᠪᠦᠷᠢᠯᠳᠦᠨ᠎ᠡ᠃

  ᠠᠷᠪᠠᠨ ᠳᠣᠯᠤᠳᠤᠭᠠᠷ ᠵᠦᠢᠯ   ᠦᠨᠳᠦᠰᠦᠲᠡᠨ ᠤ᠋ ᠬᠡᠤᠬᠡᠳ ᠦ᠋ᠨ ᠴᠡᠴᠡᠷᠯᠢᠭ ᠦ᠋ᠨ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ ᠶ᠋ᠢᠨ ᠵᠠᠬᠢᠷᠤᠯ ᠢ᠋ ᠤᠯᠤᠰ ᠪᠠ ᠥᠪᠡᠷᠲᠡᠭᠡᠨ ᠵᠠᠰᠠᠬᠤ ᠣᠷᠤᠨ ᠤ᠋ ᠲᠣᠭᠲᠠᠭᠠᠭᠰᠠᠨ ᠲᠤᠰᠢᠶᠠᠯ ᠡᠭᠦᠷᠭᠡᠯᠡᠬᠦ ᠨᠥᠬᠦᠴᠡᠯ ᠢ᠋ ᠪᠦᠷᠢᠯᠳᠦᠭᠦᠯᠦᠭᠰᠡᠨ᠂ ᠠᠵᠢᠯ ᠤ᠋ᠨ ᠪᠠᠢᠷᠢ ᠶ᠋ᠢᠨ ᠱᠠᠭᠠᠷᠳᠠᠯᠭ᠎ᠠ ᠳ᠋ᠤ᠌ ᠨᠡᠢᠴᠡᠭᠰᠡᠨ ᠵᠣᠬᠢᠴᠠᠩᠭᠤᠢ ᠴᠦ᠋ᠬᠡᠨ ᠲᠣᠭᠠᠲᠤ ᠦᠨᠳᠦᠰᠦᠲᠡᠨ ᠤ᠋ ᠡᠷᠬᠡᠲᠤ ᠠᠷᠠᠳ ᠢ᠋ᠶ᠋ᠠᠷ ᠡᠭᠦᠷᠭᠡᠯᠡᠭᠦᠯᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ
蒙ICP 备0500604